ᠸᠠᠩ ᠶᠦᠩ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠵᠠᠰᠠᠭ ᠤᠨ ᠤᠷᠳᠤᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/25
   4 ᠰᠠᠷ᠎ᠠ ᠶᠢᠨ16᠎ ᠤ ᠡᠳᠦᠷ᠂  ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ ᠸᠠᠩ ᠶᠦᠩ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠵᠠᠰᠠᠭ ᠤᠨ ᠤᠷᠳᠤᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃  ᠵᠠᠰᠠᠭ ᠤᠨ ᠤᠷᠳᠤᠨ ᠤ ᠤᠳᠤᠷᠢᠳᠬᠤ ᠪᠠᠭ ᠤᠨ ᠭᠡᠰᠢᠭᠦᠨ  ᠼᠤᠤ ᡁᠢ ᠶᠦᠩ᠂  ᠰᠢᠤᠢ ᠵᠢᠶᠠᠨ ᠾᠦᠢ᠂ ᠯᠢᠦ ᠮᠢᠩ ᠵᠦ᠂ ᠴᠧᠩ ᠷᠦᠢ ᠪᠤᠤ᠂  ᠷᠧᠨ ᠵᠢᠶᠠᠨ ᠬᠤᠸᠠ᠂  ᠯᠢ ᠵᠠᠨ ᠵᠢᠶᠧ ᠬᠤᠷᠠᠯ ᠳᠤ ᠰᠠᠭᠠᠲᠠᠵᠤ᠂  ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ᠂  ᠡᠯ᠎ᠡ ᠪᠠᠯᠭᠠᠰᠤ ᠰᠢᠶᠠᠩ  ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃     ᠬᠤᠷᠠᠯ ᠨᠢ  ᠯᠤᠤ ᠬᠠ ᠾᠧ ᠭᠤᠣᠯ ᠤᠨ ᠳᠡᠭᠡᠷ᠎ᠡ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠤᠷᠴᠢᠨ ᠲᠤᠭᠤᠷᠢᠨ ᠢ ᠦᠭᠡᠷᠡᠴᠢᠯᠡᠨ ᠵᠠᠰᠠᠬᠤ  ︽ ᠭᠤᠷᠪᠠᠨ ᠵᠢᠯ ᠤᠨ  ᠠᠵᠢᠯᠯᠠᠭᠠᠨ ᠤ ᠲᠥᠰᠦᠪ︾ ᠎ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ᠂  ᠯᠢᠶᠠᠨ ᠵᠧᠩ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂  ᠪᠦᠬᠦ ᠲᠤᠭᠤᠷᠢᠭ ᠤᠨ ᠵᠢᠭᠤᠯᠴᠢᠯᠠᠯ ᠤᠨ ᠲᠥᠰᠦᠪ᠂  ᠫᠢᠩᠵᠤᠸᠠᠩ ᠬᠤᠳᠠ ᠲᠤᠭᠤᠷᠢᠭ ᠤᠨ 2018 ᠣᠨ ᠤ ᠪᠦᠷᠭᠡ ᠲᠤᠭᠤᠷᠢᠭ ᠤᠨ ᠲᠦᠷᠥᠯ ᠵᠦᠢᠯ ᠤᠨ ᠬᠡᠷᠡᠭᠯᠡᠬᠦ ᠭᠠᠵᠠᠷ ᠎ ᠢ ᠬᠤᠳᠠᠯᠳᠤᠨ ᠠᠪᠬᠤ ᠪᠠᠶᠢᠭᠤᠯᠬᠤ ᠨᠠᠷᠢᠨ ᠲᠥᠰᠦᠪ ᠪᠠ  ᠪᠠᠷᠢᠯᠭ᠎ᠠ ᠶᠢᠨ  ᠨᠢᠭᠡᠴᠡ ᠶᠢᠨ ᠪᠠᠶᠢᠳᠠᠯ᠂  ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠰᠢᠯᠭᠠᠨ ᠦᠨᠡᠯᠡᠬᠦ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠡᠯᠡ ᠮᠦᠩᠭᠦ ᠶᠢᠨ ᠤᠷᠤᠭᠤᠯᠤᠯᠲᠠ ᠶᠢᠨ ᠪᠠᠶᠢᠳᠠᠯ᠂  ᠫᠢᠩᠵᠤᠸᠠᠩ ᠬᠤᠳᠠ ᠲᠤᠭᠤᠷᠢᠭ ᠤᠨ ᠤᠰᠤᠨ ᠰᠤᠷᠪᠤᠯᠵᠢ ᠶᠢᠨ ᠤᠷᠤᠨ ᠳᠠᠬᠢ ᠲᠡᠵᠢᠭᠡᠪᠦᠷᠢ ᠶᠢᠨ ᠲᠠᠯᠠᠪᠠᠢ ᠶᠢ ᠲᠤᠰᠬᠠᠢ ᠲᠦᠷᠥᠯ ᠢᠶᠠᠷ ᠪᠢᠲᠡᠭᠦᠮᠵᠢᠯᠡᠨ ᠬᠠᠭᠠᠬᠤ ᠪᠠ ᠰᠢᠯᠵᠢᠭᠦᠯᠬᠦ ᠨᠦᠬᠦᠪᠦᠷᠢ ᠶᠢᠨ ᠠᠷᠭ᠎ᠠ ᠵᠡᠷᠭᠡ ᠶᠢ  ᠵᠥᠪᠯᠡᠨ ᠶᠠᠷᠢᠯᠴᠠᠪᠠ᠃     ᠬᠤᠷᠠᠯ ᠠᠴᠠ ᠱᠠᠭᠠᠷᠳᠠᠭᠰᠠᠨ ᠨᠢ᠂  ᠡᠳᠡᠭᠡᠷ ᠲᠦᠷᠥᠯ ᠵᠦᠢᠯ ᠨᠢ ᠮᠠᠨ ᠤ ᠲᠤᠭᠤᠷᠢᠭ ᠤᠨ ᠴᠢᠬᠤᠯᠠ ᠲᠦᠷᠥᠯ ᠵᠦᠢᠯ ᠪᠤᠯᠤᠨ᠎ᠠ᠃  ᠡᠯ᠎ᠡ ᠰᠠᠯᠠᠭ᠎ᠠ ᠮᠦᠴᠢᠷ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠨᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠠᠵᠢᠯ ᠤᠨ ᠱᠠᠭᠠᠷᠳᠠᠯᠭ᠎ᠠ ᠶᠤᠰᠤᠭᠠᠷ ᠬᠠᠷᠢᠯᠴᠠᠨ ᠬᠠᠮᠲᠤᠷᠠᠯᠴᠠᠵᠤ᠂   ᠬᠦᠴᠦ ᠪᠠᠨ ᠨᠢᠭᠡᠳᠭᠡᠨ᠂  ᠲᠤᠰ ᠪᠦᠷᠢ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃    ᠬᠤᠷᠠᠯ ᠨᠢ ᠪᠠᠰᠠ ᠪᠤᠰᠤᠳ ᠵᠥᠪᠯᠡᠬᠦ ᠵᠦᠢᠯ ᠢ ᠶᠠᠷᠢᠯᠴᠠᠵᠤ᠂  ᠦᠪᠡᠷᠲᠡᠭᠡᠨ ᠵᠠᠰᠠᠬᠤ ᠤᠷᠤᠨ ᠢ ᠲᠤᠭᠤᠷᠢᠨ ᠪᠠᠶᠢᠴᠠᠭᠠᠬᠤ ᠦᠭᠡᠷᠡᠴᠢᠯᠡᠨ ᠵᠠᠰᠠᠬᠤ᠂  ᠤᠷᠴᠢᠨ ᠲᠤᠭᠤᠷᠢᠨ ᠤ ᠬᠠᠮᠠᠭᠠᠯᠠᠯᠲᠠ᠂  ᠨᠠᠮ ᠤᠨ ᠰᠤᠷᠲᠠᠯ ᠴᠢᠭᠴᠢ ᠵᠠᠰᠠᠭ ᠤᠨ ᠪᠠᠶᠢᠭᠤᠯᠤᠯᠲᠠ ᠶᠢᠨ ︽ ᠬᠤᠶᠠᠷ ᠬᠠᠷᠢᠭᠤᠴᠠᠯᠭ᠎ᠠ︾᠂  ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠬᠢᠬᠦ᠂  ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠪᠠᠲᠤᠯᠠᠬᠤ᠂  ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ  ᠬᠢᠵᠡᠢ᠃    ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂  ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂  ᠲᠤᠭᠤᠷᠢᠭ ᠤᠨ ᠤᠯᠤᠰ ᠲᠦᠷᠥ ᠶᠢᠨ ᠵᠥᠪᠯᠡᠯᠭᠡᠨ ᠤ ᠠᠯᠪᠠᠨ ᠭᠡᠷ᠂  ᠲᠤᠭᠤᠷᠢᠭ ᠤᠨ ᠤᠬᠠᠭᠤᠯᠬᠤ ᠬᠡᠯᠲᠡᠰ᠂  ᠬᠠᠤᠯᠢ ᠴᠠᠭᠠᠵᠠ ᠶᠢᠨ ᠠᠯᠪᠠᠨ ᠭᠡᠷ ᠵᠡᠷᠭᠡ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1