ᠮᠠᠨ ᠤ ᠲᠤᠭᠤᠷᠢᠭ ᠤᠨ ᠨᠢᠭᠡᠳᠦᠭᠡᠷ ᠤᠯᠠᠷᠢᠯ ᠤᠨ ᠭᠠᠳᠠᠭᠠᠳᠤ ᠠᠷᠠᠯᠵᠢᠶ᠎ᠠ ᠶᠢᠨ ᠤᠷᠤᠭᠤᠯᠤᠯᠲᠠ ᠭᠠᠷᠭᠠᠯᠲᠠ ᠲᠤᠭᠳᠠᠭᠤᠨ ᠢᠶᠠᠷ ᠨᠡᠮᠡᠭᠳᠡᠵᠦ ᠪᠤᠢ
ᠨᠡᠶᠢᠲᠡᠯᠡᠭᠰᠡᠨ ᠴᠠᠭ᠄
2018/4/25
    ᠲᠤᠭᠤᠷᠢᠭ ᠤᠨ ᠠᠷᠠᠯᠵᠢᠶᠠᠨ ᠤ ᠶᠠᠪᠤᠳᠠᠯ ᠤᠨ ᠲᠤᠪᠴᠢᠶᠠᠨ ᠤ ᠪᠦᠷᠢᠳᠭᠡᠯ ᠢ ᠦᠨᠳᠦᠰᠦᠯᠡᠪᠡᠯ᠂ 2018 ᠣᠨ ᠤ  ᠨᠢᠭᠡᠳᠦᠭᠡᠷ ᠤᠯᠠᠷᠢᠯ ᠳᠤ᠂  ᠮᠠᠨ ᠤ ᠲᠤᠭᠤᠷᠢᠭ ᠤᠨ ᠭᠠᠳᠠᠭᠠᠳᠤ ᠠᠷᠠᠯᠵᠢᠶ᠎ᠠ ᠶᠢᠨ ᠤᠷᠤᠭᠤᠯᠤᠯᠲᠠ ᠭᠠᠷᠭᠠᠯᠲᠠ ᠎ ᠶᠢᠨ ᠶᠡᠷᠦᠩᠭᠡᠢ  ᠬᠡᠮᠵᠢᠶ᠎ᠡ 3258.2 ᠲᠦᠮᠡᠨ ᠳ᠋ᠤᠯᠯᠠᠷ ᠬᠦᠷᠴᠦ᠂  ᠨᠢᠳᠤᠨᠤᠨ ᠤ ᠠᠳᠠᠯᠢ ᠬᠤᠭᠤᠴᠠᠭᠠᠨ ᠠᠴᠠ 22% ᠎ ᠪᠠᠷ ᠨᠡᠮᠡᠭᠳᠡᠵᠦ᠂  ᠨᠢᠳᠤᠨᠤᠨ ᠠᠴᠠ ᠨᠠᠰᠢ ᠲᠤᠭᠲᠠᠭᠤᠨ ᠢᠶᠠᠷ ᠬᠦᠭᠵᠢᠭᠰᠡᠨ ᠰᠠᠶᠢᠨ ᠪᠠᠶᠢᠳᠠᠯ ᠢ  ᠬᠠᠳᠠᠭᠠᠯᠠᠵᠠᠢ᠃  ᠤᠶᠢᠯᠠᠭᠠᠭᠰᠠᠨ ᠢᠶᠠᠷ  ᠳᠡᠯᠡᠬᠡᠢ ᠶᠢᠨ ᠠᠵᠤ ᠠᠬᠤᠢ ᠨᠢ ᠨᠠᠮᠵᠢᠭᠤᠨ ᠢᠶᠠᠷ ᠰᠡᠷᠭᠦᠵᠦ᠂  ᠤᠯᠠᠨ ᠤᠯᠤᠰ ᠤᠨ ᠠᠷᠠᠯᠵᠢᠶ᠎ᠠ ᠨᠢ ᠮᠡᠳᠡᠭᠳᠡᠬᠦᠶᠢᠴᠡ ᠬᠤᠷᠳᠤᠨ ᠪᠤᠯᠤᠭᠰᠠᠨ ᠪᠠ  ᠨᠢᠭᠡ ᠪᠦᠰᠡ ᠨᠢᠭᠡ ᠵᠠᠮ ᠤᠨ ᠰᠠᠨᠠᠭᠤᠯᠭ᠎ᠠ  ᠲᠤᠭᠳᠠᠭᠤᠨ ᠠᠬᠢᠯᠲᠠ ᠲᠠᠢ ᠪᠤᠯᠵᠤ᠂   ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠢ ᠨᠡᠭᠡᠭᠡᠨ ᠬᠦᠭᠵᠢᠭᠦᠯᠦᠭᠰᠡᠨ  ᠵᠡᠷᠭᠡ ᠨᠢ  ᠮᠠᠨ  ᠤ ᠲᠤᠭᠤᠷᠢᠭ ᠤᠨ ᠨᠢᠭᠡᠳᠦᠭᠡᠷ  ᠤᠯᠠᠷᠢᠯ ᠤᠨ ᠭᠠᠳᠠᠭᠠᠳᠤ ᠠᠷᠠᠯᠵᠢᠶ᠎ᠠ ᠶᠢᠨ ᠨᠡᠮᠡᠭᠳᠡᠭᠰᠡᠨ ᠤ ᠴᠢᠬᠤᠯᠠ ᠰᠢᠯᠳᠠᠭᠠᠨ ᠪᠤᠯᠤᠭᠰᠠᠨ ᠪᠠᠶᠢᠨ᠎ᠠ᠃    
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1