ᠮᠠᠨ ᠤ ᠲᠤᠭᠤᠷᠢᠭ ᠨᠢ ᠪᠤᠳᠠᠰ ᠤᠨ ᠪᠤᠰᠤ ᠰᠤᠶᠤᠯ ᠤᠨ ᠥᠪ ᠤᠨ ᠨᠠᠷᠢᠨ ᠠᠷᠲᠠᠢ ᠴᠠᠭᠠᠰᠤᠨ ᠰᠡᠶᠢᠯᠦᠮᠡᠯ ᠤᠨ ᠪᠦᠲᠦᠭᠡᠭᠳᠡᠭᠦᠨ ᠤ ᠦᠵᠡᠭᠦᠯᠦᠯᠭᠡ ᠡᠷᠬᠢᠯᠡᠪᠡ
ᠨᠡᠶᠢᠲᠡᠯᠡᠭᠰᠡᠨ ᠴᠠᠭ᠄
2018/6/12
   6 ᠰᠠᠷ᠎ᠠ ᠶᠢᠨ 8 ᠎ ᠤ ᠡᠳᠦᠷ᠂  ᠦᠪᠡᠷᠲᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠥᠪ ᠤᠨ ᠨᠠᠷᠢᠨ ᠠᠷᠲᠠᠢ ᠴᠠᠭᠠᠰᠤᠨ ᠰᠡᠶᠢᠯᠦᠮᠡᠯ ᠤᠨ ᠲᠦᠷᠥᠯ ᠵᠦᠢᠯ ---  ᠶᠤᠸᠠᠨ ᠪᠤᠤ ᠱᠠᠨ ᠤ ᠨᠠᠷᠢᠨ‌ᠠᠷᠲᠠᠢ ᠴᠠᠭᠠᠰᠤᠨ ᠰᠡᠶᠢᠯᠦᠮᠡᠯ ᠤᠨ ᠪᠦᠲᠦᠭᠡᠭᠳᠡᠭᠦᠨ ᠤ ᠦᠵᠡᠭᠦᠯᠦᠯᠭᠡ ᠨᠢ ᠦᠵᠢᠶᠠ ᠪᠠᠯᠭᠠᠰᠤᠨ ᠤ  ᠭᠤᠣᠯ  ᠪᠠᠭ᠎ᠠ ᠰᠤᠷᠭᠠᠭᠤᠯᠢ ᠳᠤ ᠶᠠᠪᠤᠭᠳᠠᠪᠠ᠃  ᠦᠨᠳᠦᠰᠦᠲᠡᠨ ᠤ ᠵᠠᠩ ᠳᠠᠳᠬᠠᠯ᠂  ᠠᠷᠪᠠᠨ ᠬᠤᠶᠠᠷ ᠡᠷᠬᠡᠲᠡᠨ᠂   ᠠᠭᠤᠤ ᠬᠦᠮᠦᠰ ᠤᠨ ᠰᠢᠯᠦᠭ ᠳᠠᠭᠤᠯᠠᠯ ᠵᠡᠷᠭᠡ ᠰᠡᠳᠦᠪ ᠲᠠᠢ 700  ᠵᠠᠭᠤ ᠭᠠᠷᠤᠢ ᠪᠦᠲᠦᠭᠡᠯ ᠦᠵᠡᠭᠦᠯᠦᠯᠭᠡ ᠳᠤ ᠤᠷᠤᠯᠴᠠᠵᠠᠢ᠃
    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠤᠬᠠᠭᠤᠯᠬᠤ ᠬᠡᠯᠲᠡᠰ ᠤᠨ ᠳᠠᠷᠤᠭ᠎ᠠ᠂  ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠪᠠᠭ᠎ᠠ ᠲᠤᠭᠤᠶᠢᠯᠠᠩ ᠤᠨ ᠭᠡᠰᠢᠭᠦᠨ  ᠰᠢᠦᠢ ᠵᠢᠶᠠᠨ ᠾᠦᠢ ᠦᠵᠡᠭᠦᠯᠦᠯᠭᠡ ᠳᠤ ᠰᠠᠭᠠᠲᠠᠵᠤ ᠶᠠᠷᠢᠶ᠎ᠠ ᠲᠠᠯᠪᠢᠵᠠᠢ᠃  ᠲᠡᠷᠡ ᠵᠢᠭᠠᠬᠤ ᠳᠠᠭᠠᠨ᠂   ᠰᠤᠶᠤᠯ ᠤᠨ ᠥᠪ ᠢ ᠬᠠᠮᠠᠭᠠᠯᠠᠵᠤ᠂  ᠵᠠᠯᠭᠠᠮᠵᠢᠯᠠᠵᠤ᠂  ᠬᠥᠭᠵᠢᠭᠦᠯᠬᠦ ᠨᠢ ᠨᠡᠶᠢᠭᠡᠮ ᠵᠢᠷᠦᠮᠲᠦ ᠭᠤᠣᠯᠯᠠᠭᠴᠢ ᠦᠷᠲᠡᠭ ᠤᠨ ᠦᠵᠡᠯᠲᠡ ᠶᠢ  ᠪᠣᠶᠢᠵᠢᠭᠤᠯᠬᠤ ᠬᠡᠷᠡᠭᠵᠢᠭᠦᠯᠬᠦ᠂  ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠤᠶᠤᠯ ᠢ ᠪᠠᠳᠠᠷᠠᠭᠤᠯᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃  ᠤᠷᠴᠢᠮ ᠤᠨ ᠵᠢᠯ ᠳᠤ᠂  ᠮᠠᠨ ᠤ ᠲᠤᠭᠤᠷᠢᠭ ᠨᠢ  ᠰᠤᠶᠤᠯ ᠤᠨ ᠥᠪ ᠢ ᠬᠠᠮᠠᠭᠠᠯᠠᠬᠤ ᠠᠵᠢᠯ ᠳᠤ ᠵᠤᠬᠢᠬᠤ ᠬᠡᠮᠵᠢᠶᠡᠨ ᠤ ᠠᠮᠵᠢᠯᠲᠠ ᠤᠯᠤᠭᠰᠠᠨ ᠪᠠᠶᠢᠨ᠎ᠠ᠃  ᠪᠢᠳᠡ ᠤᠯᠠᠮ ᠨᠢᠭᠡ ᠠᠯᠬᠤᠮ ᠰᠤᠶᠤᠯ ᠤᠨ ᠢᠲᠡᠭᠡᠯ ᠢ ᠪᠠᠲᠤᠳᠬᠠᠵᠤ᠂  ᠬᠠᠮᠠᠭᠠᠯᠠᠯᠲᠠ ᠶᠢᠨ ᠳᠤᠮᠳᠠ ᠤᠯᠠᠮᠵᠢᠯᠠᠨ᠂ ᠤᠯᠠᠮᠵᠢᠯᠠᠬᠤ ᠳᠤᠮᠳᠠ ᠰᠢᠨ᠎ᠡ ᠶᠢ ᠡᠭᠦᠳᠬᠦ᠂ ᠡᠭᠦᠳᠦᠯᠲᠡ ᠶᠢᠨ ᠳᠤᠮᠳᠠ ᠬᠥᠭᠵᠢᠬᠦ ᠤᠶᠢᠯᠠᠭᠠᠭᠳᠠᠬᠤᠨ ᠎ ᠶᠢ  ᠪᠠᠲᠤᠳᠬᠠᠬᠤ ᠬᠡᠷᠡᠭᠲᠡᠢ᠃  ᠲᠤᠭᠤᠷᠢᠭ ᠤᠨ ᠪᠤᠳᠠᠲᠠᠢ ᠳᠤ ᠰᠠᠭᠤᠷᠢᠯᠠᠨ᠂  ᠪᠦᠬᠦ ᠠᠷᠠᠳ ᠢᠶᠠᠷ ᠢᠶᠠᠨ ᠤᠷᠤᠯᠴᠠᠨ᠂  ᠨᠡᠩ ᠤᠯᠠᠨ ᠪᠤᠳᠠᠰ ᠤᠨ ᠪᠤᠰᠤ ᠰᠤᠶᠤᠯ ᠤᠨ ᠥᠪ ᠎ ᠤᠨ ᠲᠦᠷᠥᠯ ᠵᠦᠢᠯ ᠪᠠ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠢ ᠢᠯᠡᠷᠡᠭᠦᠯᠬᠦ ᠪᠤᠶᠤ ᠪᠣᠶᠢᠵᠢᠭᠤᠯᠬᠤ ᠬᠡᠷᠡᠭᠲᠡᠢ  ᠭᠡᠵᠡᠢ᠃     ᠬᠤᠳᠠ ᠵᠢᠨ‌‍ᠪᠤᠳᠠᠰ ᠤᠨ ᠪᠤᠰᠤ ᠰᠤᠶᠤᠯ ᠤᠨ ᠥᠪ  ᠤᠨ ᠲᠤᠰᠬᠠᠢ ᠮᠡᠷᠭᠡᠵᠢᠯᠲᠡᠨ ᠬᠢᠨᠠᠨ ᠦᠨᠡᠯᠡᠭᠴᠢ  ᠪᠢ ᠱᠢ ᠽᠠᠢ ᠤᠷᠢᠯᠭ᠎ᠠ ᠪᠠᠷ ᠬᠦᠳᠡᠯᠭᠡᠭᠡᠨ ᠳᠤ ᠤᠷᠤᠯᠴᠠᠵᠤ ᠶᠠᠷᠢᠶ᠎ᠠ ᠲᠠᠯᠪᠢᠵᠠᠢ᠃
              ᠶᠤᠸᠠᠨ ᠪᠤᠤ ᠱᠠᠨ ᠲᠤᠭᠤᠷᠢᠭ ᠤᠨ ᠨᠠᠷᠢᠨ ᠠᠷᠲᠠᠢ ᠴᠠᠭᠠᠰᠤᠨ ᠰᠡᠶᠢᠯᠦᠮᠡᠯ ᠨᠢ  ᠳᠤᠮᠳᠠᠳᠤ ᠭᠠᠳᠠᠭᠠᠳᠤ ᠎ ᠶᠢᠨ ᠤᠷᠠᠨ ᠵᠢᠷᠤᠭ᠂  ᠤᠷᠠᠨ ᠪᠢᠴᠢᠯᠭᠡ ᠤᠷᠠᠨ ᠰᠡᠶᠢᠯᠦᠮᠡᠯ ᠢ ᠨᠢᠭᠡᠳᠬᠡᠨ᠂  ᠥᠩᠭᠡ ᠪᠤᠳᠤᠭ᠂  ᠤᠷᠠᠨ ᠭᠤᠶᠢᠳᠠ ᠪᠠᠷ ᠢᠶᠠᠨ ᠵᠤᠬᠢᠬᠤ ᠬᠡᠪ ᠨᠠᠮᠪᠠ ᠶᠢ ᠪᠦᠷᠢᠯᠳᠦᠭᠦᠯᠵᠦ᠂ 2017 ᠣᠨ ᠤ 12 ᠰᠠᠷ᠎ᠠ ᠶᠢᠨ 30᠎ ᠤ ᠡᠳᠦᠷ ᠦᠪᠡᠷᠲᠡᠭᠡᠨ ᠵᠠᠰᠠᠬᠤ ᠤᠷᠤᠨ ᠤ ᠵᠢᠷᠭᠤᠳᠤᠭᠠᠷ ᠪᠦᠯᠦᠭ  ᠪᠤᠳᠠᠰ ᠤᠨ ᠪᠣᠰᠤ ᠰᠤᠶᠤᠯ ᠤᠨ ᠥᠪ ᠤᠨ ᠬᠠᠮᠠᠭᠠᠯᠠᠯᠲᠠ ᠶᠢᠨ ᠲᠦᠷᠥᠯ ᠵᠦᠢᠯ ᠎ ᠳᠤ ᠵᠢᠭᠰᠠᠭᠠᠭᠳᠠᠭᠰᠠᠨ ᠪᠠᠶᠢᠨ᠎ᠠ᠃    ᠲᠤᠰ ᠲᠦᠷᠥᠯ ᠵᠦᠢᠯ ᠢ ᠤᠯᠠᠮᠵᠢᠯᠠᠨ ᠬᠥᠭᠵᠢᠭᠦᠯᠬᠦ ᠶᠢᠨ ᠲᠦᠯᠦᠭᠡ᠂  ᠮᠠᠨ ᠤ ᠲᠤᠭᠤᠷᠢᠭ ᠨᠢ ᠨᠠᠷᠢᠨ ᠠᠷᠲᠠᠢ ᠴᠠᠭᠠᠰᠤᠨ ᠰᠡᠶᠢᠯᠦᠮᠡᠯ ᠢ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠤᠨ ᠤᠷᠠᠨ ᠵᠢᠷᠤᠭ ᠤᠨ ᠬᠢᠴᠢᠶᠡᠯ ᠎ ᠳᠤ ᠤᠷᠤᠭᠤᠯᠵᠤ᠂  ᠦᠵᠢᠶᠠ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢ  ᠲᠤᠰ ᠰᠤᠶᠤᠯ ᠤᠨ ᠥᠪ ᠢ ᠤᠯᠠᠮᠵᠢᠯᠠᠨ ᠬᠦᠭᠵᠢᠭᠦᠯᠬᠦ ᠰᠠᠭᠤᠷᠢᠨ ᠭᠠᠵᠠᠷ ᠪᠤᠯᠭᠠᠭᠰᠠᠨ ᠪᠠᠶᠢᠨ᠎ᠠ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1