ᠫᠢᠩᠵᠤᠸᠠᠩ ᠪᠠᠷᠠᠭᠤᠨ ᠬᠤᠳᠠ ᠵᠡᠭᠡᠯᠢ ᠭᠤᠳᠤᠮᠵᠢ ᠨᠢ ᠠᠶᠤᠯᠬᠦᠢ ᠦᠢᠯᠡᠳᠪᠦᠷᠢᠯᠡᠯ ᠤᠨ ᠠᠵᠢᠯ ᠢ ᠰᠤᠯᠠᠷᠠᠰᠢ ᠦᠭᠡᠢ ᠠᠳᠬᠤᠵᠤ ᠪᠤᠢ
ᠨᠡᠶᠢᠲᠡᠯᠡᠭᠰᠡᠨ ᠴᠠᠭ᠄
2018/5/17
    ᠠᠶᠤᠯᠭᠦᠢ ᠦᠢᠯᠡᠳᠪᠦᠷᠢᠯᠡᠯ ᠤᠨ ᠰᠢᠯᠢᠳᠡᠭ ᠰᠠᠶᠢᠨ ᠪᠠᠶᠢᠳᠠᠯ ᠢ ᠦᠷᠭᠦᠯᠵᠢᠯᠡᠨ ᠪᠠᠲᠤᠯᠠᠬᠤ ᠶᠢᠨ ᠲᠦᠯᠦᠭᠡ᠂  ᠫᠢᠩᠵᠤᠸᠠᠩ ᠪᠠᠷᠠᠭᠤᠨ ᠬᠤᠳᠠ ᠵᠡᠭᠡᠯᠢ ᠭᠤᠳᠤᠮᠵᠢ ᠨᠢ ᠤᠯᠠᠨ ᠠᠷᠭ᠎ᠠ ᠬᠡᠮᠵᠢᠶ᠎ᠡ ᠶᠢ ᠠᠪᠴᠤ᠂ ᠬᠠᠷᠢᠶᠠᠨ ᠳᠤᠲᠤᠷᠠᠬᠢ ᠠᠶᠤᠯᠭᠦᠢ ᠶᠢᠨ  ᠭᠡᠮ ᠰᠣᠭᠤᠭ ᠢ ᠪᠠᠶᠢᠴᠠᠭᠠᠬᠤ ᠠᠵᠢᠯ ᠢ  ᠴᠢᠩᠭᠠᠳᠬᠠᠨ᠂  ᠠᠮᠤᠷ ᠲᠥᠪᠰᠢᠨ ᠲᠤᠭᠳᠠᠭᠤᠨ ᠬᠥᠭᠵᠢᠯᠲᠡ ᠢ ᠠᠬᠢᠭᠤᠯᠵᠠᠢ᠃     ᠨᠢᠭᠡ ᠳᠤ᠂ ᠦᠷᠭᠡᠨ ᠳᠡᠯᠭᠡᠷ ᠤᠬᠠᠭᠤᠯᠭ᠎ᠠ ᠬᠢᠪᠡ᠃  ᠨᠡᠶᠢᠭᠡᠮ ᠲᠤᠭᠤᠷᠢᠭ ᠤᠨ IED᠂  ᠤᠬᠠᠭᠤᠯᠭ᠎ᠠ ᠶᠢᠨ ᠰᠠᠮᠪᠠᠷ᠎ᠠ  ᠵᠡᠷᠭᠡ ᠶᠢ ᠠᠰᠢᠭᠯᠠᠨ᠂ ᠠᠶᠤᠯᠭᠦᠢ ᠦᠢᠯᠡᠳᠪᠦᠷᠢᠯᠡᠯ ᠤᠨ ᠡᠩ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠯᠡᠭᠦᠯᠵᠦ᠂  ᠤᠯᠠᠨ ᠲᠦᠮᠡᠨ ᠤ ᠠᠶᠤᠯᠭᠦᠢ  ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠪᠡ᠃  ᠲᠤᠭᠳᠠᠮᠠᠯ ᠬᠤᠭᠤᠴᠠᠭ᠎ᠠ ᠲᠠᠢ ᠎ ᠪᠠᠷ ᠬᠠᠷᠢᠶᠠᠨ ᠲᠤᠳᠤᠷᠠᠬᠢ ᠠᠶᠤᠯᠭᠦᠢ ᠶᠢᠨ ᠬᠠᠮᠢᠶᠠᠷᠤᠯᠲᠠ ᠶᠢᠨ ᠬᠦᠮᠦᠰ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠢ ᠶᠢᠨ ᠬᠦᠮᠦᠵᠢᠯ ᠤᠨ ᠪᠤᠯᠪᠠᠰᠤᠷᠠᠯ ᠢ ᠡᠷᠬᠢᠯᠡᠨ᠂  ᠡᠯ᠎ᠡ ᠠᠵᠤ ᠠᠬᠤᠶᠢᠯᠠᠯ ᠢ ᠬᠠᠤᠯᠢ ᠶᠤᠰᠤᠭᠠᠷ ᠡᠵᠡᠩᠨᠡᠬᠦ ᠶᠢ ᠱᠠᠭᠠᠷᠳᠠᠵᠠᠢ᠃    ᠬᠤᠶᠠᠷ ᠲᠤ᠂  ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠪᠠ᠃  ᠬᠠᠷᠢᠶᠠᠨ ᠳᠤᠲᠤᠷᠠᠬᠢ ᠪᠦᠬᠦᠶᠢᠯᠡ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠬᠦᠮᠦᠨ ᠤᠯᠠᠨ ᠴᠤᠭᠯᠠᠷᠠᠳᠠᠭ ᠲᠠᠯᠠᠪᠤᠷ᠂ ᠪᠠᠷᠢᠯᠭ᠎ᠠ ᠶᠢᠨ ᠭᠠᠵᠠᠷ᠂  ᠰᠢᠲᠠᠭᠠᠯᠭ᠎ᠠ ᠶᠢᠨ ᠬᠡᠢ ᠶᠢᠨ ᠬᠤᠭᠤᠯᠠᠢ᠂ ᠭᠠᠯ ᠢ ᠰᠡᠷᠭᠡᠶᠢᠯᠡᠬᠦ ᠪᠠᠭᠠᠵᠢ ᠲᠦᠬᠦᠭᠡᠷᠡᠮᠵᠢ᠂  ᠬᠤᠸᠠᠷ ᠫᠤᠤᠵᠢᠩ ᠬᠤᠳᠠᠯᠳᠤᠬᠤ ᠭᠠᠵᠠᠷ ᠵᠡᠷᠭᠡ ᠬᠦᠷᠢᠶ᠎ᠡ ᠬᠡᠪᠴᠢᠶᠡᠨ ᠳᠤ ᠬᠡᠪ ᠤᠨ ᠪᠠᠶᠢᠴᠠᠭᠠᠯᠲᠠ ᠪᠠ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂  ᠢᠯᠡᠷᠡᠭᠰᠡᠨ ᠠᠰᠠᠭᠤᠳᠠᠯ ᠢ ᠤᠷᠤ ᠳᠤᠤᠷ᠎ᠠ ᠨᠢ ᠰᠢᠢᠳᠪᠦᠷᠢᠯᠡᠨ᠂  ᠪᠠᠭ᠎ᠠ ᠳᠡᠭᠡᠷ᠎ᠡ ᠨᠢ ᠤᠰᠠᠳᠬᠠᠵᠠᠢ᠃     ᠭᠤᠷᠪᠠ ᠳᠤ᠂  ᠠᠶᠤᠯᠭᠦᠢ ᠦᠢᠯᠡᠳᠪᠦᠷᠢᠯᠡᠯ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠪᠡ᠃  ᠵᠡᠭᠡᠯᠢ ᠭᠤᠳᠤᠮᠵᠢ᠂ ᠨᠡᠶᠢᠭᠡᠮ ᠲᠤᠭᠤᠷᠢᠭ ᠤᠨ ᠬᠤᠶᠠᠷ ᠱᠠᠲᠤᠨ ᠤ ᠠᠶᠤᠯᠭᠦᠢ ᠦᠢᠯᠡᠳᠪᠦᠷᠢᠯᠡᠯ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂  ᠪᠠᠴᠢᠮ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠢᠶᠠᠨ ᠴᠢᠩᠭᠠᠳᠬᠠᠵᠤ᠂  ᠠᠶᠤᠯᠭᠦᠢ ᠦᠢᠯᠡᠳᠪᠦᠷᠢᠯᠡᠯ ᠤᠨ ᠬᠡᠷᠡᠭ ᠶᠠᠪᠤᠳᠠᠯ ᠭᠠᠷᠬᠤ ᠶᠢ ᠡᠷᠡᠰ ᠬᠤᠷᠢᠭᠯᠠᠵᠤ ᠴᠢᠳᠠᠭᠰᠠᠨ ᠪᠠᠶᠢᠨ᠎ᠠ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1