ᠮᠠᠨ ᠎ ᠤ ᠲᠤᠭᠤᠷᠢᠭ ᠤᠨ 2018 ᠣᠨ ᠤ  ᠶᠡᠭᠡ ᠳᠡᠭᠡᠳᠦ ᠰᠤᠷᠭᠠᠭᠤᠯᠢ ᠶᠢᠨ  ᠤᠯᠤᠰ ᠤᠨ ᠰᠢᠯᠭᠠᠯᠲᠠ ᠶᠢᠨ ᠡᠯ᠎ᠡ ᠲᠦᠷᠥᠯ ᠤᠨ ᠪᠡᠯᠡᠳᠬᠡᠯ ᠠᠵᠢᠯ ᠪᠦᠷᠢᠨ ᠪᠤᠯᠵᠠᠢ
ᠨᠡᠶᠢᠲᠡᠯᠡᠭᠰᠡᠨ ᠴᠠᠭ᠄
2018/6/12
    6 ᠰᠠᠷ᠎ᠠ ᠎ ᠶᠢᠨ 6᠎ ᠤ ᠡᠳᠦᠷ᠂ 2018 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠢᠯᠭᠠᠯᠲᠠ ᠶᠢᠨ ᠶᠤᠸᠠᠨ ᠪᠤᠤ ᠱᠠᠨ ᠲᠤᠭᠤᠷᠢᠭ ᠤᠨ ᠬᠢᠨᠠᠭᠴᠢᠳ ᠤᠨ ᠪᠤᠯᠪᠠᠰᠤᠷᠠᠯ ᠤᠨ ᠬᠤᠷᠠᠯ ᠢ ᠲᠤᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠢᠪᠡ᠃ ᠦᠪᠡᠷᠲᠡᠭᠡᠨ ᠵᠠᠰᠠᠬᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠢᠯᠭᠠᠯᠲᠠ ᠶᠢᠨ ᠲᠤᠭᠤᠷᠢᠨ ᠴᠠᠭᠳᠠᠭᠴᠢ ᠳ᠋ᠦᠩ ᠶᠦᠩ ᠱᠧᠩ᠂  ᠾᠧᠦ ᠰᠢᠦ ᠹᠧᠩ᠂  ᠬᠤᠳᠠ ᠤᠨ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠢᠯᠭᠠᠯᠲᠠ ᠶᠢᠨ  ᠲᠤᠭᠤᠷᠢᠨ ᠴᠠᠭᠳᠠᠭᠴᠢ  ᠶᠠᠩ ᠰᠢᠤᠸᠠᠢ ᠮᠧᠢ᠂  ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ᠂  ᠲᠤᠭᠤᠷᠢᠭ ᠤᠨ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ  ᠡᠷᠬᠢᠯᠡᠭᠴᠢ ᠴᠧᠩ ᠷᠦᠢ ᠪᠣᠤ ᠬᠤᠷᠠᠯ ᠳᠤ ᠰᠠᠭᠠᠲᠠᠪᠠ᠃
    ᠴᠧᠩ ᠷᠦᠢ ᠪᠤᠤ  ᠬᠤᠷᠠᠯ ᠳᠡᠭᠡᠷ᠎ᠡ ᠴᠢᠬᠤᠯᠠᠴᠢᠯᠠᠬᠤ ᠳᠠᠭᠠᠨ᠂  ᠡᠯ᠎ᠡ  ᠬᠠᠮᠢᠶ᠎ᠠ ᠪᠦᠬᠦᠢ ᠰᠠᠯᠠᠭ᠎ᠠ ᠮᠦᠴᠢᠷ ᠎ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠤᠯᠤᠰ ᠲᠦᠷᠥ ᠶᠢᠨ ᠬᠠᠷᠢᠭᠤᠴᠠᠯᠭᠠᠲᠤ ᠤᠪᠣᠷ ᠢᠶᠠᠨ ᠦᠨᠡᠩᠬᠦ ᠴᠢᠩᠭᠠᠳᠬᠠᠨ᠂  ᠡᠷᠬᠡ ᠲᠡᠭᠰᠢ᠂ ᠲᠥᠪ ᠭᠤᠣᠯᠴᠢ᠂ ᠪᠠᠷᠢᠮᠵᠢᠶᠠᠵᠢᠭᠰᠠᠨ᠂  ᠡᠮᠬᠢ ᠲᠢᠭᠯᠢᠮ ᠲᠠᠢ  ᠤᠯᠤᠰ ᠤᠨ ᠰᠢᠯᠭᠠᠯᠲᠠ ᠶᠢᠨ ᠤᠷᠴᠢᠨ ᠢ ᠪᠤᠢ ᠪᠤᠯᠭᠠᠬᠤ ᠪᠠᠷ ᠠᠵᠢᠯ ᠢᠶᠠᠨ  ᠦᠷᠨᠢᠭᠦᠯᠬᠦ ᠬᠡᠷᠡᠭᠲᠡᠢ᠃  ᠳᠡᠰ ᠳᠠᠷᠠᠭ᠎ᠠ ᠶᠢ ᠴᠢᠩᠭ᠎ᠠ ᠬᠡᠷᠡᠭᠵᠢᠭᠦᠯᠵᠦ᠂  ᠳᠡᠭᠡᠳᠦ ᠬᠡᠮᠵᠢᠶ᠎ᠡ ᠪᠠᠷ ᠬᠠᠷᠢᠭᠤᠴᠠᠨ᠂  ᠰᠢᠯᠭᠠᠯᠲᠠ ᠶᠢᠨ ᠰᠡᠳᠦᠪ ᠎ ᠤᠨ ᠨᠢᠭᠤᠴᠠ ᠶᠢ ᠬᠠᠮᠠᠭᠠᠯᠠᠬᠤ᠂  ᠰᠢᠯᠭᠠᠯᠲᠠ ᠶᠢᠨ ᠶᠠᠪᠤᠳᠠᠯ ᠤᠨ ᠪᠤᠯᠪᠠᠰᠤᠷᠠᠯ ᠬᠢᠬᠦ᠂ ᠰᠤᠷᠤᠭᠴᠢᠳ ᠤᠨ ᠦᠨᠡᠨᠴᠢ ᠪᠠᠷ ᠰᠢᠯᠭᠠᠯᠲᠠ ᠪᠠᠷ ᠤᠷᠤᠯᠴᠠᠬᠤ ᠬᠦᠮᠦᠵᠢᠯ ᠢ ᠬᠢᠬᠦ ᠵᠡᠷᠭᠡ ᠶᠢ ᠴᠢᠩᠭᠠᠳᠬᠠᠵᠤ᠂  ᠦᠷᠭᠡᠨ ᠤᠯᠠᠨ ᠰᠢᠯᠭᠠᠯᠲᠠ ᠳᠤ ᠤᠷᠤᠯᠴᠠᠬᠤ ᠰᠤᠷᠤᠭᠴᠢᠳ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠤᠪᠣᠷ ᠢᠶᠠᠷ᠂  ᠦᠨᠳᠦᠷ ᠪᠠᠷᠢᠮᠵᠢᠶ᠎ᠠ ᠲᠠᠢ᠂  ᠦᠨᠳᠦᠷ ᠴᠢᠨᠠᠷ ᠴᠢᠨᠰᠠᠭ᠎ᠠ ᠲᠠᠢ ᠪᠠᠷ ᠠᠵᠢᠯ ᠢᠶᠠᠨ ᠪᠡᠶᠡᠯᠡᠭᠦᠯᠬᠦ ᠬᠡᠷᠡᠭᠲᠡᠢ ᠭᠡᠵᠡᠢ᠃
    ᠤᠳᠤᠷᠢᠳᠤᠯᠭ᠎ᠠ ᠨᠠᠷ ᠰᠢᠯᠭᠠᠯᠲᠠ ᠶᠢᠨ ᠲᠠᠯᠠᠪᠠᠢ ᠶᠢᠨ ᠪᠡᠯᠡᠳᠬᠡᠯ ᠠᠵᠢᠯ ᠢ ᠪᠠᠶᠢᠴᠠᠭᠠᠨ ᠦᠵᠡᠵᠦ  ᠪᠠᠶᠢᠭ᠎ᠠ ᠨᠢ  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1