| | | | | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠪᠠᠭ᠎ᠠ ᠲᠤᠭᠤᠶᠢᠯᠠᠩ ᠤᠨ ᠲᠤᠭᠤᠷᠢᠨ ᠪᠠᠶᠢᠴᠠᠭᠠᠵᠤ ᠦᠭᠡᠷᠡᠴᠢᠯᠡᠨ ᠵᠠᠰᠠᠬᠤ ᠱᠠᠭᠠᠷᠳᠠᠯᠭ᠎ᠠ ᠪᠠ ᠲᠤᠭᠤᠷᠢᠭ ᠤᠨ | ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠦᠭᠡᠷᠡᠴᠢᠯᠡᠨ ᠵᠠᠰᠠᠬᠤ ᠠᠵᠢᠯ ᠤᠨ ᠤᠳᠤᠷᠢᠳᠬᠤ ᠪᠠᠭ᠎ᠠ | ᠲᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ 4 ᠰᠠᠷ᠎ᠠ ᠶᠢᠨ6 ᠤ ᠡᠳᠦᠷ᠂ ᠲᠤᠭᠤᠷᠢᠭ ᠤᠨ ᠵᠠᠰᠠᠭ ᠤᠨ ᠤᠷᠳᠤᠨ ᠤ | ᠳᠠᠷᠤᠭ᠎ᠠ ᠸᠠᠩ ᠶᠦᠩ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠠᠬᠢ ᠮᠠᠯ ᠵᠢᠭᠦᠷᠲᠡᠨ | ᠲᠡᠵᠢᠭᠡᠬᠦ ᠲᠠᠯᠠᠪᠠᠢ ᠶᠢ ᠴᠡᠪᠡᠷᠯᠡᠨ ᠴᠡᠭᠴᠡᠯᠡᠬᠦ ᠲᠤᠰᠬᠠᠢ ᠲᠦᠷᠥᠯ ᠤᠨ ᠠᠵᠢᠯᠯᠠᠭᠠᠨ ᠤ ᠬᠤᠷᠠᠯ ᠢ ᠡᠷᠬᠢᠯᠡᠨ | ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ | ᠵᠠᠰᠠᠭ ᠤᠨ ᠤᠷᠳᠤᠨ ᠤ ᠳᠡᠳ᠋ ᠳᠠᠷᠤᠭ᠎ᠠ ᠼᠤᠤ ᡁᠢ ᠶᠦᠩ᠂ ᠲᠤᠭᠤᠷᠢᠭ ᠤᠨ ᠵᠠᠰᠠᠭ ᠤᠨ ᠤᠷᠳᠤᠨ ᠤ ᠳᠡᠳ᠋ | ᠳᠠᠷᠤᠭ᠎ᠠ᠂ ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠲᠠᠷᠤᠭ᠎ᠠ ᠯᠢᠨ ᠢᠦᠢ | ᠬᠤᠸᠠ᠂ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠯᠢᠦ ᠮᠢᠩ ᠵᠦ᠂ ᠴᠧᠩ ᠷᠦᠢ ᠪᠤᠤ᠂ ᠷᠧᠨ | ᠵᠢᠶᠠᠨ ᠬᠤᠸᠠ ᠬᠤᠷᠠᠯ ᠢ ᠤᠷᠤᠯᠴᠠᠪᠠ᠃ | ᠬᠤᠷᠠᠯ ᠳᠡᠭᠡᠷ᠎ᠡ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ | ᠬᠠᠷᠢᠭᠤᠴᠠᠯᠭᠠᠲᠠᠨ ᠠᠴᠠ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠠᠬᠢ ᠮᠠᠯ ᠵᠢᠭᠦᠷᠲᠡᠨ | ᠲᠡᠵᠢᠭᠡᠬᠦ ᠲᠠᠯᠠᠪᠠᠢ ᠶᠢ ᠴᠡᠪᠡᠷᠯᠡᠨ ᠴᠡᠭᠴᠡᠯᠡᠬᠦ ᠲᠤᠰᠬᠠᠢ ᠲᠦᠷᠥᠯ ᠤᠨ ᠠᠵᠢᠯᠯᠠᠭᠠᠨ ᠤ ᠠᠬᠢᠴᠠ ᠶᠢᠨ ᠪᠠᠶᠢᠳᠠᠯ ᠪᠠ | ᠬᠤᠶᠢᠰᠢᠲᠠ ᠶᠢᠨ ᠠᠵᠢᠯ ᠤᠨ ᠲᠦᠰᠥᠪ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠠᠬᠢ ᠮᠠᠯ ᠵᠢᠭᠦᠷᠲᠡᠨ ᠲᠡᠵᠢᠭᠡᠬᠦ ᠲᠠᠯᠠᠪᠠᠢ ᠶᠢ ᠰᠢᠯᠵᠢᠭᠦᠯᠦᠨ | ᠲᠤᠬᠢᠷᠠᠭᠤᠯᠬᠤ ᠠᠷᠭ᠎ᠠ ᠨᠦᠬᠦᠪᠦᠷᠢ ᠶᠢᠨ ᠪᠠᠷᠢᠮᠵᠢᠶᠠᠨ ᠤ ᠲᠤᠬᠠᠢ ᠶᠠᠷᠢᠯᠴᠠᠵᠠᠢ᠃ | ᠸᠠᠩ ᠶᠦᠩ ᠱᠠᠭᠠᠷᠳᠠᠭᠰᠠᠨ ᠨᠢ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠠᠬᠢ | ᠮᠠᠯ ᠵᠢᠭᠦᠷᠲᠡᠨ ᠲᠡᠵᠢᠭᠡᠬᠦ ᠲᠠᠯᠠᠪᠠᠢ ᠶᠢ ᠴᠡᠪᠡᠷᠯᠡᠨ ᠴᠡᠭᠴᠡᠯᠡᠬᠦ ᠲᠤᠰᠬᠠᠢ ᠲᠦᠷᠥᠯ ᠤᠨ ᠠᠵᠢᠯᠯᠠᠭᠠᠨ ᠨᠢ ᠵᠤᠬᠢᠬᠤ | ᠬᠤᠭᠤᠴᠠᠭᠠᠨ ᠤ ᠬᠦᠴᠢᠷᠳᠡᠯ ᠢ ᠳᠠᠪᠠᠵᠤ ᠢᠯᠭᠤᠮ ᠠᠮᠵᠢᠯᠲᠠ ᠶᠢ ᠤᠯᠤᠭᠰᠠᠨ ᠪᠠᠶᠢᠨ᠎ᠠ᠃ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠨᠢ ᠡᠨᠡᠬᠦ ᠰᠠᠭᠤᠷᠢᠨ ᠳᠡᠭᠡᠷ᠎ᠡ ᠪᠠᠨ ᠦᠷᠭᠦᠯᠵᠢᠯᠡᠨ ᠴᠢᠷᠮᠠᠶᠢᠵᠤ᠂ ᠴᠠᠭ ᠢ ᠡᠵᠡᠮᠳᠡᠨ᠂ | ᠡᠭᠦᠷᠭᠡ ᠪᠠᠨ ᠴᠢᠨᠠᠷᠲᠠᠢ ᠪᠡᠶᠡᠯᠡᠭᠦᠯᠬᠦ ᠬᠡᠷᠡᠭᠲᠡᠢ᠃ ᠡᠷᠬᠡ ᠲᠡᠭᠰᠢ ᠲᠣᠪ ᠭᠤᠣᠯᠴᠢ ᠶᠢ ᠪᠠᠷᠢᠮᠲᠠᠯᠠᠵᠤ᠂ ᠬᠠᠤᠯᠢ | ᠶᠤᠰᠤᠭᠠᠷ ᠰᠢᠢᠳᠪᠦᠷᠢᠯᠡᠵᠦ᠂ ᠪᠤᠳᠠᠲᠠᠢ ᠲᠠᠢ ᠪᠠᠨ ᠤᠶᠠᠯᠳᠤᠭᠤᠯᠤᠨ ᠦᠭᠡᠷᠡᠴᠢᠯᠡᠨ ᠴᠡᠭᠴᠡᠯᠡᠬᠦ ᠲᠦᠰᠦᠪ ᠪᠠ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠠᠷᠢᠯᠢᠭᠵᠢᠭᠤᠯᠤᠨ ᠳᠡᠭᠦᠯᠳᠡᠷᠵᠢᠭᠦᠯᠬᠦ ᠬᠡᠷᠡᠭᠲᠡᠢ᠃ | | ᠫᠢᠩᠵᠤᠸᠠᠩ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠳ᠋ ᠶᠢᠨ ᠵᠠᠰᠠᠭ ᠤᠨ ᠲᠤᠪᠴᠢᠶ᠎ᠠ᠂ | ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ᠂ ᠣᠢ ᠰᠢᠭᠤᠢ ᠶᠢᠨ ᠲᠤᠪᠴᠢᠶ᠎ᠠ᠂ ᠤᠷᠤᠨ ᠰᠠᠭᠤᠴᠠ | ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠ ᠵᠠᠰᠠᠭ ᠤᠨ | ᠤᠷᠳᠤᠨ ᠤ ᠬᠠᠤᠯᠢ ᠴᠠᠭᠠᠵᠠ ᠶᠢᠨ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | |