ᠸᠠᠩ ᠶᠦᠩ ᠲᠤᠭᠤᠷᠢᠭ ᠤᠨ ᠵᠠᠰᠠᠭ ᠤᠨ ᠤᠷᠳᠤᠨ ᠤ ᠨᠠᠮ  ᠤᠨ ᠤᠳᠤᠷᠢᠳᠬᠤ  ᠳᠤᠭᠤᠶᠢᠯᠠᠩ ᠤᠨ ᠲᠤᠭᠤᠷᠢᠨ ᠪᠠᠶᠢᠴᠠᠭᠠᠵᠤ ᠦᠭᠡᠷᠡᠴᠢᠯᠡᠨ ᠴᠡᠭᠴᠡᠯᠡᠬᠦ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/6
  4 ᠰᠠᠷ᠎ᠠ ᠶᠢᠨ 6᠎ ᠤ ᠡᠳᠦᠷ᠂  ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠭᠤᠷᠢᠭ ᠤᠨ ᠳᠠᠷᠤᠭ᠎ᠠ ᠸᠠᠩ ᠶᠦᠩ᠂ ᠲᠤᠭᠤᠷᠢᠭ ᠤᠨ ᠵᠠᠰᠠᠭ ᠤᠨ ᠤᠷᠳᠤᠨ ᠤ ᠨᠠᠮ ᠎ ᠤᠨ ᠤᠳᠤᠷᠢᠳᠬᠤ  ᠳᠤᠭᠤᠶᠢᠯᠠᠩ ᠤᠨ ᠲᠤᠭᠤᠷᠢᠨ ᠪᠠᠶᠢᠴᠠᠭᠠᠵᠤ ᠦᠭᠡᠷᠡᠴᠢᠯᠡᠨ ᠴᠡᠭᠴᠡᠯᠡᠬᠦ ᠠᠵᠢᠯ ᠤᠨ ᠵᠣᠬᠢᠴᠠᠭᠤᠯᠬᠤ ᠬᠤᠷᠠᠯ  ᠢ ᠬᠤᠷᠠᠯᠳᠤᠭᠤᠯᠵᠤ᠂  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠤᠭᠤᠷᠢᠨ ᠪᠠᠶᠢᠴᠠᠭᠠᠵᠤ ᠦᠭᠡᠷᠡᠴᠢᠯᠡᠨ ᠴᠡᠭᠴᠡᠯᠡᠵᠦ  ᠱᠠᠭᠠᠷᠳᠠᠨ  ᠪᠠᠶᠢᠴᠠᠭᠠᠭᠰᠠᠨ ᠱᠠᠭᠠᠷᠳᠠᠯᠭ᠎ᠠ ᠪᠠ  ᠲᠤᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠦᠭᠡᠷᠡᠴᠢᠯᠡᠨ ᠴᠡᠭᠴᠡᠯᠡᠬᠦ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠠᠪᠤᠳᠤᠭᠠᠷ  ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠵᠠᠰᠠᠭ ᠤᠨ ᠤᠷᠳᠤᠨ ᠤ ᠰᠢᠰᠲ᠋ᠧᠮ ᠤᠨ ᠲᠤᠭᠤᠷᠢᠨ ᠪᠠᠶᠢᠴᠠᠭᠠᠵᠤ ᠳᠠᠬᠢᠨ ᠦᠭᠡᠷᠡᠴᠢᠯᠡᠨ ᠴᠡᠭᠴᠡᠯᠡᠬᠦ ᠠᠵᠢᠯ ᠳᠤ ᠪᠠᠶᠢᠷᠢᠯᠠᠭᠤᠯᠤᠯᠲᠠ ᠬᠢᠪᠡ᠃᠃       ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ  ᠤᠳᠤᠷᠢᠳᠬᠤ ᠳᠤᠭᠤᠶᠢᠯᠠᠩ ᠤᠨ ᠭᠡᠰᠢᠭᠦᠨ ᠼᠤᠤ ᡁᠢ ᠶᠦᠩ᠂  ᠰᠢᠦᠢ ᠵᠢᠶᠠᠨ ᠾᠦᠢ᠂  ᠯᠢᠨ ᠢᠦᠢ ᠬᠤᠸᠠ᠂  ᠴᠧᠩ ᠷᠦᠢ ᠪᠤᠤ᠂  ᠷᠧᠨ ᠵᠢᠶᠠᠨ ᠬᠤᠸᠠ ᠬᠤᠷᠠᠯ ᠳᠤ ᠤᠷᠤᠯᠴᠠᠵᠤ᠂ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠯᠢᠦ ᠮᠢᠩ ᠵᠦ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠪᠠᠷ ᠤᠷᠤᠯᠴᠠᠪᠠ᠃     ᠬᠤᠷᠠᠯ ᠳᠡᠭᠡᠷ᠎ᠡ᠂  ᠸᠠᠩ ᠶᠦᠩ  ︽ ᠲᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ  ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠤᠭᠤᠷᠢᠨ  ᠪᠠᠶᠢᠴᠠᠭᠠᠬᠤ ᠦᠭᠡᠷᠡᠴᠢᠯᠡᠨ ᠴᠡᠭᠴᠡᠯᠡᠬᠦ ᠱᠠᠭᠠᠷᠳᠠᠨ ᠪᠠᠶᠢᠴᠠᠭᠠᠬᠤ ᠮᠡᠳᠡᠭᠳᠡᠯ ᠤᠨ ᠪᠢᠴᠢᠭ︾ ᠎ ᠤᠨ ᠱᠠᠭᠠᠷᠳᠠᠯᠭ᠎ᠠ ᠪᠠ ᠲᠤᠭᠤᠷᠢᠭ ᠤᠨ  ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠦᠭᠡᠷᠡᠴᠢᠯᠡᠨ ᠴᠡᠭᠴᠡᠯᠡᠬᠦ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠠᠪᠤᠳᠤᠭᠠᠷ ᠬᠤᠷᠠᠯ ᠤᠨ ᠵᠣᠷᠢᠭ  ᠰᠠᠨᠠᠭᠠᠨ ᠤ ᠱᠠᠭᠠᠷᠳᠠᠯᠭ᠎ᠠ ᠲᠠᠢ ᠤᠶᠠᠯᠳᠤᠭᠤᠯᠵᠤ᠂  ᠲᠤᠭᠤᠷᠢᠨ ᠪᠠᠶᠢᠴᠠᠭᠠᠵᠤ ᠦᠭᠡᠷᠡᠴᠢᠯᠡᠨ ᠴᠡᠭᠴᠡᠯᠡᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃        ᠸᠠᠩ ᠶᠦᠩ ᠱᠠᠭᠠᠷᠳᠠᠬᠤ ᠳᠠᠭᠠᠨ᠂  ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠰᠠᠯᠠᠭ᠎ᠠ ᠮᠦᠴᠢᠷ ᠨᠢ ᠱᠠᠭᠠᠷᠳᠠᠨ ᠪᠠᠶᠢᠴᠠᠭᠠᠬᠤ ᠮᠡᠳᠡᠭᠳᠡᠯ ᠤᠨ ᠪᠢᠴᠢᠭ ᠤᠨ ᠡᠯ᠎ᠡ ᠲᠦᠷᠥᠯ ᠤᠨ ᠦᠭᠡᠷᠡᠴᠢᠯᠡᠨ ᠴᠡᠭᠴᠡᠯᠡᠬᠦ ᠡᠭᠦᠷᠭᠡ ᠶᠢᠨ ᠱᠠᠭᠠᠷᠳᠠᠯᠭ᠎ᠠ ᠶᠤᠰᠤᠭᠠᠷ  ᠱᠠᠲᠤ ᠱᠠᠲᠤ ᠪᠠᠷ ᠦᠭᠡᠷᠡᠴᠢᠯᠡᠨ ᠴᠡᠭᠴᠡᠯᠡᠬᠦ ᠶᠢ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ᠃ ᠴᠢᠬᠤᠯᠠ ᠠᠰᠠᠭᠤᠳᠠᠯ ᠢ ᠦᠭᠡᠷᠡᠴᠢᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠲᠤᠭᠳᠠᠭᠰᠠᠨ ᠬᠤᠭᠤᠴᠠᠭᠠᠨ ᠤ ᠲᠤᠲᠤᠷ᠎ᠠ ᠡᠯ᠎ᠡ ᠵᠦᠢᠯ ᠤᠨ ᠡᠭᠦᠷᠭᠡ ᠪᠠᠨ ᠴᠢᠨᠠᠷᠲᠠᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1