ᠲᠤᠭᠤᠷᠢᠭ ᠤᠨ ᠦᠢᠯᠡᠳᠪᠦᠷᠢ ᠬᠤᠳᠠᠯᠳᠤᠭ᠎ᠠ ᠶᠢᠨ ᠬᠤᠯᠪᠤᠭᠠᠳᠤ ᠬᠤᠷᠠᠯ ᠨᠢ ᠰᠢᠨ᠎ᠡ ᠭᠠᠶᠢᠯᠢ ᠶᠢᠨ ᠬᠠᠤᠯᠢ ᠪᠠ ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ ᠲᠦᠷᠥ ᠶᠢᠨ ᠪᠣᠳᠤᠯᠭ᠎ᠠ ᠶᠢᠨ ᠲᠠᠶᠢᠯᠪᠤᠷᠢᠯᠠᠯᠲᠠ ᠶᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2018/5/28
   5 ᠰᠠᠷ᠎ᠠ ᠶᠢᠨ 22᠎ ᠤ ᠡᠳᠦᠷ᠂  ᠲᠤᠭᠤᠷᠢᠭ ᠤᠨ ᠦᠢᠯᠡᠳᠪᠦᠷᠢᠯᠡᠯ ᠬᠤᠳᠠᠯᠳᠤᠭ᠎ᠠ ᠶᠢᠨ ᠬᠤᠯᠪᠤᠭᠠᠲᠤ ᠬᠤᠷᠠᠯ ᠎ ᠨᠢ ᠪᠤᠯᠪᠠᠰᠤᠷᠠᠯ ᠡᠷᠬᠢᠯᠡᠵᠦ᠂ 33 ᠨᠡᠷ᠎ᠡ ᠦᠢᠯᠡᠳᠪᠦᠷᠢᠯᠡᠯ ᠬᠤᠳᠠᠯᠳᠤᠭ᠎ᠠ ᠎ ᠶᠢᠨ ᠬᠤᠯᠪᠤᠭᠠᠲᠤ ᠬᠤᠷᠠᠯ ᠤᠨ ᠭᠡᠰᠢᠭᠦᠨ ᠠᠵᠤ ᠠᠬᠤᠶᠢᠯᠠᠯ ᠳᠤ ᠰᠢᠨ᠎ᠡ ᠭᠠᠶᠢᠯᠢ ᠶᠢᠨ ᠬᠠᠤᠯᠢ  ᠵᠢᠴᠢ ᠨᠡᠶᠢᠲᠡ  ᠶᠢᠨ ᠪᠤᠰᠤ ᠠᠵᠤ ᠠᠬᠤᠶᠢᠯᠠᠯ ᠤᠨ  ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ ᠲᠦᠷᠥ ᠶᠢᠨ ᠪᠣᠳᠤᠯᠭ᠎ᠠ ᠶᠢ ᠲᠠᠶᠢᠯᠪᠤᠷᠢᠯᠠᠨ ᠥᠭᠴᠡᠢ᠃
  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠠᠯᠪᠠᠨ ᠭᠡᠷ ᠤᠨ ᠡᠷᠬᠢᠯᠡᠭᠴᠢ᠂  ᠨᠢᠭᠡᠲᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠦ ᠯᠢᠶᠠᠨ ᠭᠦᠸᠧ ᠬᠤᠷᠠᠯ ᠳᠤ ᠰᠠᠭᠠᠲᠠᠵᠤ ᠶᠠᠷᠢᠶ᠎ᠠ ᠲᠠᠯᠪᠢᠵᠠᠢ᠃  ᠲᠡᠷᠡ  ᠶᠠᠷᠢᠬᠤ ᠳᠠᠭᠠᠨ᠂  ᠦᠷᠭᠡᠨ ᠤᠯᠠᠨ ᠠᠵᠤ  ᠠᠬᠤᠶᠢᠯᠠᠯᠲᠠᠨ ᠨᠢ ᠰᠢᠨ᠎ᠡ ᠶᠢ  ᠡᠭᠦᠳᠬᠦ ᠬᠥᠭᠵᠢᠯᠲᠡ ᠪᠠᠨ ᠳᠡᠭᠡᠭᠰᠢᠯᠡᠭᠦᠯᠵᠦ᠂  ᠬᠠᠮᠢᠶᠠᠷᠤᠯᠲᠠ ᠪᠠᠨ ᠴᠢᠩᠭᠠᠳᠬᠠᠨ᠂  ᠬᠦᠷᠦᠩᠭᠡ ᠶᠢᠨ ᠠᠵᠢᠯᠯᠠᠭ᠎ᠠ ᠪᠠ ᠵᠠᠬ᠎ᠠ ᠳᠡᠯᠭᠡᠭᠦᠷ ᠢ ᠨᠡᠭᠡᠭᠡᠨ ᠬᠦᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂  ᠰᠤᠷᠤᠯᠴᠠᠯᠭ᠎ᠠ ᠪᠠᠷ ᠳᠠᠮᠵᠢᠭᠤᠯᠵᠤ᠂  ᠰᠤᠷᠤᠯᠴᠠᠯᠭ᠎ᠠ ᠶᠢᠨ ᠬᠡᠯᠪᠡᠷᠢ ᠎ ᠶᠢᠨ ᠠᠵᠤ  ᠠᠬᠤᠶᠢᠯᠠᠯᠲᠠᠨ ᠪᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠂  ᠪᠦᠲᠦᠭᠡᠭᠳᠡᠭᠦᠨ ᠤ ᠰᠢᠨ᠎ᠡ ᠶᠢ ᠡᠭᠦᠳᠴᠦ᠂  ᠦᠷᠦᠰᠦᠯᠳᠦᠬᠦ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠡᠢ᠃  ᠬᠠᠤᠯᠢ ᠶᠤᠰᠤᠭᠠᠷ ᠡᠵᠡᠩᠨᠡᠵᠦ᠂  ᠢᠲᠡᠭᠡᠯ ᠢ ᠡᠷᠬᠢᠮᠯᠡᠵᠦ᠂  ᠨᠡᠶᠢᠭᠡᠮ ᠎ ᠤᠨ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠨ᠂  ᠤᠯᠠᠨ ᠲᠦᠮᠡᠨ ᠪᠠ ᠨᠡᠶᠢᠭᠡᠮ ᠳᠤ ᠬᠠᠷᠢᠭᠤ ᠲᠤᠰᠠᠯᠠᠬᠤ ᠪᠠᠨ  ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠪᠤᠯᠭᠠᠬᠤ ᠬᠡᠷᠡᠭᠲᠡᠢ᠃  ᠠᠵᠤ ᠠᠬᠤᠶᠢᠯᠠᠯ ᠨᠢ  ᠨᠡᠶᠢᠭᠡᠮ ᠎ ᠤᠨ ᠦᠢᠯᠡᠰ  ᠪᠠ ᠠᠵᠢᠯᠯᠠᠭᠠᠨ ᠳᠤ ᠴᠢᠷᠮᠠᠶᠢᠨ ᠤᠷᠤᠯᠴᠠᠵᠤ᠂  ᠤᠯᠠᠨ ᠠᠷᠭ᠎ᠠ ᠬᠡᠯᠪᠡᠷᠢ ᠪᠠᠷ ᠶᠠᠳᠠᠭᠤ ᠶᠢ ᠲᠡᠳᠬᠦᠬᠦ ᠠᠵᠢᠯ ᠢ  ᠳᠡᠮᠵᠢᠬᠦ ᠬᠡᠷᠡᠭᠲᠡᠢ ᠭᠡᠵᠡᠢ᠃ 
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1