| 4 ᠰᠠᠷ᠎ᠠ ᠶᠢᠨ 11 ᠤ ᠡᠳᠦᠷ᠂ ᠬᠤᠳᠠ ᠶᠢᠨ ︽ ᠭᠤᠷᠪᠠᠨ ᠶᠠᠪᠤᠳᠠᠯ︾ ᠢ ᠢᠯᠡ ᠪᠤᠯᠭᠠᠬᠤ ᠲᠤᠭᠤᠷᠢᠨ | ᠲᠠᠶᠢᠯᠪᠤᠷᠢᠯᠠᠬᠤ ᠪᠦᠯᠬᠦᠮ ᠮᠠᠨ ᠤ ᠲᠤᠭᠤᠷᠢᠭ ᠲᠤ ᠢᠷᠡᠵᠦ ᠤᠬᠠᠭᠤᠯᠤᠨ ᠲᠠᠶᠢᠯᠪᠤᠷᠢᠯᠠᠪᠠ᠃ ᠲᠤᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠺᠠᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ | ᠡᠷᠬᠢᠯᠡᠪᠡ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠂ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ | ᠮᠦᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ︵ ᠠᠵᠢᠯᠯᠠᠬᠤ︶ ᠤ ᠱᠦᠵᠢ᠂ ᠲᠤᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ | ᠲᠤᠭᠤᠶᠢᠯᠠᠩ ᠤᠨ ᠳᠠᠷᠤᠭ᠎ᠠ᠂ ᠡᠯ᠎ᠡ ᠲᠤᠰᠬᠤᠨ᠂ ᠨᠡᠶᠢᠭᠡᠮ ᠲᠤᠭᠤᠷᠢᠭ ᠤᠨ ᠱᠦᠵᠢ ᠪᠠ ᠡᠷᠬᠢᠯᠡᠭᠴᠢ ᠬᠤᠷᠠᠯ ᠳᠤ | ᠤᠷᠤᠯᠴᠠᠪᠠ᠃ | | | | | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠲᠤᠭᠤᠷᠢᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠬᠠᠷᠠᠴᠢᠨ | ᠬᠤᠰᠢᠭᠤᠨ ᠤ ᠵᠢᠨᠱᠠᠨ ᠪᠠᠯᠭᠠᠰᠤ ᠶᠢᠨ ᠲᠠᠷᠤᠭ᠎ᠠ ᠮᠧᠩ ᠰᠢᠶᠠᠨ ᠫᠧᠩ᠂ ᠤᠩᠨᠢᠭᠤᠳ ᠬᠤᠰᠢᠭᠤᠨ ᠤ ᠴᠢᠶᠤᠲᠸᠦ | ᠪᠠᠯᠭᠠᠰᠤ ᠶᠢᠨ ᠲᠠᠶᠢᠫᠢᠩᠵᠤᠸᠠᠩ ᠲᠤᠰᠬᠤᠨ ᠤ ᠨᠠᠮ ᠤᠨ ᠡᠭᠦᠷ ᠤᠨ ᠱᠦᠵᠢ ᠵᠦ ᠶᠦᠨ ᠱᠧᠩ᠂ ᠠᠤᠬᠠᠨ | ᠬᠤᠰᠢᠭᠤᠨ ᠤ ᠰᠢᠨ ᠾᠦᠢ ᠪᠠᠯᠭᠠᠰᠤ ᠶᠢᠨ ᠰᠢᠨ ᠳ᠋ᠢ ᠲᠤᠰᠬᠤᠨ ᠤ ᠨᠠᠮ ᠤᠨ ᠡᠭᠦᠷ ᠤᠨ ᠱᠦᠵᠢ ᠶᠤᠸᠠᠢ ᠭᠦᠸᠧ | ᠢᠤᠢ ᠲᠤᠰ ᠲᠤᠰ ︽ ᠭᠤᠷᠪᠠᠨ ᠶᠠᠪᠤᠳᠠᠯ︾ ᠢ ᠢᠯᠡ ᠪᠤᠯᠭᠠᠭᠰᠠᠨ ᠲᠤᠬᠠᠢ ᠪᠤᠳᠠᠲᠠᠢ ᠬᠢᠭᠰᠡᠨ ᠪᠠᠶᠢᠳᠠᠯ ᠢᠶᠠᠨ | ᠲᠠᠨᠢᠯᠴᠠᠭᠤᠯᠪᠠ᠃ | | | | | ᠯᠢ ᠺᠠᠢ ᠳ᠋ᠦᠩᠨᠡᠯᠲᠡ ᠶᠢᠨ ᠶᠠᠷᠢᠶ᠎ᠠ ᠲᠠᠯᠪᠢᠵᠤ ᠴᠢᠬᠤᠯᠠᠴᠢᠯᠠᠬᠤ ᠳᠠᠭᠠᠨ᠂ ᠡᠯ᠎ᠡ ᠪᠠᠯᠭᠠᠰᠤ ᠰᠢᠶᠠᠩ ᠵᠡᠭᠡᠯᠢ | ᠭᠤᠳᠤᠮᠵᠢ ᠂ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ ᠲᠤᠭᠤᠶᠢᠯᠠᠩ | ︶ ᠨᠢ ︽ ᠭᠤᠷᠪᠠᠨ ᠶᠠᠪᠤᠳᠠᠯ︾ ᠢ ᠢᠯᠡ ᠪᠤᠯᠭᠠᠬᠤ ᠠᠵᠢᠯ ᠤᠨ ᠴᠢᠬᠤᠯᠠ ᠴᠢᠨᠠᠷ᠂ ᠲᠤᠯᠭᠠᠮ ᠴᠢᠨᠠᠷ ᠪᠠ ᠵᠠᠶᠢᠯᠠᠰᠢ | ᠦᠭᠡᠢ ᠴᠢᠨᠠᠷ ᠢ ᠭᠦᠢᠴᠡᠳ ᠲᠠᠨᠢᠵᠤ᠂ ᠨᠠᠷᠢᠨ ᠬᠢᠨᠠᠮᠠᠭᠠᠢ ᠪᠤᠳᠠᠳᠤ ᠦᠷ᠎ᠡ ᠠᠰᠢᠭ ᠲᠠᠢ ᠪᠠᠷ ᠠᠵᠢᠯ ᠢᠶᠠᠨ | ᠦᠷᠨᠢᠭᠦᠯᠵᠦ᠂ ᠨᠠᠮ ᠤᠨ ᠬᠤᠷᠢᠶ᠎ᠠ ᠶᠢᠨ ᠨᠢᠭᠡᠲᠦᠯᠲᠡᠢ ᠤᠳᠤᠷᠢᠳᠤᠯᠭ᠎ᠠ᠂ ᠨᠠᠮ ᠵᠠᠰᠠᠭ ᠬᠠᠮᠲᠤᠪᠡᠷ ᠬᠠᠷᠢᠭᠤᠴᠠᠵᠤ᠂ | ᠰᠠᠯᠠᠭ᠎ᠠ ᠮᠦᠴᠢᠷ ᠨᠢ ᠬᠠᠮᠲᠤᠷᠠᠯᠴᠠᠨ ᠬᠠᠮᠢᠶᠠᠷᠬᠤ ᠠᠵᠢᠯ ᠤᠨ ᠲᠤᠭᠲᠠᠯᠴᠠᠭ᠎ᠠ ᠶᠢ ᠪᠤᠢ ᠪᠤᠯᠭᠠᠨ᠂ ︽ | ᠨᠢᠭᠡᠳᠦᠭᠡᠷ ᠭᠠᠷ︾ ᠨᠢ ︽ ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠵᠦ᠂ ᠪᠠᠶᠡᠳᠡᠨ ᠪᠠᠶᠢᠷᠢᠯᠠᠭᠤᠯᠵᠤ ᠪᠡᠶᠡᠳᠡᠨ ᠬᠠᠷᠢᠭᠤᠴᠠᠬᠤ ᠬᠡᠷᠡᠭᠲᠡᠢ᠃ ᠶᠠᠳᠠᠭᠤ ᠶᠢ ᠲᠡᠳᠬᠦᠬᠦ | ᠲᠦᠷᠥ ᠶᠢᠨ ᠪᠣᠳᠤᠯᠭ᠎ᠠ ᠶᠢᠨ ᠨᠠᠶᠢᠳᠠᠪᠤᠷᠢᠵᠢᠯᠲᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ | ᠮᠦᠩᠭᠦ ᠲᠠᠷᠬᠠᠭᠠᠬᠤ ᠵᠡᠷᠭᠡ ᠬᠡᠷᠡᠭ ᠶᠠᠪᠤᠳᠠᠯ ᠢ ᠲᠥᠪᠯᠡᠷᠡᠭᠦᠯᠦᠨ ᠨᠡᠶᠢᠲᠡᠯᠡᠵᠦ᠂ ᠤᠯᠠᠨ ᠲᠥᠮᠡᠨ ᠤ ᠤᠶᠢᠯᠠᠭᠠᠬᠤ | ᠡᠷᠬᠡ᠂ ᠤᠷᠤᠯᠴᠠᠬᠤ ᠡᠷᠬᠡ ᠪᠠ ᠬᠢᠨᠠᠬᠤ ᠡᠷᠬᠡ ᠶᠢ ᠪᠠᠲᠤᠯᠠᠬᠤ ᠬᠡᠷᠡᠭᠲᠡᠢ᠃ ᠲᠤᠭᠤᠷᠢᠭ ᠤᠨ ᠰᠢᠭᠤᠳ ᠬᠠᠷᠢᠶ᠎ᠠ | ᠡᠯ᠎ᠡ ᠪᠠᠶᠢᠭᠤᠯᠭ᠎ᠠ᠂ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠲᠤᠭᠲᠠᠭᠠᠯ ᠶᠤᠰᠤᠭᠠᠷ᠂ ᠭᠤᠣᠯᠳᠠᠭ᠎ᠠ ᠲᠠᠢ | ᠠᠵᠢᠯ ᠤᠨ ᠲᠤᠭᠤᠷᠢᠨ ᠳᠤ ᠡᠷᠬᠡ ᠶᠢ ᠲᠤᠳᠤᠷᠬᠠᠢ ᠪᠠᠶᠢᠯᠭᠠᠵᠤ᠂ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠤᠯᠠᠨ | ᠲᠦᠮᠡᠨ ᠳᠤ ᠦᠢᠯᠡᠴᠢᠯᠡᠬᠦ ᠡᠭᠦᠲᠡᠨ ᠠᠴᠠ ᠢᠯᠡ ᠪᠤᠯᠭᠠᠬᠤ ᠬᠡᠷᠡᠭᠲᠡᠢ᠃ ᠲᠤᠰᠬᠤᠨ ᠪᠠ ᠨᠡᠶᠢᠭᠡᠮ ᠲᠤᠭᠤᠷᠢᠭ ᠨᠢ | ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠵᠢᠷᠦᠮᠯᠡᠨ᠂ ᠲᠤᠰᠬᠤᠨ ᠳᠡᠰ ᠤᠨ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ᠂ ᠪᠡᠯᠡ ᠴᠤᠭᠯᠠᠭᠤᠯᠬᠤ ᠪᠠ ᠬᠦᠳᠡᠯᠮᠦᠷᠢ ᠬᠦᠴᠦᠨ ᠢ ᠴᠤᠭᠯᠠᠭᠤᠯᠬᠤ᠂ ᠬᠠᠮᠲᠤ ᠨᠡᠶᠢᠲᠡ ᠶᠢᠨ ᠭᠤᠷᠪᠠᠨ | ᠪᠡᠯᠡ ᠶᠢᠨ ᠬᠠᠮᠢᠶᠠᠷᠤᠯᠲᠠ᠂ ᠲᠦᠯᠦᠪᠯᠡᠭᠡᠲᠦ ᠦᠷᠡᠵᠢᠯ᠂ ᠲᠤᠤᠷ᠎ᠠ ᠪᠠᠲᠤᠯᠠᠭᠠᠲᠤ ᠡᠷᠦᠭᠡ ᠶᠢ ᠲᠡᠳᠬᠦᠬᠦ ᠪᠤᠯᠤᠨ | ᠪᠤᠰᠤᠳ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠴᠠᠭ ᠲᠤᠬᠠᠢ ᠳᠤ ᠨᠢ ᠢᠯᠡ | ᠪᠤᠯᠭᠠᠬᠤ ᠬᠡᠷᠡᠭᠲᠡᠢ᠃ ︽ ᠨᠢᠭᠡ ᠶᠠᠪᠤᠳᠠᠯ ᠢ ᠨᠢᠭᠡ ᠵᠥᠪᠯᠡᠬᠦ︾ ᠡᠳ᠋ ᠤᠨ ᠵᠠᠰᠠᠭ ᠤᠨ ᠨᠦᠬᠦᠪᠦᠷᠢ ᠶᠢᠨ | ᠲᠦᠷᠥᠯ ᠵᠦᠢᠯ ᠢ ᠢᠯᠡ ᠪᠤᠯᠭᠠᠵᠤ᠂ ᠨᠠᠮ ᠤᠨ ᠶᠠᠪᠤᠳᠠᠯ᠂ ᠲᠤᠰᠬᠤᠨ ᠤ ᠶᠠᠪᠤᠳᠠᠯ᠂ ᠡᠳ᠋ ᠤᠨ ᠶᠠᠪᠤᠳᠠᠯ ᠢ ᠢᠯᠡ | ᠲᠤᠳᠤᠷᠬᠠᠢ ᠪᠠᠶᠢᠯᠭᠠᠬᠤ ᠬᠡᠷᠡᠭᠲᠡᠢ ᠭᠡᠵᠡᠢ᠃ | | | | | ᠲᠡᠷᠡ ᠴᠢᠬᠤᠯᠠᠴᠢᠯᠠᠬᠤ ᠳᠠᠭᠠᠨ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠤᠨ ᠰᠠᠬᠢᠯᠭ᠎ᠠ ᠪᠠᠲᠤ | ᠪᠠᠶᠢᠴᠠᠭᠠᠬᠤ ︵ ᠠᠵᠢᠯᠯᠠᠬᠤ︶ ᠬᠤᠷᠢᠶ᠎ᠠ ᠂ ᠲᠤᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠲᠤᠭᠤᠶᠢᠯᠠᠩ | ᠨᠢ ᠬᠥᠳᠡᠯᠦᠩᠭᠦᠢ ᠪᠠᠷ ᠬᠢᠨᠠᠨ ᠱᠠᠭᠠᠷᠲᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠺᠠᠳ᠋ᠷ ᠤᠨ ᠡᠩᠨᠡᠭᠡ᠂ | ᠪᠠᠶᠢᠭᠤᠯᠤᠮᠵᠢ ᠶᠢᠨ ᠲᠤᠬᠢᠷᠠᠭᠤᠯᠤᠯᠲᠠ᠂ ᠡᠭᠦᠷᠭᠡ ᠲᠤᠰᠢᠶᠠᠯ᠂ ︽ ᠭᠤᠷᠪᠠᠨ ᠴᠢᠬᠤᠯᠠ ᠨᠢᠭᠡ ᠶᠡᠭᠡ︾ ᠬᠡᠷᠡᠭ | ᠶᠠᠪᠤᠳᠠᠯ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠂ ᠨᠡᠬᠡᠮᠵᠢᠯᠡᠨ ᠱᠠᠭᠠᠷᠲᠠᠬᠤ ᠪᠠ ᠪᠠᠶᠢᠴᠠᠭᠠᠨ ᠵᠢᠯᠤᠭᠤᠳᠬᠤ | ᠬᠦᠴᠦᠯᠡᠴᠡ ᠪᠠᠨ ᠴᠢᠩᠭᠠᠳᠬᠠᠵᠤ᠂ ᠬᠢᠨᠠᠨ ᠱᠠᠭᠠᠷᠳᠠᠬᠤ ᠨᠢᠭᠡᠴᠡ ᠶᠢᠨ ᠠᠵᠢᠯ ᠤᠨ ᠨᠠᠶᠢᠳᠠᠪᠤᠷᠢᠵᠢᠭᠤᠯᠤᠯᠲᠠ᠂ ︽ | ᠬᠤᠶᠠᠷ ᠬᠠᠷᠢᠭᠤᠴᠠᠯᠭ᠎ᠠ︾ ᠶᠢᠨ ᠲᠠᠪᠴᠠᠩ ᠤᠨ ᠪᠠᠶᠢᠭᠤᠯᠤᠯᠲᠠ᠂ ᠳᠦᠷᠢᠮ ᠲᠤᠭᠳᠠᠭᠠᠯ ᠤᠨ ᠬᠡᠷᠡᠭᠵᠢᠭᠦᠯᠦᠯᠲᠡ᠂ | ᠭᠤᠣᠯᠳᠠᠯᠭ᠎ᠠ ᠲᠠᠢ ᠠᠵᠢᠯ ᠤᠨ ᠠᠬᠢᠯᠲᠠ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ | ᠪᠠᠶᠢᠳᠠᠯ ᠵᠡᠷᠭᠡ ᠳᠤ ᠰᠤᠭᠤᠴᠢᠨ ᠪᠠᠶᠢᠴᠠᠭᠠᠯᠲᠠ ᠬᠢᠵᠦ᠂ ᠢᠯᠡ ᠪᠤᠯᠭᠠᠭᠰᠠᠨ ᠦᠭᠡᠢ᠂ ᠰᠤᠩᠭᠤᠯᠲᠠ ᠶᠢᠨ ᠴᠢᠨᠠᠷ | ᠲᠠᠢ ᠢᠯᠡ ᠪᠤᠯᠭᠠᠭᠰᠠᠨ᠂ ᠬᠠᠭᠤᠷᠮᠠᠭ ᠢᠶᠠᠷ ᠢᠯᠡ ᠪᠤᠯᠭᠠᠭᠰᠠᠨ ᠵᠡᠷᠭᠡ ᠠᠵᠢᠯᠯᠠᠭᠠᠨ ᠳᠤ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ ᠭᠡᠵᠡᠢ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠠᠮᠢᠶ᠎ᠠ ᠪᠦᠬᠦᠢ | ᠲᠤᠭᠳᠠᠭᠠᠯ ᠶᠤᠰᠤᠭᠠᠷ ︽ ᠬᠤᠶᠠᠷ ᠬᠠᠷᠢᠭᠤᠴᠠᠯᠭ᠎ᠠ︾ ᠪᠠ ︽ ᠭᠤᠷᠪᠠᠨ ᠶᠠᠪᠤᠳᠠᠯ︾ ᠢ ᠢᠯᠡ ᠪᠤᠯᠭᠠᠬᠤ | ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠵᠢᠯᠤᠭᠤᠳᠴᠦ᠂ ᠶᠠᠳᠠᠭᠤ ᠶᠢ ᠲᠡᠳᠬᠦᠬᠦ ᠬᠦᠷᠢᠶ᠎ᠡ | ᠬᠡᠪᠴᠢᠶ᠎ᠡ ᠶᠢᠨ ᠲᠤᠳᠤᠷᠠᠬᠢ ᠢᠯᠵᠠᠷᠠᠯ᠂ ᠰᠤᠷᠲᠠᠯ ᠤᠨ ᠠᠰᠠᠭᠤᠳᠠᠯ ᠢ ᠲᠤᠰᠬᠠᠢ ᠲᠦᠷᠥᠯ ᠢᠶᠠᠷ ᠴᠡᠭᠴᠡᠯᠡᠬᠦ᠂ | ᠬᠡᠯᠪᠡᠷᠢ ᠶᠢᠨ ᠦᠵᠡᠯ ᠪᠠ ᠨᠣᠶᠠᠨᠴᠢ ᠰᠤᠷᠲᠠᠯ ᠤᠨ ︽ ᠠᠷᠪᠠᠨ ᠵᠦᠢᠯ ᠤᠨ ᠢᠯᠡᠷᠡᠯ︾ ᠢ ᠲᠥᠪᠯᠡᠷᠡᠭᠦᠯᠦᠨ | ᠵᠠᠰᠠᠬᠤ ᠲᠠᠢ ᠤᠶᠠᠯᠳᠤᠭᠤᠯᠵᠤ᠂ ︽ ᠭᠤᠷᠪᠠᠨ ᠶᠠᠪᠤᠳᠠᠯ︾ ᠢ ᠢᠯᠡ ᠪᠤᠯᠭᠠᠬᠤ ᠶᠢ ᠦᠷᠭᠦᠯᠵᠢ ᠪᠠᠶᠢᠴᠠᠭᠠᠬᠤ | ᠳᠦᠷᠢᠮ ᠢ ᠪᠠᠶᠢᠭᠤᠯᠤᠨ᠂ ᠲᠦᠯᠬᠢᠨ ᠠᠬᠢᠭᠤᠯᠬᠤ ᠨᠢ ᠰᠤᠯᠠᠮᠠᠭ ᠂ ᠨᠠᠶᠢᠳᠠᠪᠤᠷᠢᠵᠢᠭᠤᠯᠤᠯᠲᠠ ᠬᠦᠴᠦᠨ ᠦᠭᠡᠢ᠂ | ᠠᠬᠢᠴᠠ ᠤᠳᠠᠭᠠᠨ᠂ ᠠᠰᠠᠭᠤᠳᠠᠯ ᠤᠯᠠᠨ ᠵᠡᠷᠭᠡ ᠭᠠᠵᠠᠷ ᠤᠷᠤᠨ ᠪᠠ ᠨᠢᠭᠡᠴᠡ ᠶᠢᠨ ᠬᠠᠷᠢᠭᠤᠴᠠᠯᠭ᠎ᠠ ᠶᠢ ᠴᠢᠩᠭ᠎ᠠ | ᠨᠡᠬᠡᠮᠵᠢᠯᠡᠨ᠂ ︽ ᠭᠤᠷᠪᠠ ᠶᠠᠪᠤᠳᠠᠯ︾ ᠢ ᠢᠯᠡ ᠪᠤᠯᠭᠠᠬᠤ ᠠᠵᠢᠯ ᠢ ᠤᠷᠤᠭᠰᠢᠲᠠᠢ ᠪᠤᠯᠭᠠᠬᠤ ᠶᠢ ᠪᠠᠲᠤᠯᠠᠬᠤ | ᠬᠡᠷᠡᠭᠲᠡᠢ ᠭᠡᠵᠡᠢ᠃ | | | |