| | 4 ᠰᠠᠷ᠎ᠠ ᠶᠢᠨ11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠠᠷᠤᠭ᠎ᠠ ᠼᠤᠤ ᡁᠢ ᠶᠦᠩ᠂ ᠲᠤᠭᠤᠷᠢᠭ ᠤᠨ ᠵᠠᠰᠠᠭ ᠤᠨ | ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠤᠭᠤᠷᠢᠨ ᠪᠠᠶᠢᠴᠠᠭᠠᠵᠤ ᠦᠭᠡᠷᠡᠴᠢᠯᠡᠨ ᠵᠠᠰᠠᠬᠤ ᠠᠵᠢᠯ ᠳᠤ | ᠲᠠᠬᠢᠨ ᠲᠤᠬᠢᠷᠠᠭᠤᠯᠭ᠎ᠠ᠂ ᠲᠠᠬᠢᠨ ᠪᠠᠶᠢᠷᠢᠯᠠᠭᠤᠯᠤᠯᠲᠠ ᠬᠢᠬᠦ ᠬᠤᠷᠠᠯ ᠢ ᠡᠷᠬᠢᠯᠡᠨ ᠬᠤᠷᠠᠯᠳᠤᠭᠤᠯᠵᠤ᠂ | ᠲᠤᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠦᠭᠡᠷᠡᠴᠢᠯᠡᠨ ᠵᠠᠰᠠᠬᠤ ᠤᠳᠤᠷᠢᠳᠬᠤ ᠪᠠᠭ᠎ᠠ | ᠲᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠪᠠ ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ | ᠤᠳᠤᠷᠢᠳᠬᠤ ᠲᠤᠭᠤᠶᠢᠯᠠᠩ ᠤᠨ ᠲᠤᠭᠤᠷᠢᠨ ᠪᠠᠶᠢᠴᠠᠭᠠᠵᠤ ᠦᠭᠡᠷᠡᠴᠢᠯᠡᠨ ᠵᠠᠰᠠᠬᠤ ᠠᠵᠢᠯ ᠤᠨ ᠲᠤᠬᠢᠷᠠᠭᠤᠯᠭ᠎ᠠ | ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ | ᠰᠤᠨᠤᠰᠪᠠ᠃ | | | | | ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ ᠰᠢᠦᠢ ᠵᠢᠶᠠᠨ | ᠾᠦᠢ᠂ ᠯᠢᠨ ᠢᠦᠢ ᠬᠤᠸᠠ᠂ ᠷᠧᠨ ᠵᠢᠶᠠᠨ ᠬᠤᠸᠠ ᠬᠤᠷᠠᠯ ᠳᠤ ᠤᠷᠤᠯᠴᠠᠵᠤ᠂ ᠲᠤᠭᠤᠷᠢᠭ ᠤᠨ ᠵᠠᠰᠠᠭ ᠤᠨ | ᠤᠷᠳᠤᠨ ᠤ ᠳᠡᠳ᠋ ᠳᠠᠷᠤᠭ᠎ᠠ ᠯᠢᠦ ᠮᠢᠩ ᠵᠦ ᠬᠤᠷᠠᠯ ᠳᠤ ᠰᠤᠯᠠ ᠤᠷᠤᠯᠴᠠᠪᠠ᠃ | ᠬᠤᠷᠠᠯ ᠨᠢ ᠬᠦᠷᠢᠶᠡᠯᠡᠩ ᠲᠤᠭᠤᠷᠢᠭ ᠤᠨ ᠠᠯᠪᠠᠨ ᠭᠡᠷ ᠂ ᠨᠡᠭᠡᠭᠡᠯᠲᠡ ᠶᠢᠨ ᠲᠤᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠫᠢᠩᠵᠤᠸᠠᠩ ᠪᠠᠯᠭᠠᠰᠤ᠂ ᠲᠤᠭᠤᠷᠢᠭ ᠤᠨ ᠤᠯᠤᠰ ᠤᠨ ᠭᠠᠵᠠᠷ ᠰᠢᠷᠤᠢ ᠶᠢᠨ | ᠬᠤᠪᠢᠶᠠᠷᠢ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠤᠷᠤᠨ ᠰᠠᠭᠤᠴᠠ ᠪᠦᠲᠦᠭᠡᠨ | ᠪᠠᠶᠢᠭᠤᠯᠤᠯᠲᠠ ᠶᠢᠨ ᠲᠤᠪᠴᠢᠶ᠎ᠠ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ | ᠰᠤᠷᠭᠠᠨ ᠬᠦᠮᠦᠵᠢᠯ ᠤᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠭᠠᠵᠠᠷ ᠰᠢᠷᠤᠢ ᠨᠦᠭᠡᠴᠡᠯᠡᠬᠦ | ᠲᠥᠪ ᠪᠠ ᠫᠢᠩᠵᠤᠸᠠᠩ ᠤᠨ ᠨᠡᠭᠦᠷᠡᠰᠦᠨ ᠠᠭᠤᠷᠬᠠᠢ ᠶᠢᠨ ᠠᠯᠪᠠᠨ ᠭᠡᠷ ᠤᠨ ᠬᠠᠷᠢᠭᠤᠴᠠᠯᠭᠠᠲᠠᠨ ᠠᠴᠠ ᠲᠤᠭᠤᠷᠢᠨ | ᠪᠠᠶᠢᠴᠠᠭᠠᠬᠤ ᠦᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ ᠪᠠᠶᠢᠭ᠎ᠠ ᠠᠬᠢᠴᠠ ᠶᠢᠨ ᠲᠤᠰᠬᠠᠢ ᠬᠠᠷᠢᠭᠤ | ᠮᠡᠳᠡᠭᠦᠯᠦᠯᠲᠡ ᠰᠤᠨᠤᠰᠪᠠ᠃ | ᠼᠤᠤ ᡁᠢ ᠶᠦᠩ ᠱᠠᠭᠠᠷᠳᠠᠬᠤ ᠳᠠᠭᠠᠨ᠂ ᠡᠯ᠎ᠡ ᠨᠢᠭᠡᠴᠡ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠲᠤᠭᠤᠷᠢᠨ ᠪᠠᠶᠢᠴᠠᠭᠠᠬᠤ ᠦᠭᠡᠷᠡᠴᠢᠯᠡᠨ ᠵᠠᠰᠠᠬᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠦᠨ᠂ ᠱᠠᠲᠤ ᠱᠠᠲᠤ ᠪᠠᠷ ᠱᠠᠭᠠᠷᠳᠠᠯᠭ᠎ᠠ ᠲᠠᠯᠪᠢᠵᠤ᠂ ᠪᠦᠬᠦᠨ ᠢᠶᠠᠷ ᠢᠶᠠᠨ | ᠬᠦᠳᠡᠯᠦᠯᠴᠡᠨ᠂ ᠦᠪᠡᠷᠲᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠬᠤ ᠦᠭᠡᠷᠡᠴᠢᠯᠡᠨ ᠵᠠᠰᠠᠬᠤ ᠱᠠᠭᠠᠷᠳᠠᠨ | ᠪᠠᠶᠢᠴᠠᠭᠠᠬᠤ ᠱᠠᠭᠠᠷᠳᠠᠯᠭ᠎ᠠ ᠪᠠ ᠲᠤᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠦᠭᠡᠷᠡᠴᠢᠯᠡᠨ | ᠵᠠᠰᠠᠬᠤ ᠤᠳᠤᠷᠢᠳᠬᠤ ᠪᠠᠭ᠎ᠠ ᠲᠤᠭᠤᠶᠢᠯᠠᠩ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠭᠡᠷᠡᠴᠢᠯᠡᠨ ᠵᠠᠰᠠᠬᠤ ᠡᠭᠦᠷᠭᠡ ᠪᠠᠨ ᠲᠤᠭᠳᠠᠭᠰᠠᠨ ᠴᠠᠭ ᠲᠤ ᠨᠢ ᠴᠢᠨᠠᠷᠲᠠᠢ ᠪᠡᠶᠡᠯᠡᠭᠦᠯᠬᠦ | ᠬᠡᠷᠡᠭᠲᠡᠢ ᠭᠡᠵᠡᠢ᠃ | |