ᠯᠢᠦ ᠮᠢᠩ ᠵᠦ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ  ᠲᠠᠬᠢᠨ ᠬᠢᠨᠠᠵᠤ ᠰᠢᠯᠭᠠᠨ ᠦᠭᠡᠷᠡᠴᠢᠯᠡᠨ ᠵᠠᠰᠠᠬᠤ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2018/4/23
    4  ᠰᠠᠷ᠎ᠠ ᠶᠢ 9 ᠎ ᠤ ᠡᠳᠦᠷ᠂  ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠯᠢᠦ ᠮᠢᠩ ᠵᠦ  ᠲᠤᠭᠤᠷᠢᠭ ᠤᠨ ᠨᠠᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠠᠯᠪᠠᠨ ᠭᠡᠷ᠂   ᠲᠤᠭᠤᠷᠢᠭ ᠤᠨ ᠵᠠᠰᠠᠭ ᠤᠨ ᠤᠷᠳᠤᠨ ᠤ ᠱᠠᠭᠠᠷᠳᠠᠨ ᠪᠠᠶᠢᠴᠠᠭᠠᠬᠤ ᠠᠯᠪᠠᠨ ᠭᠡᠷ᠂  ᠲᠤᠭᠤᠷᠢᠭ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠤᠪᠴᠢᠶ᠎ᠠ᠂  ᠤᠷᠤᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂  ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂  ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂  ᠠᠷᠠᠯᠵᠢᠶᠠᠨ ᠤ ᠶᠠᠪᠤᠳᠠᠯ ᠶᠢᠨ  ᠲᠤᠪᠴᠢᠶ᠎ᠠ  ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢ ᠳᠠᠭᠠᠭᠤᠯᠵᠤ᠂  ᠤᠷᠢᠳ ᠬᠤᠵᠢᠳ ᠬᠠᠷᠢᠶᠠᠨ ᠳᠠᠬᠢ ᠵᠢᠵᠢᠭ ᠪᠠᠭᠤᠳᠠᠯ᠂  ᠬᠤᠩ ᠱᠠᠨ ᠵᠠᠮ  ᠤᠨ ᠢᠳᠡᠭᠡᠨ ᠤ ᠨᠡᠭᠦᠳᠡᠯ ᠬᠤᠳᠠᠯᠳᠤᠭᠠᠴᠢᠨ᠂  ᠭᠠᠯᠲᠤ ᠲᠡᠷᠭᠡᠨ ᠤ ᠥᠷᠲᠡᠭᠡ ᠶᠢᠨ ᠵᠤᠷᠯᠤᠩ᠂  ᠫᠢᠩᠵᠤᠸᠠᠩ ᠤᠨ ᠲᠤᠳᠤᠭᠠᠳᠤ  ᠲᠤᠭᠤᠷᠢᠯᠲᠠ ᠶᠢᠨ ᠡᠮᠦᠨ᠎ᠡ ᠵᠠᠮ ᠤᠨ  ᠬᠠᠭᠤᠴᠢᠨ ᠪᠠᠷᠠᠭ᠎ᠠ ᠬᠤᠳᠠᠯᠳᠤᠨ ᠠᠪᠬᠤ ᠭᠠᠵᠠᠷ ᠪᠠ ᠰᠢᠨ ᠹᠠ ᠳ᠋ᠢ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ  ᠵᠢᠴᠢ ᠶᠢᠨ ᠰᠧ ᠭᠦ᠋ ᠬᠤᠳᠠᠯᠳᠤᠭ᠎ᠠ ᠶᠢᠨ   ᠪᠠᠷᠠᠭ᠎ᠠ ᠤᠪᠤᠭᠠᠯᠠᠨ ᠲᠠᠯᠪᠢᠬᠤ᠂  ᠬᠠᠶᠠᠭᠳᠠᠮᠠᠯ ᠪᠤᠳᠠᠰ ᠢ ᠴᠡᠪᠡᠷᠯᠡᠬᠦ ᠵᠡᠷᠭᠡ ᠠᠰᠠᠭᠤᠳᠠᠯ ᠳᠤ ᠱᠠᠭᠠᠷᠳᠠᠨ  ᠪᠠᠶᠢᠴᠠᠭᠠᠯᠲᠠ ᠬᠢᠪᠡ᠃      ᠡᠳᠡᠭᠡᠷ ᠭᠠᠵᠠᠷ ᠤᠷᠤᠨ ᠳᠤ ᠴᠦᠮ ᠠᠳᠠᠯᠢ ᠪᠤᠰᠤ ᠶᠢᠨ ᠡᠷᠡᠭᠦᠯ ᠬᠠᠮᠠᠭᠠᠯᠠᠯ ᠪᠠ ᠡᠮᠬᠢ ᠵᠢᠷᠦᠮ ᠤᠨ ᠲᠤᠬᠠᠢ ᠠᠰᠠᠭᠤᠳᠠᠯ ᠤᠷᠤᠰᠢᠵᠤ  ᠪᠤᠢ᠃  ᠯᠢᠦ ᠮᠢᠩ ᠵᠦ ᠱᠠᠭᠠᠷᠳᠠᠬᠤ ᠳᠠᠭᠠᠨ᠂  ᠡᠯ᠎ᠡ ᠬᠠᠮᠢᠶ᠎ᠠ ᠪᠦᠬᠦᠢ ᠨᠢᠭᠡᠴᠡ ᠨᠢ ᠶᠡᠷᠦᠩᠬᠡᠶᠢᠯᠡᠨ ᠲᠤᠬᠢᠷᠠᠯᠴᠠᠭᠤᠯᠬᠤ ᠬᠦᠴᠦᠯᠡᠴᠡ ᠪᠠᠨ ᠴᠢᠩᠭᠠᠳᠬᠠᠵᠤ᠂ ᠢᠯᠡᠷᠡᠭᠰᠡᠨ  ᠠᠰᠠᠭᠤᠳᠠᠯ ᠢ ᠲᠦᠪᠯᠡᠷᠡᠭᠦᠯᠦᠨ ᠵᠠᠰᠠᠵᠤ᠂ ᠤᠷᠤ ᠲᠤᠤᠷ᠎ᠠ ᠨᠢ ᠰᠢᠢᠳᠪᠦᠷᠢᠯᠡᠵᠦ᠂  ᠮᠠᠨ ᠤ ᠲᠤᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠬᠢᠨᠠᠯᠲᠠ ᠶᠢ ᠢᠯᠭᠤᠮ ᠦᠩᠭᠡᠷᠡᠭᠦᠯᠬᠦ ᠶᠢ ᠪᠠᠲᠤᠯᠠᠬᠤ ᠬᠡᠷᠡᠭᠲᠡᠢ᠃   ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠨᠡᠮᠡᠭᠳᠡᠭᠦᠯᠦᠨ᠂ ᠤᠷᠳᠤᠮᠵᠢ ᠶᠢᠨ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂  ᠠᠷᠠᠳ ᠤᠯᠠᠨ ᠤ ᠰᠠᠶᠢᠨ ᠰᠠᠶᠢᠬᠠᠨ ᠵᠠᠩ  ᠳᠠᠳᠬᠠᠯ ᠢ  ᠪᠤᠢ ᠪᠤᠯᠭᠠᠨ᠂  ᠬᠤᠳᠠ ᠶᠢᠨ ᠡᠷᠡᠭᠦᠯ ᠬᠠᠮᠠᠭᠠᠯᠠᠯ ᠢ ᠰᠠᠶᠢᠨ ᠳᠤᠷ᠎ᠠ ᠠᠴᠠ ᠪᠠᠨ ᠬᠠᠮᠠᠭᠠᠯᠠᠬᠤ ᠶᠢ  ︽ ᠰᠢᠨ᠎ᠡ ᠬᠡᠪ ᠤᠨ ᠪᠠᠶᠢᠳᠠᠯ︾  ᠎ ᠲᠠᠢ ᠪᠤᠢ ᠪᠤᠯᠭᠠᠬᠤ ᠬᠡᠷᠡᠭᠳᠡᠢ ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1