ᠮᠠᠨ ᠤ ᠲᠤᠭᠤᠷᠢᠭ ᠨᠢ ᠦᠪᠡᠷᠲᠡᠭᠡᠨ ᠵᠠᠰᠠᠬᠤ  ᠤᠷᠤᠨ ᠤ ᠲᠤᠭᠤᠷᠢᠨ ᠪᠠᠶᠢᠴᠠᠭᠠᠬᠤ  ᠲᠤᠭᠤᠶᠢᠯᠠᠩ ᠎ ᠠᠴᠠ ᠬᠠᠷᠢᠭᠤ ᠳᠤᠰᠬᠠᠭᠰᠠᠨ ᠰᠢ ᠯᠦ ᠲᠢᠶᠠᠨ ᠭᠠᠵᠠᠷ  ᠰᠢᠨᠵᠢᠯᠡᠭᠡ ᠶᠢᠨ ᠤᠷᠴᠢᠨ ᠢ ᠦᠭᠡᠷᠡᠴᠢᠯᠡᠨ ᠵᠠᠰᠠᠬᠤ  ᠲᠤᠬᠠᠢ  ᠲᠤᠰᠬᠠᠢ ᠰᠡᠳᠦᠪᠲᠦ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/23
   4 ᠰᠠᠷ᠎ᠠ ᠶᠢᠨ11᠎ ᠤ ᠡᠳᠦᠷ᠂ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠷᠧᠨ ᠵᠢᠶᠠᠨ ᠬᠤᠸᠠ ᠦᠪᠡᠷᠲᠡᠭᠡᠨ ᠵᠠᠰᠠᠬᠤ  ᠤᠷᠤᠨ ᠤ ᠲᠤᠭᠤᠷᠢᠨ ᠪᠠᠶᠢᠴᠠᠭᠠᠬᠤ  ᠲᠤᠭᠤᠶᠢᠯᠠᠩ ᠎ ᠠᠴᠠ ᠬᠠᠷᠢᠭᠤ ᠳᠤᠰᠬᠠᠭᠰᠠᠨ ᠰᠢ ᠯᠦ ᠲᠢᠶᠠᠨ ᠭᠠᠵᠠᠷ  ᠰᠢᠨᠵᠢᠯᠡᠭᠡ ᠶᠢᠨ ᠤᠷᠴᠢᠨ ᠢ ᠦᠭᠡᠷᠡᠴᠢᠯᠡᠨ ᠵᠠᠰᠠᠬᠤ  ᠲᠤᠬᠠᠢ  ᠲᠤᠰᠬᠠᠢ ᠰᠡᠳᠦᠪᠲᠦ ᠲᠤᠬᠢᠷᠠᠭᠤᠯᠭ᠎ᠠ ᠶᠢᠨ ᠬᠤᠷᠠᠯ  ᠬᠤᠷᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠲᠤᠭᠤᠷᠢᠨ ᠪᠠᠶᠢᠴᠠᠭᠠᠬᠤ ᠦᠭᠡᠷᠡᠴᠢᠯᠡᠨ ᠴᠡᠭᠴᠡᠯᠡᠬᠦ ᠱᠠᠭᠠᠷᠳᠠᠨ ᠪᠠᠶᠢᠴᠠᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂  ᠰᠢ ᠯᠦ ᠲᠢᠶᠠᠨ ᠭᠠᠵᠠᠷ  ᠰᠢᠨᠵᠢᠯᠡᠭᠡ ᠶᠢᠨ ᠤᠷᠴᠢᠨ ᠢ ᠦᠭᠡᠷᠡᠴᠢᠯᠡᠨ ᠵᠠᠰᠠᠬᠤ  ᠠᠵᠢᠯ ᠤᠨ ᠲᠤᠬᠠᠢ ᠲᠤᠬᠢᠷᠠᠭᠤᠯᠤᠯᠲᠠ ᠬᠢᠪᠡ᠃  ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠤᠯᠤᠰ ᠤᠨ ᠭᠠᠵᠠᠷ ᠰᠢᠷᠤᠢ ᠶᠢᠨ ᠬᠤᠪᠢᠶᠠᠷᠢ ᠲᠤᠪᠴᠢᠶ᠎ᠠ᠂ ᠰᠢ ᠯᠦ ᠲᠢᠶᠠᠨ ᠵᠡᠭᠡᠯᠢ ᠭᠤᠳᠤᠮᠵᠢ  ᠤᠨ ᠬᠠᠮᠢᠶᠠᠷᠤᠯᠲᠠ ᠶᠢᠨ ᠵᠥᠪᠯᠡᠯ ᠪᠠ ᠫᠢᠩᠵᠤᠸᠠᠩ ᠨᠡᠭᠦᠷᠡᠰᠦᠨ ᠦᠢᠯᠡᠰ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠪᠠ᠃    ᠬᠤᠷᠠᠯ ᠳᠡᠭᠡᠷ᠎ᠡ᠂ ᠲᠤᠭᠤᠷᠢᠭ ᠤᠨ ᠤᠯᠤᠰ ᠤᠨ ᠭᠠᠵᠠᠷ ᠰᠢᠷᠤᠢ ᠶᠢᠨ ᠬᠤᠪᠢᠶᠠᠷᠢ ᠲᠤᠪᠴᠢᠶ᠎ᠠ᠂  ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶᠠᠨ ᠤ ᠬᠠᠷᠢᠭᠤᠴᠠᠯᠭᠠᠲᠠᠨ ᠠᠴᠠ ᠰᠢ ᠯᠦ ᠲᠢᠶᠠᠨ ᠭᠠᠵᠠᠷ ᠰᠢᠨᠵᠢᠯᠡᠭᠡ ᠶᠢᠨ ᠤᠷᠴᠢᠨ ᠢ ᠵᠠᠰᠠᠨ ᠦᠭᠡᠷᠡᠴᠢᠯᠡᠬᠦ ᠠᠵᠢᠯ ᠤᠨ  ᠤᠷᠤᠰᠢᠵᠤ ᠪᠦᠬᠦᠢ ᠠᠰᠠᠭᠤᠳᠠᠯ ᠤᠨ ᠲᠤᠬᠠᠢ  ᠰᠠᠨᠠᠯ ᠢᠶᠠᠨ ᠰᠤᠯᠢᠯᠴᠠᠵᠤ᠂  ᠫᠢᠩᠵᠤᠸᠠᠩ ᠨᠡᠭᠦᠷᠡᠰᠦᠨ ᠦᠢᠯᠡᠰ ᠤᠨ ᠬᠠᠷᠢᠭᠤᠴᠠᠯᠭᠠᠲᠠᠨ ᠠᠴᠠ ᠰᠢ ᠯᠦ ᠲᠢᠶᠠᠨ  ᠭᠠᠵᠠᠷ ᠰᠢᠨᠵᠢᠯᠡᠭᠡ ᠶᠢᠨ ᠤᠷᠴᠢᠨ  ᠤ ᠤᠷᠤᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠪᠡ᠃     ᠷᠧᠨ ᠵᠢᠶᠠᠨ ᠬᠤᠸᠠ ᠱᠠᠭᠠᠷᠳᠠᠬᠤ ᠳᠠᠭᠠᠨ᠂  ᠵᠠᠰᠠᠭ ᠤᠨ ᠤᠷᠳᠤᠨ ᠢᠶᠠᠷ  ᠲᠤᠯᠤᠭᠠᠶᠢᠯᠠᠭᠤᠯᠤᠭᠰᠠᠨ᠂ ᠠᠵᠤ  ᠠᠬᠤᠶᠢᠯᠠᠯ ᠤᠷᠤᠯᠴᠠᠭᠰᠠᠨ  ᠂ ᠬᠠᠮᠢᠶ᠎ᠠ ᠪᠦᠬᠦᠢ ᠨᠢᠭᠡᠴᠡ ᠬᠠᠪᠰᠤᠷᠤᠯᠴᠠᠭᠰᠠᠨ ᠶᠤᠸᠠᠨ ᠪᠤᠤ ᠱᠠᠨ ᠲᠤᠭᠤᠷᠢᠭ ᠤᠨ ᠨᠤᠭᠤᠭᠠᠨ ᠥᠩᠭᠡᠲᠦ ᠠᠭᠤᠷᠬᠠᠢ ᠎ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠨ ᠵᠠᠰᠠᠬᠤ ᠲᠤᠰᠬᠠᠢ ᠲᠦᠷᠥᠯ ᠢᠶᠠᠷ ᠠᠬᠢᠭᠤᠯᠬᠤ ᠲᠤᠭᠤᠶᠢᠯᠠᠩ ᠢ ᠪᠠᠶᠢᠭᠤᠯᠵᠤ᠂  ᠠᠭᠤᠷᠬᠠᠢ ᠶᠢᠨ ᠭᠠᠵᠠᠷ ᠰᠢᠨᠵᠢᠯᠡᠭᠡ ᠶᠢᠨ ᠤᠷᠴᠢᠨ ᠪᠠ ᠭᠠᠵᠠᠷ ᠰᠢᠷᠤᠢ ᠶᠢ ᠲᠠᠬᠢᠨ ᠬᠠᠭᠠᠯᠪᠤᠷᠢᠯᠠᠬᠤ ᠲᠦᠷᠥᠯ ᠵᠦᠢᠯ ᠢ ᠳᠠᠷᠤᠶᠢᠬᠠᠨ ᠬᠡᠷᠡᠭᠵᠢᠭᠦᠯᠦᠨ᠂  ᠰᠢᠨᠵᠢᠯᠡᠬᠦ ᠤᠬᠠᠭᠠᠨᠴᠢ  ᠢᠶᠠᠷ ᠦᠭᠡᠷᠡᠴᠢᠯᠡᠨ ᠵᠠᠰᠠᠬᠤ ᠲᠥᠰᠦᠪ ᠢ ᠲᠤᠭᠲᠠᠭᠠᠵᠤ᠂  ᠨᠡᠭᠦᠷᠡᠰᠦᠨ ᠴᠢᠯᠠᠭᠤ ᠤᠪᠤᠭᠠᠯᠠᠬᠤ ᠲᠠᠯᠠᠪᠤᠷ ᠵᠡᠷᠭᠡ  ᠤᠷᠴᠢᠨ ᠲᠤᠭᠤᠷᠢᠨ ᠤ  ᠪᠤᠬᠢᠷᠳᠠᠯ ᠢ ᠴᠡᠪᠡᠷᠯᠡᠨ ᠠᠷᠢᠯᠭᠠᠵᠤ᠂  ᠤᠯᠤᠰ ᠤᠨ ᠭᠠᠵᠠᠷ ᠰᠢᠷᠤᠢ ᠵᠡᠷᠭᠡ ᠰᠠᠯᠠᠭ᠎ᠠ ᠮᠦᠴᠢᠷ ᠨᠢ ᠭᠠᠵᠠᠷ ᠰᠢᠨᠵᠢᠯᠡᠭᠡ ᠶᠢᠨ ᠠᠶᠤᠯ ᠢ ᠲᠤᠭᠤᠷᠢᠨ ᠴᠠᠭᠳᠠᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠰᠢ ᠯᠦ ᠲᠢᠶᠠᠨ ᠠᠭᠤᠷᠬᠠᠢ ᠶᠢᠨ ᠤᠷᠴᠢᠨ ᠢ ᠵᠠᠰᠠᠬᠤ ᠪᠣᠯ ᠲᠤᠭᠤᠷᠢᠨ ᠪᠠᠶᠢᠴᠠᠭᠠᠬᠤ ᠦᠭᠡᠷᠡᠴᠢᠯᠡᠨ ᠵᠠᠰᠠᠬᠤ ᠠᠵᠢᠯ ᠤᠨ ᠴᠢᠬᠤᠯᠠ ᠠᠵᠢᠯ ᠤᠨ ᠨᠢᠭᠡ ᠪᠤᠯᠤᠨ᠎ᠠ᠃  ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠨᠵᠢᠯᠡᠬᠦ ᠤᠬᠠᠭᠠᠨᠴᠢ ᠪᠠᠷ ᠲᠥᠰᠦᠪ ᠲᠤᠭᠲᠠᠭᠠᠨ᠂  ᠠᠰᠠᠭᠤᠳᠠᠯ ᠢᠶᠠᠷ ᠬᠦᠲᠦᠯᠦᠮᠵᠢ ᠪᠤᠯᠭᠠᠵᠤ᠂  ᠦᠭᠡᠷᠡᠴᠢᠯᠡᠨ ᠵᠠᠰᠠᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1