ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠨᠢ ᠤᠯᠠᠨ ᠠᠷᠭ᠎ᠠ ᠬᠡᠮᠵᠢᠶ᠎ᠡ ᠠᠪᠴᠤ ︽  ᠬᠠᠷ᠎ᠠ ᠶᠢ ᠴᠡᠪᠡᠷᠯᠡᠨ ᠭᠠᠵᠢᠭᠤ ᠶᠢ  ᠠᠷᠢᠯᠭᠠᠬᠤ︾  ᠲᠤᠰᠬᠠᠢ ᠲᠡᠮᠡᠴᠡᠯ ᠎ ᠢ ᠠᠬᠢᠭᠤᠯᠬᠤ ᠳᠤ ᠬᠦᠴᠦᠯᠡᠵᠦ ᠪᠤᠢ
ᠨᠡᠶᠢᠲᠡᠯᠡᠭᠰᠡᠨ ᠴᠠᠭ᠄
2018/5/17
    5 ᠰᠠᠷ᠎ᠠ ᠶᠢᠨ 14 ᠎ ᠤ ᠡᠳᠦᠷ᠂  ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠨᠢ ᠲᠤᠰᠬᠠᠢ ᠬᠤᠷᠠᠯ ᠬᠤᠷᠠᠯᠳᠤᠭᠤᠯᠵᠤ᠂ ︽ᠬᠠᠷ᠎ᠠ ᠶᠢ ᠴᠡᠪᠡᠷᠯᠡᠨ ᠭᠠᠵᠢᠭᠤ ᠶᠢ  ᠠᠷᠢᠯᠭᠠᠬᠤ︾  ᠲᠤᠰᠬᠠᠢ ᠲᠡᠮᠡᠴᠡᠯ ᠤᠨ ᠠᠵᠢᠯ ᠤᠨ ᠪᠠᠶᠢᠷᠢᠯᠠᠭᠤᠯᠤᠯᠲᠠ ᠬᠢᠵᠦ᠂  ᠬᠠᠤᠯᠢ ᠴᠠᠭᠠᠵᠠ  ᠶᠢᠨ ᠠᠵᠢᠯ ᠤᠨ ᠡᠭᠦᠷᠭᠡ ᠴᠢᠳᠠᠪᠬᠢ ᠪᠠᠨ ᠪᠠᠳᠠᠷᠠᠭᠤᠯᠤᠨ᠂  ᠪᠦᠲᠦᠮᠵᠢᠲᠡᠢ ᠠᠷᠭ᠎ᠠ ᠬᠡᠮᠵᠢᠶ᠎ᠡ ᠶᠢ ᠠᠪᠴᠤ᠂ ︽ᠬᠠᠷ᠎ᠠ ᠶᠢ ᠴᠡᠪᠡᠷᠯᠡᠨ ᠭᠠᠵᠢᠭᠤ ᠶᠢ  ᠠᠷᠢᠯᠭᠠᠬᠤ︾  ᠲᠤᠰᠬᠠᠢ ᠲᠡᠮᠡᠴᠡᠯ ᠎ ᠢ ᠭᠦᠨᠵᠡᠭᠡᠢ ᠦᠷᠨᠢᠭᠦᠯᠬᠦ ᠶᠢ ᠲᠦᠯᠬᠢᠨ ᠠᠬᠢᠭᠤᠯᠵᠤ ᠪᠠᠶᠢᠨ᠎ᠠ᠃     ᠲᠤᠰ ᠲᠤᠪᠴᠢᠶ᠎ᠠ ᠨᠢ  ᠨᠢᠭᠡ ᠳᠤ᠂ ᠲᠤᠪᠴᠢᠶᠠᠨ ᠳᠠᠷᠤᠭ᠎ᠠ ᠪᠠᠷ ᠲᠤᠭᠤᠶᠢᠯᠠᠩ ᠤᠨ ᠳᠠᠷᠤᠭ᠎ᠠ ᠪᠤᠯᠭᠠᠭᠰᠠᠨ᠂  ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢᠶᠠᠷ ᠭᠡᠰᠢᠭᠦᠨ ᠪᠤᠯᠭᠠᠭᠰᠠᠨ ︽ᠬᠠᠷ᠎ᠠ ᠶᠢ ᠴᠡᠪᠡᠷᠯᠡᠨ ᠭᠠᠵᠢᠭᠤ ᠶᠢ ᠠᠷᠢᠯᠭᠠᠬᠤ︾   ᠲᠤᠰᠬᠠᠢ ᠲᠡᠮᠡᠴᠡᠯ ᠤᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠢ ᠪᠠᠶᠢᠭᠤᠯᠤᠨ᠂  ᠠᠵᠢᠯ ᠤᠨ ᠬᠠᠷᠢᠭᠤᠴᠠᠯᠭ᠎ᠠ ᠶᠢ  ᠨᠠᠷᠢᠯᠢᠭᠵᠢᠭᠤᠯᠵᠠᠢ᠃  ᠬᠤᠶᠠᠷ ᠲᠤ᠂  ᠸᠢᠴᠠᠲ ᠲᠠᠪᠴᠠᠩ᠂ ᠬᠠᠤᠯᠢ ᠲᠦᠭᠡᠮᠡᠯᠵᠢᠭᠦᠯᠬᠦ  ᠪᠠᠭᠰᠢᠯᠠᠬᠤ ᠪᠦᠯᠬᠦᠮ᠂  ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠵᠡᠷᠭᠡ ᠬᠡᠯᠪᠡᠷᠢ ᠪᠠᠷ᠂  ᠲᠤᠰᠬᠠᠢ ᠠᠵᠢᠯᠯᠠᠭᠠᠨ ᠢ ᠦᠷᠭᠡᠨ ᠎ ᠢᠶᠠᠷ ᠤᠬᠠᠭᠤᠯᠤᠨ᠂ ᠤᠯᠠᠨ ᠲᠦᠮᠡᠨ ᠤ ︽ᠬᠠᠷ᠎ᠠ ᠶᠢ ᠴᠡᠪᠡᠷᠯᠡᠨ ᠭᠠᠵᠢᠭᠤ ᠶᠢ  ᠠᠷᠢᠯᠭᠠᠬᠤ︾  ᠲᠡᠮᠡᠴᠡᠯ ᠳᠤ ᠤᠷᠤᠯᠴᠠᠬᠤ ᠬᠠᠷᠢᠭᠤᠴᠠᠯᠭ᠎ᠠ ᠪᠠ ᠢᠳᠡᠪᠬᠢᠵᠢᠯ ᠢ ᠤᠯᠠᠮ ᠨᠢᠭᠡ ᠠᠯᠬᠤᠮ ᠴᠢᠩᠭᠠᠳᠬᠠᠵᠤ᠂  ᠰᠢᠯᠢᠳᠡᠭ ᠰᠠᠶᠢᠨ ᠨᠡᠶᠢᠭᠡᠮ ᠤᠨ ᠠᠮᠤᠷ ᠲᠦᠪᠰᠢᠨ ᠤ ᠤᠷᠴᠢᠨ ᠢ ᠪᠤᠢ ᠪᠤᠯᠭᠠᠪᠠ᠃  ᠭᠤᠷᠪᠠ ᠳᠤ᠂  ᠠᠷᠠᠳ ᠤᠨ ᠬᠤᠭᠤᠷᠤᠨᠳᠤᠬᠢ ᠵᠢᠭᠤᠷᠠᠭᠠᠨ ᠢ ᠶᠡᠬᠡᠪᠡᠷ ᠪᠠᠶᠢᠴᠠᠭᠠᠨ ᠰᠢᠢᠳᠪᠦᠷᠢᠯᠡᠬᠦ ᠠᠵᠢᠯᠯᠠᠭᠠᠨ ᠢ ᠦᠷᠨᠢᠭᠦᠯᠵᠤ᠂  ᠭᠤᠣᠯᠳᠠᠯᠭ᠎ᠠ ᠲᠠᠢ ᠪᠠᠷ ᠵᠠᠬᠢᠳᠠᠯ ᠰᠤᠷᠪᠤᠯᠵᠢᠯᠠᠭ᠎ᠠ ᠬᠢᠵᠦ ᠪᠠᠶᠢᠭ᠎ᠠ ᠬᠦᠮᠦᠰ᠂  ᠤᠨᠴᠠᠭᠠᠢ ᠬᠦᠮᠦᠰ᠂  ᠤᠯᠠᠨ ᠲᠦᠮᠡᠨᠴᠢ ᠴᠢᠨᠠᠷ ᠲᠠᠢ ᠵᠢᠭᠤᠷᠠᠭᠠᠨ ᠪᠠ ᠬᠦᠨᠳᠦ ᠶᠡᠭᠡ ᠬᠦᠴᠢᠷ ᠲᠦᠪᠡᠭᠲᠡᠢ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂  ᠵᠦᠷᠢᠴᠡᠯ ᠵᠢᠭᠤᠷᠠᠭᠠᠨ ᠢ ᠢᠳᠡᠪᠬᠢᠲᠡᠢ ᠰᠢᠢᠳᠪᠦᠷᠢᠯᠡᠨ᠂ ᠠᠷᠠᠳ ᠤᠨ ᠬᠤᠭᠤᠷᠤᠨᠳᠤᠬᠢ ᠵᠢᠭᠤᠷᠠᠭᠠᠨ ᠨᠢ ᠡᠷᠡᠭᠦᠦ ᠶᠢᠨ ᠬᠡᠷᠡᠭ ᠪᠣᠯᠬᠤ ᠠᠴᠠ  ᠰᠡᠷᠡᠮᠵᠢᠯᠡᠵᠦ ᠴᠢᠳᠠᠭᠰᠠᠨ ᠪᠠᠶᠢᠨ᠎ᠠ᠃  ᠳᠥᠷᠪᠡ ᠳᠤ᠂  ᠨᠡᠶᠢᠭᠡᠮ ᠲᠤᠭᠤᠷᠢᠭ ᠤᠨ ᠵᠠᠰᠠᠨ ᠵᠠᠯᠠᠷᠠᠭᠤᠯᠬᠤ ᠡᠯ᠎ᠡ ᠵᠦᠢᠯ ᠤᠨ ᠳᠦᠷᠢᠮ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂  ᠬᠠᠷ᠎ᠠ ᠪᠦᠯᠦᠭ ᠤᠨ ᠰᠢᠨᠵᠢ ᠴᠢᠨᠠᠷ  ᠎ ᠲᠠᠢ ᠶᠠᠯ᠎ᠠ ᠬᠢᠭᠰᠡᠳ ᠲᠤ ᠬᠠᠤᠯᠢ ᠶᠤᠰᠤᠭᠠᠷ ᠴᠢᠩᠭ᠎ᠠ ᠴᠤᠬᠢᠯᠲᠠ ᠥᠭᠴᠦ᠂  ᠨᠡᠶᠢᠭᠡᠮ ᠲᠤᠭᠤᠷᠢᠭ ᠤᠨ  ᠡᠷᠡᠭᠦᠦ ᠶᠢᠨ ᠰᠢᠢᠳᠬᠡᠯ ᠬᠦᠯᠢᠶᠡᠵᠦ ᠪᠠᠶᠢᠭ᠎ᠠ ᠬᠦᠮᠦᠰ ᠪᠠ ᠰᠤᠯᠠᠯᠠᠭᠳᠠᠭᠰᠠᠨ ᠶᠠᠯᠠᠲᠠᠨ ᠤ  ᠬᠠᠮᠢᠶᠠᠷᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠰᠤᠯᠠᠯᠠᠭᠳᠠᠭᠰᠠᠨ ᠶᠠᠯᠠᠲᠠᠨ ᠬᠠᠷ᠎ᠠ ᠪᠦᠯᠦᠭ ᠤᠨ ᠬᠢᠨ ᠳᠤ ᠲᠠᠲᠠᠭᠳᠠᠵᠤ᠂ ᠲᠠᠬᠢᠨ ᠶᠠᠯ᠎ᠠ ᠬᠢᠬᠦ ᠵᠠᠮ ᠎ ᠢᠶᠠᠷ  ᠶᠠᠪᠤᠬᠤ ᠶᠢ  ᠰᠡᠷᠭᠡᠶᠢᠯᠡᠭᠰᠡᠨ ᠪᠠᠶᠢᠨ᠎ᠠ  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1