ᠸᠠᠩ ᠪᠢᠩ ᠵᠦᠩ  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠢᠷᠭᠤᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠦᠭᠡᠷᠡᠴᠢᠯᠡᠨ ᠵᠠᠰᠠᠬᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ  ᠪᠦᠬᠦᠲᠡ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/25
   4 ᠰᠠᠷ᠎ᠠ ᠶᠢᠨ13᠎ ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠪᠢᠩ ᠵᠦᠩ  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠢᠷᠭᠤᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠦᠭᠡᠷᠡᠴᠢᠯᠡᠨ ᠵᠠᠰᠠᠬᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ  ᠪᠦᠬᠦᠲᠡ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠲᠦᠷᠥᠯ ᠤᠨ ᠦᠭᠡᠷᠡᠴᠢᠯᠡᠨ ᠵᠠᠰᠠᠬᠤ ᠠᠵᠢᠯ ᠤᠨ  ᠨᠠᠶᠢᠳᠠᠪᠤᠷᠢᠵᠢᠭᠳᠠᠵᠤ ᠪᠠᠶᠢᠭ᠎ᠠ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂  ᠤᠷᠴᠢᠮ ᠤᠨ ᠬᠤᠭᠤᠴᠠᠭᠠᠨ ᠤ ᠦᠭᠡᠷᠡᠴᠢᠯᠡᠨ ᠵᠠᠰᠠᠬᠤ ᠠᠵᠢᠯ ᠤᠨ  ᠪᠠᠶᠢᠳᠠᠯ ᠳᠤ ᠳ᠋ᠦᠩᠨᠡᠯᠲᠡ ᠬᠢᠵᠦ᠂  ᠳᠠᠷᠠᠭᠠᠴᠢ ᠶᠢᠨ ᠠᠯᠬᠤᠮ ᠤᠨ ᠠᠵᠢᠯ ᠳᠤ  ᠪᠠᠶᠢᠷᠢᠯᠠᠭᠤᠯᠤᠯᠲᠠ ᠬᠢᠪᠡ᠃   ᠲᠤᠭᠤᠷᠢᠭ ᠤᠨ ᠨᠠᠮ ᠵᠠᠰᠠᠭ ᠤᠨ ᠤᠳᠤᠷᠢᠳᠤᠯᠭ᠎ᠠ  ᠶᠢᠨ  ᠰᠦ᠋ ᠫᠢᠩ᠂  ᠼᠤᠤ ᡁᠢ ᠶᠦᠩ᠂  ᠯᠢ ᠺᠠᠢ᠂ ᠸᠠᠩ ᠶᠠ ᠵᠢᠶᠦ᠋ᠨ᠂ ᠯᠦ ᠯᠢᠶᠠᠨ ᠭᠦᠸᠧ᠂ ᠰᠢᠦᠢ ᠵᠢᠶᠠᠨ ᠾᠦᠢ᠂ ᠴᠧᠩ ᠷᠦᠢ ᠪᠤᠤ᠂  ᠷᠧᠨ ᠵᠢᠶᠠᠨ ᠬᠤᠸᠠ᠂  ᠯᠢ ᠵᠠᠨ ᠵᠢᠶᠧ ᠬᠤᠷᠠᠯ ᠳᠤ ᠤᠷᠤᠯᠴᠠᠵᠤ᠂  ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ ᠶᠢᠨ ᠤᠳᠤᠷᠢᠳᠤᠯᠭ᠎ᠠ ᠬᠤᠷᠠᠯ ᠎ ᠳᠤ ᠤᠷᠤᠯᠴᠠᠪᠠ᠃   ᠡᠯ᠎ᠡ ᠲᠦᠷᠥᠯ  ᠤᠨ ᠦᠭᠡᠷᠡᠴᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠲᠠᠷᠠᠭ᠎ᠠ᠂  ᠸᠠᠩ ᠪᠢᠩ ᠵᠦᠩ ᠵᠢᠭᠠᠬᠤ ᠳᠠᠭᠠᠨ᠂ 3 ᠰᠠᠷ᠎ᠠ ᠶᠢᠨ 14᠎ ᠤ ᠡᠳᠦᠷ ᠤᠨ ᠲᠤᠭᠤᠷᠢᠨ ᠪᠠᠶᠢᠴᠠᠭᠠᠵᠤ ᠦᠭᠡᠷᠡᠴᠢᠯᠡᠨ ᠵᠠᠰᠠᠬᠤ ᠠᠵᠢᠯ ᠤᠨ ᠲᠠᠬᠢᠨ ᠪᠠᠶᠢᠷᠢᠯᠠᠭᠤᠯᠤᠯᠲᠠ ᠬᠢᠭᠰᠡᠨ ᠠᠴᠠ ᠨᠠᠰᠢ᠂  ᠮᠠᠨ ᠤ  ᠲᠤᠭᠤᠷᠢᠭ ᠤᠨ ᠦᠭᠡᠷᠡᠴᠢᠯᠡᠨ ᠵᠠᠰᠠᠬᠤ ᠠᠵᠢᠯ ᠨᠢ ᠵᠤᠬᠢᠬᠤ ᠠᠮᠵᠢᠯᠲᠠ ᠶᠢ ᠤᠯᠵᠠᠢ᠃  ᠳᠠᠷᠠᠭᠠᠴᠢ ᠶᠢᠨ ᠠᠯᠬᠤᠮ ᠳᠤ᠂  ᠦᠷᠭᠦᠯᠵᠢᠯᠡᠨ ᠵᠤᠬᠢᠶᠠᠨ  ᠪᠠᠶᠢᠭᠤᠯᠤᠯᠲᠠ ᠪᠠᠨ ᠴᠢᠩᠭᠠᠳᠬᠠᠵᠤ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂  ᠦᠭᠡᠷᠡᠴᠢᠯᠡᠨ ᠵᠠᠰᠠᠬᠤ ᠠᠵᠢᠯ ᠢ ᠰᠢᠨ᠎ᠡ ᠠᠬᠢᠯᠲᠠ ᠲᠠᠢ ᠪᠤᠯᠭᠠᠬᠤ ᠬᠡᠷᠡᠭᠲᠡᠢ᠃   ᠦᠭᠡᠷᠡᠴᠢᠯᠡᠨ ᠵᠠᠰᠠᠬᠤ ᠠᠵᠢᠯ ᠢ ᠵᠥᠪᠬᠡᠨ ᠲᠦᠰᠦᠪ  ᠲᠤᠭᠲᠠᠭᠠᠭᠠᠳ ᠪᠣᠯᠬᠤ ᠦᠭᠡᠢ᠂  ᠪᠤᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠂ ᠠᠬᠢᠴᠠ ᠠᠳᠠᠯᠢ ᠦᠭᠡᠢ ᠪᠠᠶᠢᠬᠤ ᠠᠰᠠᠭᠤᠳᠠᠯ ᠢ ᠴᠢᠬᠤᠯᠠᠴᠢᠯᠠᠨ ᠦᠵᠡᠵᠦ᠂ ᠦᠨᠡᠨ ᠪᠤᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃  ᠦᠪᠡᠷᠲᠡᠭᠡᠨ ᠵᠠᠰᠠᠬᠤ ᠤᠷᠤᠨ ᠤ ᠬᠠᠷᠢᠭᠤ ᠲᠤᠰᠬᠠᠭᠰᠠᠨ ᠰᠠᠨᠠᠯ ᠤᠨ ᠶᠤᠰᠤᠭᠠᠷ᠂  ᠦᠭᠡᠷᠡᠴᠢᠯᠡᠬᠦ ᠡᠭᠦᠷᠭᠡ ᠪᠠᠨ ᠵᠤᠷᠪᠤᠰᠯᠠᠨ ᠲᠤᠭᠳᠠᠭᠠᠵᠤ᠂  ᠨᠠᠶᠢᠳᠠᠪᠤᠷᠢᠵᠢᠭᠤᠯᠤᠯᠲᠠ ᠶᠢ  ᠲᠦᠯᠬᠢᠨ ᠠᠬᠢᠭᠤᠯᠬᠤ ᠬᠡᠷᠡᠭᠲᠡᠢ  ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1