| | ᠬᠠᠪᠤᠷ ᠤᠨ ᠤᠯᠠᠷᠢᠯ ᠤᠨ ᠤᠢ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ | ᠬᠢᠬᠦ ᠶᠢᠨ ᠲᠦᠯᠦᠭᠡ᠂ ᠶᠤᠸᠠᠨ ᠪᠤᠤ ᠱᠠᠨ ᠲᠤᠭᠤᠷᠢᠭ ᠨᠢ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ | ᠦᠷᠨᠢᠭᠦᠯᠵᠦ᠂ ᠭᠤᠣᠯᠳᠠᠭ᠎ᠠ ᠲᠠᠢ ᠪᠠᠷ ᠭᠠᠯ ᠢ ᠰᠡᠷᠭᠡᠶᠢᠯᠡᠬᠦ ᠬᠠᠮᠢᠶ᠎ᠠ ᠪᠦᠬᠦᠢ ᠬᠠᠤᠯᠢ ᠳᠦᠷᠢᠮ ᠪᠠ ᠭᠠᠯ ᠢ | ᠰᠡᠷᠭᠡᠶᠢᠯᠡᠬᠦ ᠶᠢᠨ ᠴᠢᠬᠤᠯᠠ ᠴᠢᠨᠠᠷ ᠢ ᠤᠬᠠᠭᠤᠯᠵᠤ᠂ ᠴᠢᠬᠤᠯᠠ ᠵᠠᠮ ᠬᠠᠷᠢᠯᠴᠠᠭᠠᠨ ᠤ ᠭᠠᠵᠠᠷ᠂ ᠠᠭᠤᠯᠠ | ᠰᠢᠭᠤᠢ ᠳᠤ ᠣᠷᠤᠬᠤ ᠡᠭᠦᠳᠡ ᠵᠡᠷᠭᠡ ᠭᠠᠵᠠᠷ ᠲᠤ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠪᠢᠴᠢᠭᠡᠰᠦ ᠪᠠ | ᠲᠤᠭ ᠢ ᠡᠯᠭᠦᠵᠦ᠂ ᠭᠠᠯ ᠢ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠪᠡ᠃ ᠪᠤᠯᠪᠠᠰᠤᠨ ᠢᠶᠠᠷ ᠳᠡᠭᠡᠳᠦᠰ ᠤᠨ | ᠲᠠᠬᠢᠯᠭ᠎ᠠ ᠲᠠᠯᠪᠢᠬᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ︽ ᠠᠷᠪᠠᠨ ᠪᠣᠯᠬᠤ ᠦᠭᠡᠢ ᠵᠦᠢᠯᠡᠰ︾ ︽ | ᠵᠢᠷᠭᠤᠭᠠᠨ ᠵᠦᠢᠯ ᠢ ᠰᠢᠲᠠᠭᠠᠬᠤ ᠦᠭᠡᠢ︾ ᠵᠡᠷᠭᠡ ᠠᠭᠤᠯᠭ᠎ᠠ ᠪᠠᠷ ᠤᠬᠠᠭᠤᠯᠭ᠎ᠠ ᠬᠢᠭᠰᠡᠨ ᠪᠠᠶᠢᠨ᠎ᠠ᠃ | 4 ᠰᠠᠷ᠎ᠠ ᠶᠢᠨ 3 ᠤ ᠡᠳᠦᠷ᠂ ᠶᠤᠸᠠᠨ ᠪᠤᠤ ᠱᠠᠨ ᠲᠤᠭᠤᠷᠢᠭ ᠨᠢ ᠭᠤᠣᠯᠳᠠᠭ᠎ᠠ ᠲᠠᠢ ᠤᠢ ᠰᠢᠭᠤᠢ ᠶᠢᠨ | ᠤᠷᠤᠨ ᠳᠤ ᠬᠠᠩᠰᠢ ᠶᠢᠨ ᠡᠳᠦᠷ ᠤᠨ ᠭᠠᠯ ᠢ ᠰᠡᠷᠭᠡᠶᠢᠯᠡᠬᠦ ᠠᠵᠢᠯ ᠤᠨ ᠲᠤᠰᠬᠠᠢ ᠪᠠᠶᠢᠴᠠᠭᠠᠯᠲᠠ ᠬᠢᠪᠡ᠃ | ᠲᠤᠭᠤᠷᠢᠭ ᠤᠨ ᠳᠠᠷᠤᠭ᠎ᠠ ᠪᠦᠯᠬᠦᠮ ᠳᠠᠭᠠᠭᠤᠯᠤᠨ᠂ ᠭᠤᠣᠯᠳᠠᠯᠭ᠎ᠠ ᠲᠠᠢ ᠣᠢ ᠰᠢᠭᠤᠢ ᠶᠢᠨ ᠤᠷᠤᠨ ᠳᠤ | ᠭᠦᠨᠵᠡᠭᠡᠶᠢᠷᠡᠨ᠂ ᠬᠠᠩᠰᠢ ᠶᠢᠨ ᠡᠳᠦᠷ ᠤᠨ ᠭᠠᠯ ᠢ ᠰᠡᠷᠭᠡᠶᠢᠯᠡᠬᠦ ᠠᠵᠢᠯ ᠶᠢ ᠪᠠᠶᠢᠴᠠᠭᠠᠨ ᠵᠢᠯᠤᠭᠤᠳᠪᠠ᠃ ᠡᠯ᠎ᠡ | ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠤᠷᠢᠭᠯᠠᠬᠤ ᠪᠠᠷ | ᠭᠤᠣᠯᠳᠠᠯᠭ᠎ᠠ ᠪᠠᠨ ᠪᠣᠯᠭᠠᠵᠤ᠂ ᠬᠠᠷᠢᠶ᠎ᠠ ᠶᠢᠨ ᠤᠷᠤᠨ ᠤ ᠬᠠᠮᠢᠶᠠᠷᠤᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠦᠷᠥᠯ ᠤᠨ ᠪᠠᠴᠢᠮ ᠢ ᠠᠷᠭᠠᠴᠠᠭᠠᠬᠤ ᠲᠦᠰᠥᠪ ᠢ ᠨᠠᠷᠢᠯᠢᠭ | ᠲᠤᠭᠳᠠᠭᠠᠨ᠂ ᠴᠠᠭ ᠦᠷᠭᠦᠯᠵᠢ ᠪᠠᠶᠢᠯᠳᠤᠬᠤ ᠪᠠᠷ ᠪᠡᠯᠡᠬᠡᠨ ᠪᠠᠶᠢᠵᠤ᠂ ᠴᠠᠭᠳᠠᠨ ᠪᠠᠶᠢᠴᠠᠭᠠᠬᠤ ᠬᠦᠴᠦᠯᠡᠴᠡ ᠪᠠᠨ | ᠴᠢᠩᠭᠠᠳᠬᠠᠨ᠂ ᠭᠡᠮ ᠰᠤᠭᠤᠭ ᠢ ᠤᠷᠤ ᠲᠠᠰᠤ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ | ᠪᠤᠯᠤᠨ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃ | | |