ᠸᠠᠩ ᠪᠢᠩ ᠵᠦᠩ ᠪᠦᠯᠬᠦᠮ ᠲᠠᠭᠠᠭᠤᠯᠵᠤ  ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/4/23
   4 ᠰᠠᠷ᠎ᠠ ᠶᠢᠨ10᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠪᠢᠩ ᠵᠦᠩ ᠪᠦᠯᠬᠦᠮ ᠳᠠᠭᠠᠭᠤᠯᠵᠤ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠯᠲᠠ  ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ᠂ ᠨᠢᠭᠡᠲᠦᠮᠡᠯ ᠹᠷᠤᠨᠲ ᠤᠨ  ᠬᠡᠯᠲᠡᠰ ᠤᠨ ᠳᠠᠷᠤᠭ᠎ᠠ ᠯᠦ ᠯᠢᠶᠠᠨ ᠭᠦᠸᠧ᠂  ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠷᠧᠨ ᠵᠢᠶᠠᠨ ᠬᠤᠸᠠ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠭᠤᠣᠯ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠪᠠ᠃
   ᠸᠠᠩ ᠪᠢᠩ ᠵᠦᠩ ᠤᠷᠢᠳ ᠬᠤᠵᠢᠳ ᠦᠪᠤᠷ ᠮᠤᠩᠭᠤᠯ ᠤᠨ ᠶᠢᠨ ᠵᠢᠩ  ᠫᠢᠵᠢᠤ ᠠᠷᠢᠬᠢ ᠶᠢᠨ  ᠪᠣᠷᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ ᠶᠢᠨ ᠵᠢᠩ  ᠫᠢᠵᠢᠤ  ︵ ᠪᠤᠤ ᠱᠠᠨ︶ ᠬᠢᠵᠠᠭᠠᠷᠲᠤ  ᠬᠠᠷᠢᠭᠤᠴᠠᠯᠭᠠᠲᠤ ᠺᠤᠮᠫᠠᠨᠢ᠂ ᠤᠯᠠᠭᠠᠨᠬᠠᠳᠠ ᠶᠢᠨ ᠢᠯᠢ ᠰᠦ ᠶᠢᠨ ᠦᠢᠯᠡᠰ ᠤᠨ ᠬᠢᠵᠠᠭᠠᠷᠲᠤ  ᠬᠠᠷᠢᠭᠤᠴᠠᠯᠭᠠᠲᠤ ᠺᠤᠮᠫᠠᠨᠢ᠂  ᠦᠪᠦᠷ ᠮᠤᠩᠭᠤᠯ ᠤᠨ  ᠮᠠᠯᠵᠢᠯ ᠤᠨ ᠶᠡᠭᠡ ᠲᠠᠯᠠᠪᠠᠢ  ︵ ᠪᠦᠯᠦᠭᠯᠡᠯ︶ ᠬᠢᠵᠠᠭᠠᠷᠲᠤ  ᠬᠠᠷᠢᠭᠤᠴᠠᠯᠭᠠᠲᠤ ᠺᠤᠮᠫᠠᠨᠢ  ᠵᠡᠷᠭᠡ  ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ  ᠲᠤ ᠭᠦᠨᠵᠡᠭᠡᠶᠢᠷᠡᠨ᠂  ᠭᠤᠣᠯᠳᠠᠯᠭ᠎ᠠ ᠲᠠᠢ ᠪᠠᠷ ᠠᠵᠤ ᠠᠬᠤᠶᠢᠯᠠᠯ ᠤᠨ ᠣᠨᠴᠠᠭᠠᠢ  ᠲᠦᠷᠥᠯ ᠤᠨ ᠲᠦᠬᠦᠭᠡᠷᠡᠮᠵᠢ᠂  ᠠᠶᠤᠮᠰᠢᠭᠲᠤ ᠬᠢᠮᠢ ᠶᠢᠨ ᠪᠤᠳᠠᠰ ᠢ ᠬᠠᠳᠠᠭᠠᠯᠠᠬᠤ ᠬᠠᠮᠢᠶᠠᠷᠤᠯᠲᠠ ᠵᠡᠷᠭᠡ ᠶᠢ ᠪᠠᠶᠢᠴᠠᠭᠠᠨ ᠦᠵᠡᠵᠦ᠂  ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠠᠶᠢᠬᠤ ᠪᠠᠶᠢᠳᠠᠯ᠂  ᠪᠠᠴᠢᠮ ᠢ ᠠᠷᠭᠠᠴᠠᠭᠠᠬᠤ ᠲᠥᠰᠦᠪ᠂  ᠬᠦᠮᠦᠨ ᠤ ᠲᠤᠬᠢᠷᠠᠭᠤᠯᠤᠯᠲᠠ ᠵᠡᠷᠭᠡ ᠪᠠᠶᠢᠳᠠᠯ ᠢ ᠨᠠᠷᠢᠯᠢᠭ ᠣᠶᠢᠯᠠᠭᠠᠨ᠂  ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠤᠨ ᠲᠠᠨᠢᠯᠲᠠ ᠶᠢ  ᠴᠢᠩᠭ᠎ᠠ ᠪᠤᠢ ᠪᠤᠯᠭᠠᠵᠤ᠂ ᠴᠠᠭ ᠦᠷᠭᠦᠯᠵᠢ ᠠᠶᠤᠯᠭᠦᠢ ᠦᠢᠯᠡᠳᠪᠦᠷᠢᠯᠡᠯ ᠶᠢᠨ ᠡᠨᠡ ᠬᠦ ᠰᠢᠵᠢᠮ ᠢ ᠴᠢᠩᠭᠠᠷᠠᠭᠤᠯᠤᠨ᠂  ᠬᠦᠨᠲᠦ ᠶᠡᠭᠡ ᠬᠡᠷᠡᠭ ᠶᠠᠪᠤᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃ ᠲᠡᠷᠡ ᠴᠢᠬᠤᠯᠠᠴᠢᠯᠠᠬᠤ ᠳᠠᠭᠠᠨ᠂  ᠡᠯ᠎ᠡ ᠠᠵᠤ  ᠠᠬᠤᠶᠢᠯᠠᠯ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ  ᠲᠦᠭᠰᠢᠭᠦᠷᠢ ᠶᠢᠨ ᠦᠵᠡᠯᠲᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠶᠢᠨ ᠠᠵᠢᠯ ᠢ ᠴᠢᠬᠤᠯᠠᠴᠢᠯᠠᠨ ᠠᠳᠬᠤᠬᠤ ᠬᠡᠷᠡᠭᠲᠡᠢ᠃  ᠳᠠᠰ ᠳᠡᠰ ᠢᠶᠠᠷ ᠱᠠᠭᠠᠷᠳᠠᠯᠭ᠎ᠠ ᠲᠠᠯᠪᠢᠵᠦ᠂ ᠠᠶᠤᠯᠭᠦᠢ ᠦᠢᠯᠡᠳᠪᠦᠷᠢᠯᠡᠯ ᠎ ᠤᠨ ᠬᠡᠷᠡᠭ ᠶᠠᠪᠤᠳᠠᠯ ᠠᠴᠠ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠪᠦᠬᠦ ᠬᠦᠴᠦᠨ ᠢᠶᠠᠷ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠥᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃  ᠭᠡᠮ ᠰᠣᠭᠤᠭ ᠢ ᠨᠡᠶᠢᠳᠡᠮ ᠪᠠᠶᠢᠴᠠᠭᠠᠬᠤ ᠬᠦᠴᠦᠯᠡᠴᠡ ᠶᠢᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠶᠢᠨ ᠮᠡᠳᠡᠯᠭᠡ ᠶᠢᠨ ᠤᠬᠠᠭᠤᠯᠭ᠎ᠠ ᠶᠢ ᠰᠠᠶᠢᠨ ᠬᠢᠵᠤ᠂  ᠠᠵᠢᠯᠴᠢᠨ ᠤ ᠳᠦᠷᠢᠮ ᠶᠤᠰᠤᠭᠠᠷ ᠠᠵᠢᠯᠯᠠᠬᠤ ᠪᠠ ᠠᠶᠤᠯᠭᠦᠢ ᠦᠢᠯᠡᠳᠪᠦᠷᠢᠯᠡᠯ ᠤᠨ ᠲᠠᠨᠢᠯᠲᠠ ᠶᠢ ᠳᠡᠭᠡᠭᠰᠢᠯᠡᠭᠦᠯᠦᠨ᠂  ᠦᠢᠯᠡᠳᠪᠦᠷᠢᠯᠡᠯ ᠤᠨ ᠠᠮᠤᠷ ᠲᠥᠪᠰᠢᠨ᠂  ᠢᠳᠡᠭᠡᠨ ᠤ ᠠᠮᠤᠷ ᠲᠥᠪᠰᠢᠨ᠂ ᠬᠦᠮᠦᠨ ᠤ ᠠᠮᠤᠷ ᠲᠥᠪᠰᠢᠨ ᠢ ᠪᠠᠲᠤᠯᠠᠬᠤ ᠬᠡᠷᠡᠭᠲᠡᠢ ᠭᠡᠵᠡᠢ   
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1