| 2018 ᠣᠨ ᠠᠴᠠ ᠨᠠᠭᠠᠰᠢ᠂ ᠣᠷᠣᠨ ᠨᠤᠲᠤᠭ ᠤᠨ ᠠᠵᠤ ᠠᠬᠤᠢ ᠰᠠᠶᠢᠨ ᠬᠠᠨᠳᠤᠰᠢ ᠲᠠᠢ ᠪᠣᠯᠪᠠ᠃ | ᠨᠢᠭᠡᠳᠦᠭᠡᠷ ᠤᠯᠠᠷᠢᠯ ᠳᠤ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠥᠩᠬᠢ ᠥᠷᠲᠡᠭ ᠰᠡᠷᠭᠦᠯᠲᠡ ᠶᠢᠨ | ᠴᠢᠨᠠᠷᠲᠠᠢ ᠨᠡᠮᠡᠭᠳᠡᠪᠡ᠃ ᠠᠩᠬ᠎ᠠ ᠠᠯᠬᠤᠮ ᠤᠨ ᠲᠤᠯᠭᠠᠨ ᠪᠣᠳᠣᠭᠰᠠᠨ ᠢᠶᠠᠷ᠂ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠥᠩᠬᠢ ᠥᠷᠲᠡᠭ 390279 ᠲᠥᠮᠡᠨ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢᠳᠤᠨᠤᠨ ᠤ ᠵᠢᠯ ᠤᠨ ᠡᠴᠦᠰ ᠤᠨ | ᠬᠢ ᠠᠴᠠ 9.7 ᠵᠠᠭᠤᠨ ᠤ ᠬᠤᠪᠢ ᠪᠠᠷ ᠳᠡᠭᠡᠭᠰᠢᠯᠡᠵᠦ᠂ ᠪᠦᠬᠦ ᠬᠤᠲᠠ ᠶᠢᠨ ᠲᠡᠭᠰᠢᠳᠬᠡᠯ ᠨᠡᠮᠡᠭᠳᠡᠯ ᠤᠨ | ᠬᠤᠷᠳᠤᠴᠠ ᠠᠴᠠ 0.1 ᠵᠠᠭᠤᠨ ᠤ ᠬᠤᠪᠢ ᠥᠨᠳᠥᠷ ᠪᠣᠯᠵᠠᠢ᠃ ᠡᠭᠦᠨ ᠳᠤ᠄ ᠨᠢᠭᠡᠳᠦᠭᠡᠷ ᠠᠵᠤ ᠠᠬᠤᠶᠢᠯᠠᠯ ᠤᠨ | ᠨᠡᠮᠡᠭᠳᠡᠯ ᠥᠷᠲᠡᠭ 17560 ᠲᠥᠮᠡᠨ ᠲᠦᠭᠦᠷᠡᠭ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.4% ᠪᠠᠷ | ᠨᠡᠮᠡᠭᠳᠡᠪᠡ᠂ ᠨᠡᠮᠡᠭᠳᠡᠯ ᠤᠨ ᠬᠤᠷᠳᠤᠴᠠ ᠨᠢᠳᠤᠨᠤᠨ ᠵᠢᠯ ᠤᠨ ᠡᠴᠦᠰ ᠤᠨ ᠬᠢ ᠠᠴᠠ 1.7 ᠵᠠᠭᠤᠨ ᠤ ᠬᠤᠪᠢ | ᠳᠣᠣᠷ᠎ᠠ᠃ ᠬᠤᠶᠠᠳᠤᠭᠠᠷ ᠠᠵᠤ ᠠᠬᠤᠶᠢᠯᠠᠯ ᠤᠨ ᠨᠡᠮᠡᠭᠳᠡᠯ ᠥᠷᠲᠡᠭ 178586 ᠲᠥᠮᠡᠨ ᠲᠦᠭᠦᠷᠡᠭ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠂ ᠨᠡᠮᠡᠭᠳᠡᠯ ᠤᠨ ᠬᠤᠷᠳᠤᠴᠠ ᠨᠢᠳᠤᠨᠤᠨ | ᠵᠢᠯ ᠤᠨ ᠡᠴᠦᠰ ᠤᠨ ᠬᠢ ᠠᠴᠠ 22.7 ᠵᠠᠭᠤᠨ ᠤ ᠬᠤᠪᠢ ᠳᠡᠭᠡᠭᠰᠢᠯᠡᠪᠡ᠃ ᠭᠤᠷᠪᠠᠳᠤᠭᠠᠷ ᠠᠵᠤ ᠠᠬᠤᠶᠢᠯᠠᠯ ᠤᠨ | ᠨᠡᠮᠡᠭᠳᠡᠯ ᠥᠷᠲᠡᠭ 194132 ᠲᠥᠮᠡᠨ ᠲᠦᠭᠦᠷᠡᠭ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2. | 5% ᠪᠠᠷ ᠨᠡᠮᠡᠭᠳᠡᠪᠡ᠂ ᠨᠡᠮᠡᠭᠳᠡᠯ ᠤᠨ ᠬᠤᠷᠳᠤᠴᠠ ᠨᠢᠳᠤᠨᠤᠨ ᠵᠢᠯ ᠤᠨ ᠡᠴᠦᠰ ᠤᠨ ᠬᠢ ᠠᠴᠠ 2.3 ᠵᠠᠭᠤᠨ ᠤ | ᠬᠤᠪᠢ ᠥᠨᠳᠥᠷ᠃ | ᠨᠢᠭᠡ᠂ ᠠᠵᠤ ᠠᠬᠤᠢ ᠶᠢᠨ ᠡᠷᠭᠢᠯᠲᠡ ᠶᠢᠨ ᠪᠠᠶᠢᠳᠠᠯ | ︵ᠨᠢᠭᠡ︶ ᠠᠵᠤ ᠦᠢᠯᠡᠳᠪᠦᠷᠢ ᠶᠢᠨ ᠠᠵᠤ ᠠᠬᠤᠢ ᠰᠡᠷᠭᠦᠨ ᠳᠡᠭᠡᠭᠰᠢᠯᠡᠪᠡ᠃ ᠪᠦᠬᠦ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 177048 ᠲᠥᠮᠡᠨ ᠲᠦᠭᠦᠷᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠂ ᠨᠡᠮᠡᠭᠳᠡᠯ ᠤᠨ ᠬᠤᠷᠳᠤᠴᠠ ᠨᠢᠳᠤᠨᠤᠨ ᠵᠢᠯ ᠤᠨ ᠡᠴᠦᠰ ᠤᠨ | ᠬᠢ ᠠᠴᠠ 15 ᠵᠠᠭᠤᠨ ᠤ ᠬᠤᠪᠢ ᠳᠡᠭᠡᠭᠰᠢᠯᠡᠪᠡ᠃ ᠡᠭᠦᠨ ᠳᠤ᠄ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 8.1% ᠪᠠᠷ ᠨᠡᠮᠡᠭᠳᠡᠪᠡ᠂ ᠨᠢᠳᠤᠨᠤᠨ ᠵᠢᠯ ᠤᠨ ᠡᠴᠦᠰ ᠤᠨ ᠬᠢ ᠠᠴᠠ 20. | 8 ᠵᠠᠭᠤᠨ ᠤ ᠬᠤᠪᠢ ᠳᠡᠭᠡᠭᠰᠢᠯᠡᠪᠡ᠃ | 1᠂ ᠫᠢᠩᠵᠦᠸᠠᠩ ᠤᠨ ᠨᠡᠭᠦᠷᠡᠰᠦᠨ ᠠᠭᠤᠷᠬᠠᠢ᠂ ᠶᠤᠸᠠᠨ ᠪᠣᠤ ᠱᠠᠨ ᠤ ᠴᠠᠬᠢᠯᠭᠠᠨ ᠭᠠᠷᠭᠠᠬᠤ | ᠦᠢᠯᠡᠳᠪᠦᠷᠢ ᠬᠤᠶᠠᠷ ᠲᠣᠮᠣ ᠬᠡᠯᠪᠡᠷᠢ ᠶᠢᠨ ᠠᠵᠤ ᠠᠬᠤᠶᠢᠯᠠᠯ ᠰᠦᠬᠡᠷᠬᠦ ᠥᠰᠦᠯᠲᠡ ᠲᠠᠢ᠃ ᠨᠢᠭᠡᠳᠦᠭᠡᠷ | ᠤᠯᠠᠷᠢᠯ ᠳᠤ᠂ ᠬᠤᠶᠠᠷ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 8% ᠪᠠᠷ ᠪᠠᠭᠤᠷᠠᠪᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠤᠨ ᠬᠤᠷᠳᠤᠴᠠ ᠠᠴᠠ 16.1 ᠵᠠᠭᠤᠨ ᠤ ᠬᠤᠪᠢ ᠳᠣᠣᠷ᠎ᠠ᠃ ᠡᠭᠦᠨ ᠳᠤ᠂ ᠫᠢᠩᠵᠦᠸᠠᠩ ᠤᠨ ᠨᠡᠭᠦᠷᠡᠰᠦᠨ | ᠠᠭᠤᠷᠬᠠᠢ 10% ᠪᠠᠭᠤᠷᠠᠵᠤ᠂ ᠶᠤᠸᠠᠨ ᠪᠣᠤ ᠱᠠᠨ ᠤ ᠴᠠᠬᠢᠯᠭᠠᠨ ᠭᠠᠷᠭᠠᠬᠤ ᠦᠢᠯᠡᠳᠪᠦᠷᠢ %2.9 ᠪᠠᠭᠤᠷᠠᠪᠠ᠃ | 2᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠨᠡᠭᠡᠭᠡᠯᠲᠡ ᠶᠢᠨ ᠲᠤᠷᠰᠢᠯᠲᠠ ᠶᠢᠨ ᠣᠷᠣᠨ ᠪᠠ | ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ ᠲᠦᠷᠭᠡᠨ ᠨᠡᠮᠡᠭᠳᠡᠵᠦ᠂ | ᠪᠠᠯᠭᠠᠰᠤ ᠵᠡᠭᠡᠯᠢ ᠭᠤᠳᠤᠮᠵᠢ ᠶᠢᠨ ᠠᠵᠤ ᠠᠬᠤᠶᠢᠯᠠᠯ ᠰᠦᠬᠡᠷᠬᠦ ᠥᠰᠦᠯᠲᠡ ᠲᠠᠢ᠃ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠬᠤ ᠨᠡᠭᠡᠭᠡᠯᠲᠡ ᠶᠢᠨ ᠲᠤᠷᠰᠢᠯᠲᠠ ᠶᠢᠨ ᠣᠷᠣᠨ ᠤ ᠠᠵᠤ ᠠᠬᠤᠶᠢᠯᠠᠯ ᠤᠨ ᠨᠡᠮᠡᠭᠳᠡᠯ ᠥᠷᠲᠡᠭ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 63.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 55.7 ᠵᠠᠭᠤᠨ ᠤ ᠬᠤᠪᠢ ᠥᠨᠳᠥᠷ᠃ ᠠᠵᠤ | ᠦᠢᠯᠡᠳᠪᠦᠷᠢ ᠶᠢᠨ ᠲᠣᠭᠤᠷᠢᠭ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 8.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠬᠤᠪᠢ ᠥᠨᠳᠥᠷ᠃ ᠪᠠᠯᠭᠠᠰᠤ ᠵᠡᠭᠡᠯᠢ ᠭᠤᠳᠤᠮᠵᠢ ᠶᠢᠨ ᠠᠵᠤ | ᠠᠬᠤᠶᠢᠯᠠᠯ ᠤᠨ ᠨᠡᠮᠡᠭᠳᠡᠯ ᠥᠷᠲᠡᠭ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13% ᠪᠠᠷ ᠪᠠᠭᠤᠷᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 21.1 ᠵᠠᠭᠤᠨ ᠤ | ᠬᠤᠪᠢ ᠳᠣᠣᠷ᠎ᠠ᠃ | 3᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠮᠵᠢᠶ᠎ᠡ | ᠥᠰᠦᠯᠲᠡ ᠲᠠᠢ ᠪᠠᠭᠤᠷᠠᠯᠲᠠ ᠲᠠᠢ᠃ ᠨᠢᠭᠡᠳᠦᠭᠡᠷ ᠤᠯᠠᠷᠢᠯ ᠳᠤ᠂ ᠣᠷᠣᠨ ᠨᠤᠲᠤᠭ ᠤᠨ ᠨᠡᠭᠦᠷᠡᠰᠦᠨ ᠠᠭᠤᠷᠬᠠᠢ | ᠦᠷᠭᠦᠯᠵᠢᠯᠡᠨ ᠦᠢᠯᠡᠳᠪᠦᠷᠢᠯᠡᠯ ᠢᠶᠠᠨ ᠵᠣᠭᠰᠣᠵᠤ᠂ ᠫᠢᠩᠵᠦᠸᠠᠩ ᠤᠨ ᠨᠡᠭᠦᠷᠡᠰᠦᠨ ᠠᠭᠤᠷᠬᠠᠢ ᠶᠢᠨ ᠪᠦᠯᠦᠭᠯᠡᠯ ᠤᠨ | ᠨᠡᠭᠦᠷᠡᠰᠦᠨ ᠤ ᠭᠠᠷᠭᠠᠯᠲᠠ 396.69 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 8.7% ᠪᠠᠷ ᠨᠡᠮᠡᠭᠳᠡᠪᠡ᠃ ᠴᠠᠬᠢᠯᠭᠠᠨ ᠭᠠᠷᠭᠠᠯᠲᠠ 156913 ᠲᠦᠮᠡᠨ ᠭᠷᠡᠳᠦ᠋ᠰ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ23.1% ᠪᠠᠷ ᠨᠡᠮᠡᠭᠳᠡᠪᠡ᠃ ᠡᠭᠦᠨ ᠳᠤ᠄ ᠶᠤᠸᠠᠨ ᠪᠣᠤ ᠱᠠᠨ ᠤ | ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 135351 ᠲᠦᠮᠡᠨ ᠭᠷᠡᠳᠦ᠋ᠰ ᠲᠤ | ᠬᠦᠷᠴᠦ᠂ 22% ᠪᠠᠷ ᠨᠡᠮᠡᠭᠳᠡᠪᠡ᠃ ᠰᠧᠮᠧᠨ᠋ᠲ ᠤᠨ ᠦᠢᠯᠡᠳᠪᠦᠷᠢᠯᠡᠯ ᠤᠨ ᠬᠡᠮᠵᠢᠶ᠎ᠡ 1.15 ᠲᠦᠮᠡᠨ ᠲᠣᠨ ᠳᠤ | ᠬᠦᠷᠴᠦ᠂ 74.8% ᠪᠠᠷ ᠪᠠᠭᠤᠷᠠᠪᠠ᠃ ᠪᠣᠷᠳᠤᠭ᠎ᠠ ᠶᠢᠨ ᠦᠢᠯᠡᠳᠪᠦᠷᠢᠯᠡᠯ ᠤᠨ ᠬᠡᠮᠵᠢᠶ᠎ᠡ 24.98 ᠲᠦᠮᠡᠨ | ᠲᠤᠨ ᠳᠤ ᠬᠦᠷᠴᠦ᠂ 89.7% ᠪᠠᠷ ᠨᠡᠮᠡᠭᠳᠡᠪᠡ᠃ ᠰᠦᠨ ᠤ ᠦᠢᠯᠡᠳᠪᠦᠷᠢᠯᠡᠯ ᠤᠨ ᠬᠡᠮᠵᠢᠶ᠎ᠡ 2.14 ᠲᠦᠮᠡᠨ | ᠲᠣᠨ ᠳᠤ ᠬᠦᠷᠴᠦ᠂ 5.7% ᠪᠠᠷ ᠨᠡᠮᠡᠭᠳᠡᠪᠡ᠃ ᠳ᠋ᠠ ᠳ᠋ᠢ ᠶᠦᠨ ᠲᠢᠶᠠᠨ ᠬᠤᠸᠠ ᠶᠢᠨ ᠦᠢᠯᠡᠳᠪᠦᠷᠢᠯᠡᠭᠰᠡᠨ | ᠹᠣᠰᠹᠣᠷ ᠪᠣᠷᠳᠣᠭᠤᠷ 7.12 ᠲᠣᠨ᠃ ᠢ ᠫᠢᠨ ᠠᠮᠢᠳᠤ ᠪᠤᠳᠠᠰ ᠤᠨ ᠦᠢᠯᠡᠳᠪᠦᠷᠢᠯᠡᠭᠰᠡᠨ ᠠᠮᠲᠠ ᠶᠢᠨ ᠣᠭᠢ 1. | 01 ᠲᠣᠨ ᠳᠤ ᠬᠦᠷᠴᠡᠢ᠃ | 4᠂ ᠠᠵᠤ ᠠᠬᠤᠢ ᠶᠢᠨ ᠠᠰᠢᠭ ᠣᠯᠵᠠᠪᠤᠷᠢ ᠰᠠᠶᠢᠨ ᠡᠷᠭᠢᠯᠲᠡ ᠲᠠᠢ ᠪᠣᠯᠪᠠ᠃ ᠨᠢᠭᠡᠳᠦᠭᠡᠷ ᠤᠯᠠᠷᠢᠯ ᠳᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠰᠢᠭ ᠣᠯᠵᠠᠪᠤᠷᠢ 8875 ᠲᠦᠮᠡᠨ ᠲᠥᠭᠦᠷᠢᠭ ᠢ | ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 70% ᠪᠠᠷ ᠨᠡᠮᠡᠭᠳᠡᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠡᠵᠡᠩᠨᠡᠯᠲᠡ ᠠᠵᠢᠯ ᠤᠨ ᠠᠰᠢᠭ ᠣᠯᠵᠠᠪᠤᠷᠢ ᠶᠢᠨ 2.4% ᠳᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.9 ᠪᠠᠷ ᠵᠠᠭᠤᠨ ᠤ ᠬᠤᠪᠢ ᠪᠠᠷ ᠳᠡᠭᠡᠭᠰᠢᠯᠡᠪᠡ᠃ | 5᠂ ᠳᠥᠷᠪᠡᠨ ᠶᠡᠭᠡ ᠲᠤᠯᠭᠠᠭᠤᠷᠢ ᠠᠵᠤ ᠦᠢᠯᠡᠰ ᠤᠨ ᠪᠦᠲᠦᠴᠡ ᠳᠤ ᠬᠤᠪᠢᠷᠠᠯᠲᠠ ᠲᠠᠢ ᠪᠣᠯᠵᠤ᠂ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠲᠡᠭᠰᠢ ᠪᠤᠰᠤ᠃ ᠨᠢᠭᠡᠳᠦᠭᠡᠷ ᠤᠯᠠᠷᠢᠯ ᠳᠤ᠂ ᠳᠥᠷᠪᠡᠨ ᠶᠡᠭᠡ | ᠲᠤᠯᠭᠠᠭᠤᠷᠢ ᠠᠵᠤ ᠦᠢᠯᠡᠰ ᠤᠨ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | 98.2% ᠢ ᠡᠵᠡᠯᠡᠵᠦ᠂ ᠠᠳᠠᠯᠢ ᠡᠩ ᠤᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ | ᠬᠤᠪᠢ ᠪᠠᠷ ᠨᠡᠮᠡᠭᠳᠡᠪᠡ᠃ ᠡᠭᠦᠨ ᠳᠤ᠂ ᠡᠨᠡᠸ᠋ᠷᠬᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 62.2% ᠢ ᠡᠵᠡᠯᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 8.3 ᠵᠠᠭᠤᠨ ᠤ ᠬᠤᠪᠢ ᠪᠠᠷ ᠪᠠᠭᠤᠷᠠᠪᠠ᠃ ᠢᠳᠡᠭᠡᠨ ᠪᠣᠯᠪᠠᠰᠤᠷᠠᠭᠤᠯᠬᠤ ᠠᠵᠤ | ᠦᠢᠯᠡᠰ ᠤᠨ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17.9% ᠢ | ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4 ᠵᠠᠭᠤᠨ ᠤ ᠬᠤᠪᠢ ᠪᠠᠷ ᠨᠡᠮᠡᠭᠳᠡᠪᠡ᠃ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ 16.7% ᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.6 ᠵᠠᠭᠤᠨ ᠤ | ᠬᠤᠪᠢ ᠪᠠᠷ ᠨᠡᠮᠡᠭᠳᠡᠪᠡ᠃ ᠮᠠᠰᠢᠨ ᠮᠧᠬᠠᠨᠢᠭ ᠦᠢᠯᠡᠳᠪᠦᠷᠢᠯᠡᠬᠦ ᠠᠵᠤ ᠦᠢᠯᠡᠰ ᠤᠨ ᠨᠡᠮᠡᠭᠳᠡᠯ ᠥᠷᠲᠡᠭ ᠨᠢ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 1.4% ᠢ ᠡᠵᠡᠯᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠲᠡᠩᠴᠡᠪᠡ᠃ ᠳᠥᠷᠪᠡᠨ ᠶᠡᠭᠡ ᠲᠤᠯᠭᠠᠭᠤᠷᠢ ᠠᠵᠤ ᠦᠢᠯᠡᠰ ᠤᠨ ᠨᠡᠮᠡᠭᠳᠡᠯ ᠥᠷᠲᠡᠭ ᠨᠢ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠵᠦ᠂ ᠪᠦᠬᠦ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠳᠤ ᠨᠡᠮᠡᠷᠢᠯᠡᠭᠰᠡᠨ ᠨᠣᠷᠮ᠎ᠠ ᠨᠢ 100.4% ᠳᠤ ᠬᠦᠷᠴᠡᠢ᠃ ᠡᠭᠦᠨ ᠳᠤ᠂ | ᠡᠨᠡᠸ᠋ᠷᠬᠢ ᠶᠢᠨ ᠠᠵᠤ ᠦᠢᠯᠡᠰ 7.5% ᠪᠠᠷ ᠪᠠᠭᠤᠷᠠᠵᠤ᠂ ᠨᠡᠮᠡᠷᠢᠯᠡᠭᠰᠡᠨ ᠨᠣᠷᠮ᠎ᠠ ᠨᠢ -65.5%᠃ ᠢᠳᠡᠭᠡᠨ | ᠪᠣᠯᠪᠠᠰᠤᠷᠠᠭᠤᠯᠬᠤ ᠠᠵᠤ ᠦᠢᠯᠡᠰ 54.6% ᠪᠠᠷ ᠨᠡᠮᠡᠭᠳᠡᠵᠦ᠂ ᠨᠡᠮᠡᠷᠢᠯᠡᠭᠰᠡᠨ ᠨᠣᠷᠮ᠎ᠠ ᠨᠢ 93.8%᠃ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ 47.2% ᠪᠠᠷ ᠨᠡᠮᠡᠭᠳᠡᠵᠦ᠂ ᠨᠡᠮᠡᠷᠢᠯᠡᠭᠰᠡᠨ ᠨᠣᠷᠮ᠎ᠠ ᠨᠢ 71. | 1%᠃ ᠮᠠᠰᠢᠨ ᠮᠧᠬᠠᠨᠢᠭ ᠦᠢᠯᠡᠳᠪᠦᠷᠢᠯᠡᠬᠦ ᠠᠵᠤ ᠦᠢᠯᠡᠰ 5.6% ᠪᠠᠷ ᠨᠡᠮᠡᠭᠳᠡᠵᠦ᠂ ᠨᠡᠮᠡᠷᠢᠯᠡᠭᠰᠡᠨ ᠨᠣᠷᠮ᠎ᠠ ᠨᠢ | 1%᠃ | ︵ᠬᠤᠶᠠᠷ︶ ᠲᠣᠭᠲᠠᠮᠠᠯ ᠬᠥᠷᠥᠩᠭᠡ ᠶᠢᠨ ᠪᠡᠯᠡ ᠣᠷᠤᠯᠠᠭᠤᠯᠤᠯᠲᠠ ᠶᠡᠭᠡ ᠬᠡᠮᠵᠢᠶ᠎ᠡ ᠪᠠᠷ ᠪᠠᠭᠤᠷᠠᠪᠠ᠃ ᠪᠦᠬᠦ | ᠲᠣᠭᠤᠷᠢᠭ ᠲᠤ 500 ᠲᠦᠮᠡᠨ ᠲᠦᠭᠦᠷᠡᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠤᠯᠠᠭᠤᠯᠤᠯᠲᠠ ᠶᠢᠨ ᠲᠥᠷᠥᠯ ᠵᠦᠢᠯ 23 ᠪᠠᠶᠢᠬᠤ ᠨᠢ ᠴᠦᠮ 5000 ᠲᠦᠮᠡᠨ ᠲᠦᠭᠦᠷᠡᠭ ᠠᠴᠠ ᠳᠡᠭᠡᠭᠰᠢᠬᠢ | ᠲᠥᠷᠥᠯ ᠵᠦᠢᠯ ᠤᠨ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠪᠣᠯᠣᠨ᠎ᠠ᠃ ᠪᠡᠯᠡ ᠣᠷᠤᠯᠠᠭᠤᠯᠤᠯᠲᠠ ᠶᠢᠨ | ᠬᠡᠮᠵᠢᠶ᠎ᠡ 8303 ᠲᠦᠮᠡᠨ ᠲᠦᠭᠦᠷᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 78. | 5% ᠪᠠᠷ ᠪᠠᠭᠤᠷᠠᠪᠠ᠃ | ᠠᠵᠤ ᠦᠢᠯᠡᠰ ᠤᠨ ᠪᠦᠲᠦᠴᠡ ᠠᠴᠠ ᠦᠵᠡᠬᠦ ᠳᠤ᠂ ᠨᠢᠭᠡᠳᠦᠭᠡᠷ ᠠᠵᠤ ᠦᠢᠯᠡᠰ ᠤᠨ ᠪᠡᠯᠡ | ᠣᠷᠤᠯᠠᠭᠤᠯᠤᠯᠲᠠ 3778 ᠲᠥᠮᠡᠨ ᠲᠦᠭᠦᠷᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 59.9% ᠪᠠᠷ ᠪᠠᠭᠤᠷᠠᠪᠠ᠃ ᠬᠤᠶᠠᠳᠤᠭᠠᠷ ᠠᠵᠤ ᠦᠢᠯᠡᠰ ᠤᠨ ᠪᠡᠯᠡ ᠣᠷᠤᠯᠠᠭᠤᠯᠤᠯᠲᠠ 3757 ᠲᠥᠮᠡᠨ | ᠲᠦᠭᠦᠷᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 19.3% ᠪᠠᠷ ᠨᠡᠮᠡᠭᠳᠡᠪᠡ᠃ | ᠡᠭᠦᠨ ᠳᠤ᠄ ᠠᠵᠤ ᠦᠢᠯᠡᠳᠪᠦᠷᠢ ᠶᠢᠨ ᠪᠡᠯᠡ ᠣᠷᠤᠯᠠᠭᠤᠯᠤᠯᠲᠠ 3757 ᠲᠥᠮᠡᠨ ᠲᠦᠭᠦᠷᠡᠭ ᠢ ᠪᠡᠶᠡᠯᠡᠭᠦᠯᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 19.3% ᠪᠠᠷ ᠨᠡᠮᠡᠭᠳᠡᠪᠡ᠃ ᠭᠤᠷᠪᠠᠳᠤᠭᠠᠷ ᠠᠵᠤ | ᠦᠢᠯᠡᠰ ᠤᠨ ᠪᠡᠯᠡ ᠣᠷᠤᠯᠠᠭᠤᠯᠤᠯᠲᠠ 768 ᠲᠥᠮᠡᠨ ᠲᠦᠭᠦᠷᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 97.2% ᠪᠠᠷ ᠪᠠᠭᠤᠷᠠᠪᠠ᠃ ᠡᠭᠦᠨ ᠳᠤ᠄ ᠭᠡᠷ ᠬᠥᠷᠥᠩᠭᠡ ᠶᠢᠨ ᠪᠠᠶᠢᠭᠤᠯᠤᠯᠲᠠ ᠶᠢᠨ | ᠪᠡᠯᠡ ᠣᠷᠤᠯᠠᠭᠤᠯᠤᠯᠲᠠ 768 ᠲᠥᠮᠡᠨ ᠲᠦᠭᠦᠷᠡᠭ ᠢ ᠪᠡᠶᠡᠯᠡᠭᠦᠯᠵᠦ᠂ 75.8 ᠳᠠᠬᠢᠨ ᠢᠶᠠᠷ ᠨᠡᠮᠡᠭᠳᠡᠪᠡ᠃ | ︵ᠭᠤᠷᠪᠠ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠯᠲᠠ ᠪᠠ ᠨᠡᠶᠢᠭᠡᠮ ᠤᠨ | ᠦᠢᠯᠡᠳᠬᠦᠨ ᠤ ᠪᠣᠷᠣᠯᠠᠭᠤᠯᠤᠯᠲᠠ ᠶᠢᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠯᠲᠠ 229880 ᠲᠥᠮᠡᠨ | ᠲᠦᠭᠦᠷᠡᠭ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠡᠭᠦᠨ ᠳᠤ | ᠂ ᠪᠥᠭᠡᠮ ᠢᠶᠠᠷ ᠪᠣᠷᠣᠯᠠᠭᠤᠯᠬᠤ ᠪᠠ ᠵᠢᠵᠢᠭᠯᠡᠨ ᠪᠣᠷᠣᠯᠠᠭᠤᠯᠬᠤ ᠦᠢᠯᠡᠰ ᠤᠨ ᠶᠡᠷᠦᠩᠬᠡᠢ ᠪᠣᠷᠣᠯᠠᠭᠤᠯᠤᠯᠲᠠ | 207452 ᠲᠥᠮᠡᠨ ᠲᠦᠭᠦᠷᠡᠭ ᠢ ᠪᠡᠶᠡᠯᠡᠭᠦᠯᠵᠦ᠂ 5.8% ᠪᠠᠷ ᠨᠡᠮᠡᠭᠳᠡᠪᠡ᠃ ᠪᠠᠭᠤᠳᠠᠯ ᠬᠤᠭᠤᠯᠠ ᠤᠮᠳᠠᠭᠠᠨ ᠤ | ᠦᠢᠯᠡᠰ 22428 ᠲᠥᠮᠡᠨ ᠲᠦᠭᠦᠷᠡᠭ ᠤᠨ ᠣᠷᠣᠯᠭ᠎ᠠ ᠶᠢ ᠪᠡᠶᠡᠯᠡᠭᠦᠯᠵᠦ᠂ 4.9% ᠪᠠᠷ ᠨᠡᠮᠡᠭᠳᠡᠪᠡ᠃ | ᠨᠡᠶᠢᠭᠡᠮ ᠤᠨ ᠦᠢᠯᠡᠳᠬᠦᠨ ᠤ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ 523023 ᠲᠥᠮᠡᠨ ᠲᠦᠭᠦᠷᠡᠭ ᠢ | ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠪᠡ᠃ ᠡᠭᠦᠨ ᠳᠤ᠂ | ᠪᠥᠭᠡᠮ ᠢᠶᠠᠷ ᠪᠣᠷᠣᠯᠠᠭᠤᠯᠬᠤ ᠦᠢᠯᠡᠰ ᠤᠨ ᠪᠣᠷᠣᠯᠠᠭᠤᠯᠤᠯᠲᠠ 259712 ᠲᠥᠮᠡᠨ ᠲᠦᠭᠦᠷᠡᠭ ᠳᠤ ᠬᠦᠷᠴᠦ᠂ 15. | 6% ᠪᠠᠷ ᠨᠡᠮᠡᠭᠳᠡᠪᠡ᠃ ᠵᠢᠵᠢᠭᠯᠡᠨ ᠪᠣᠷᠣᠯᠠᠭᠤᠯᠬᠤ ᠦᠢᠯᠡᠰ ᠤᠨ ᠪᠣᠷᠣᠯᠠᠭᠤᠯᠤᠯᠲᠠ 231723 ᠲᠥᠮᠡᠨ | ᠲᠦᠭᠦᠷᠡᠭ ᠳᠤ ᠬᠦᠷᠴᠦ᠂ 10.1% ᠪᠠᠷ ᠨᠡᠮᠡᠭᠳᠡᠪᠡ᠃ ᠪᠠᠭᠤᠳᠠᠯ ᠤᠨ ᠦᠢᠯᠡᠰ 6121 ᠲᠥᠮᠡᠨ ᠲᠦᠭᠦᠷᠡᠭ ᠤᠨ | ᠣᠷᠣᠯᠭ᠎ᠠ ᠡᠭᠦᠳᠴᠦ᠂ 9.5% ᠪᠠᠷ ᠨᠡᠮᠡᠭᠳᠡᠪᠡ᠃ ᠬᠤᠭᠤᠯᠠ ᠤᠮᠳᠠᠭᠠᠨ ᠤ ᠦᠢᠯᠡᠰ 25467 ᠲᠥᠮᠡᠨ | ᠲᠦᠭᠦᠷᠡᠭ ᠤᠨ ᠣᠷᠣᠯᠭ᠎ᠠ ᠡᠭᠦᠳᠴᠦ᠂ 10% ᠪᠠᠷ ᠨᠡᠮᠡᠭᠳᠡᠪᠡ᠃ | ︵ᠲᠥᠷᠪᠡ︶ ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠪᠠᠩᠬᠢ ᠶᠢᠨ | ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠡᠯᠢᠶᠡᠳ ᠲᠦᠷᠭᠡᠨ ᠨᠡᠮᠡᠭᠳᠡᠵᠡᠢ᠃ ᠪᠦᠬᠦ ᠲᠣᠭᠤᠷᠢᠭ ᠤᠨ ᠡᠩ ᠤᠨ | ᠣᠯᠠᠨ ᠨᠡᠶᠢᠲᠡ ᠶᠢᠨ ᠲᠥᠰᠥᠪ ᠤᠨ ᠨᠡᠶᠢᠲᠡ ᠣᠷᠣᠯᠭ᠎ᠠ 35435 ᠲᠦᠮᠡᠨ ᠲᠦᠭᠦᠷᠡᠭ ᠲᠤ ᠬᠦᠷᠴᠦ᠂ ᠪᠦᠬᠦ | ᠵᠢᠯ ᠤᠨ ᠲᠥᠰᠥᠪ ᠤᠨ 27.6% ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠢᠯᠡᠭᠦᠦ | 2422 ᠲᠦᠮᠡᠨ ᠲᠦᠭᠦᠷᠡᠭ ᠤᠨ ᠣᠷᠣᠯᠭ᠎ᠠ ᠲᠠᠢ ᠪᠣᠯᠵᠤ᠂ 7.3% ᠪᠠᠷ ᠨᠡᠮᠡᠭᠳᠡᠪᠡ᠃ ᠡᠩ ᠤᠨ ᠣᠯᠠᠨ | ᠨᠡᠶᠢᠲᠡ ᠶᠢᠨ ᠲᠥᠰᠥᠪ ᠤᠨ ᠨᠡᠶᠢᠲᠡ ᠵᠠᠷᠤᠯᠭ᠎ᠠ 68439 ᠲᠦᠮᠡᠨ ᠲᠦᠭᠦᠷᠡᠭ ᠲᠤ ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ ᠢᠯᠡᠭᠦᠦ 6779 ᠲᠦᠮᠡᠨ ᠲᠦᠭᠦᠷᠡᠭ ᠤᠨ ᠵᠠᠷᠤᠯᠭ᠎ᠠ ᠲᠠᠢ ᠪᠣᠯᠵᠤ᠂ 10. | 9% ᠪᠠᠷ ᠨᠡᠮᠡᠭᠳᠡᠪᠡ᠃ ᠡᠭᠦᠨ ᠳᠤ᠂ ᠡᠩ ᠤᠨ ᠣᠯᠠᠨ ᠨᠡᠶᠢᠲᠡ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠠᠮᠤᠷ | ᠲᠥᠪᠰᠢᠨ᠂ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ | ᠣᠯᠭᠤᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠡᠨᠧᠷᠭᠢ ᠠᠷᠪᠢᠯᠠᠨ ᠣᠷᠴᠢᠨ ᠠᠬᠤᠢ ᠶᠢ ᠬᠠᠮᠠᠭᠠᠯᠠᠬᠤ᠂ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯ ᠵᠡᠷᠭᠡ ᠨᠠᠢᠮᠠᠨ ᠵᠦᠢᠯ ᠤᠨ ᠵᠠᠷᠤᠳᠠᠯ 54372 ᠲᠦᠮᠡᠨ | ᠲᠦᠭᠦᠷᠡᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ | ᠭᠤᠷᠪᠠᠳᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠶᠢᠨ ᠦᠯᠡᠳᠡᠪᠦᠷᠢ 2101642 ᠲᠦᠮᠡᠨ ᠲᠦᠭᠦᠷᠡᠭ ᠲᠤ ᠬᠦᠷᠴᠦ᠂ ᠵᠢᠯ ᠤᠨ ᠡᠬᠢᠨ ᠤ ᠬᠢ ᠠᠴᠠ | 16.2% ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ 1481117 | ᠲᠦᠮᠡᠨ ᠲᠦᠭᠦᠷᠡᠭ ᠪᠠᠶᠢᠵᠤ᠂ ᠵᠢᠯ ᠤᠨ ᠡᠬᠢᠨ ᠤ ᠬᠢ ᠠᠴᠠ 7.9% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ 1701166 ᠲᠦᠮᠡᠨ ᠲᠦᠭᠦᠷᠡᠭ ᠲᠤ ᠬᠦᠷᠴᠦ᠂ ᠵᠢᠯ ᠤᠨ | ᠡᠬᠢᠨ ᠤ ᠬᠢ ᠠᠴᠠ 10.6% ᠪᠠᠷ ᠨᠡᠮᠡᠭᠳᠡᠪᠡ᠃ | ︵ᠲᠠᠪᠤ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠡᠮᠡᠭᠳᠡᠪᠡ᠃ ᠪᠦᠬᠦ ᠰᠠᠭᠤᠭᠠᠯᠢ | ᠠᠷᠠᠳ ᠤᠨ ᠥᠪᠡᠷᠲᠡᠭᠡᠨ ᠡᠵᠡᠮᠳᠡᠬᠦ ᠬᠥᠮᠥᠨ ᠳᠤᠮᠳᠠᠴᠢ ᠣᠷᠣᠯᠭ᠎ᠠ 8543 ᠲᠦᠭᠦᠷᠡᠭ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 740 ᠲᠦᠭᠦᠷᠡᠭ ᠨᠡᠮᠡᠭᠳᠡᠵᠦ᠂ ᠨᠡᠮᠡᠭᠳᠡᠯ ᠤᠨ ᠨᠣᠷᠮ᠎ᠠ 9.5%᠃ ᠡᠭᠦᠨ ᠳᠤ᠄ | ᠬᠥᠳᠡᠭᠡ ᠲᠤᠰᠬᠤᠨ ᠤ ᠪᠠᠶᠢᠩᠭᠤ ᠰᠠᠭᠤᠭᠠᠯᠢ ᠠᠷᠠᠳ ᠤᠨ ᠥᠪᠡᠷᠲᠡᠭᠡᠨ ᠡᠵᠡᠮᠳᠡᠬᠦ ᠬᠥᠮᠥᠨ ᠳᠤᠮᠳᠠᠴᠢ ᠣᠷᠣᠯᠭ᠎ᠠ | 6022 ᠲᠦᠭᠦᠷᠡᠭ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 552 ᠲᠦᠭᠦᠷᠡᠭ ᠨᠡᠮᠡᠭᠳᠡᠵᠦ᠂ | ᠨᠡᠮᠡᠭᠳᠡᠯ ᠤᠨ ᠨᠣᠷᠮ᠎ᠠ 10.1%᠃ ᠬᠤᠲᠠ ᠪᠠᠯᠭᠠᠰᠤ ᠶᠢᠨ ᠪᠠᠶᠢᠩᠭᠤ ᠰᠠᠭᠤᠭᠠᠯᠢ ᠠᠷᠠᠳ ᠤᠨ ᠥᠪᠡᠷᠲᠡᠭᠡᠨ | ᠡᠵᠡᠮᠳᠡᠬᠦ ᠬᠥᠮᠥᠨ ᠳᠤᠮᠳᠠᠴᠢ ᠣᠷᠣᠯᠭ᠎ᠠ 9339 ᠲᠦᠭᠦᠷᠡᠭ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 700 ᠲᠦᠭᠦᠷᠡᠭ ᠨᠡᠮᠡᠭᠳᠡᠵᠦ᠂ ᠨᠡᠮᠡᠭᠳᠡᠯ ᠤᠨ ᠨᠣᠷᠮ᠎ᠠ 8.1%᠃ | ᠬᠤᠶᠠᠷ᠂ ᠪᠦᠬᠦ ᠲᠣᠭᠤᠷᠢᠭ ᠤᠨ ᠠᠵᠤ ᠠᠬᠤᠢ ᠶᠢᠨ ᠨᠡᠮᠡᠭᠳᠡᠯ ᠢ ᠨᠥᠯᠥᠭᠡᠯᠡᠬᠦ ᠭᠤᠣᠯ ᠰᠢᠯᠲᠠᠭᠠᠨ | ︵ᠨᠢᠭᠡ︶ ᠲᠣᠭᠲᠠᠮᠠᠯ ᠬᠥᠷᠥᠩᠭᠡ ᠶᠢᠨ ᠪᠡᠯᠡ ᠣᠷᠤᠯᠠᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠨᠡᠯᠢᠶᠡᠳ | ᠶᠡᠭᠡ᠃ ᠨᠢᠭᠡ ᠳᠤ ᠪᠡᠯᠡ ᠣᠷᠤᠯᠠᠭᠤᠯᠤᠯᠲᠠ ᠶᠢᠨ ᠲᠥᠷᠥᠯ ᠵᠦᠢᠯ ᠬᠠᠰᠤᠭᠳᠠᠵᠠᠢ᠂ 500 ᠵᠠᠭᠤᠨ ᠲᠦᠮᠡᠨ | ᠲᠦᠭᠦᠷᠡᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠯᠠᠭᠤᠯᠤᠯᠲᠠ ᠶᠢᠨ ᠲᠥᠷᠥᠯ ᠵᠦᠢᠯ 23 | ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 19 ᠬᠠᠰᠤᠭᠳᠠᠵᠠᠢ᠃ ᠬᠤᠶᠠᠷ ᠲᠤ ᠴᠠᠭ ᠤᠯᠠᠷᠢᠯ | ᠵᠡᠷᠭᠡ ᠨᠦᠭᠦᠴᠡᠯ ᠳᠤ ᠨᠥᠯᠥᠭᠡᠯᠡᠭᠳᠡᠵᠦ᠂ ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠭᠰᠡᠨ ᠨᠢ ᠨᠡᠯᠢᠶᠡᠳ ᠣᠷᠣᠢ᠃ | | ︵ᠬᠤᠶᠠᠷ︶ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ ᠶᠢᠨ ᠵᠢᠭᠠᠯᠲᠠ | ᠲᠤᠭ᠎ᠠ ᠶᠡᠭᠡ ᠪᠠᠷ ᠥᠰᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠶᠢ ᠪᠠᠭᠤᠷᠠᠭᠤᠯᠵᠠᠢ᠃ ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ ᠶᠢᠨ ᠳᠤᠮᠳᠠᠴᠢ ᠵᠢᠭᠠᠯᠲᠠ ᠲᠤᠭ᠎ᠠ 8.4% ᠪᠠᠷ ᠳᠡᠭᠡᠭᠰᠢᠯᠡᠵᠦ | ᠂ ᠦᠨ᠎ᠡ ᠬᠠᠩᠰᠢ ᠶᠢᠨ ᠵᠢᠭᠠᠯᠲᠠ ᠲᠤᠭ᠎ᠠ ᠳᠡᠭᠡᠭᠰᠢᠯᠡᠭᠰᠡᠨ ᠠᠴᠠ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 9.1 ᠵᠠᠭᠤᠨ ᠤ ᠬᠤᠪᠢ ᠪᠠᠷ ᠬᠠᠰᠤᠭᠳᠠᠵᠠᠢ᠃ ᠡᠭᠦᠨ ᠳᠤ᠂ ᠨᠡᠯᠢᠶᠡᠳ ᠶᠡᠭᠡ | ᠰᠢᠭ ᠨᠥᠯᠥᠭᠡᠯᠡᠭᠳᠡᠭᠰᠡᠨ ᠠᠵᠢᠯ ᠲᠥᠷᠥᠯ ᠭᠡᠪᠡᠯ᠄ ᠨᠡᠭᠦᠷᠡᠰᠦᠨ ᠤ ᠦᠨ᠎ᠡ ᠬᠠᠩᠰᠢ 17.33% ᠪᠠᠷ ᠥᠰᠴᠡᠢ᠂ | ᠵᠢᠦ ᠯᠢᠶᠠᠨ ᠨᠡᠭᠦᠷᠡᠰᠦ ᠬᠢᠮᠢ ᠶᠢᠨ ᠪᠦᠲᠦᠭᠡᠭᠳᠡᠬᠦᠨ ᠤ ᠦᠨ᠎ᠡ ᠬᠠᠩᠰᠢ 19.74% ᠪᠠᠷ ᠥᠰᠴᠡᠢ᠂ ᠾᠧ ᠴᠢ | ᠵᠡᠰ ᠤᠨ ᠦᠢᠯᠡᠰ ᠤᠨ ᠪᠦᠲᠦᠭᠡᠭᠳᠡᠬᠦᠨ ᠤ ᠦᠨ᠎ᠡ ᠬᠠᠩᠰᠢ 27.9% ᠪᠠᠷ ᠥᠰᠴᠡᠢ ᠃ | ︵ᠭᠤᠷᠪᠠ︶ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠳᠣᠣᠷ᠎ᠠ᠃ ᠨᠢᠭᠡᠳᠦᠭᠡᠷ | ᠤᠯᠠᠷᠢᠯ ᠳᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2.5% ᠪᠠᠷ ᠨᠡᠮᠡᠭᠳᠡᠵᠦ᠂ GDP ᠶᠢᠨ | ᠨᠡᠮᠡᠭᠳᠡᠯ ᠤᠨ ᠬᠤᠷᠳᠤᠴᠠ ᠠᠴᠠ 0.6 ᠵᠠᠭᠤᠨ ᠤ ᠬᠤᠪᠢ ᠳᠣᠣᠷ᠎ᠠ᠂ ᠪᠦᠬᠦ ᠬᠤᠲᠠ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠠᠴᠠ 1.7 ᠵᠠᠭᠤᠨ ᠤ ᠬᠤᠪᠢ ᠪᠠᠷ ᠳᠣᠣᠷ᠎ᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ ᠶᠢ ᠨᠥᠯᠥᠭᠡᠯᠡᠭᠰᠡᠨ ᠭᠤᠣᠯ ᠨᠦᠭᠦᠴᠡᠯ ᠰᠢᠯᠲᠠᠭᠠᠨ ᠭᠡᠪᠡᠯ᠄ ᠨᠢᠭᠡ ᠳᠤ᠂ | ᠭᠡᠷ ᠬᠥᠷᠥᠩᠭᠡ ᠶᠢᠨ ᠪᠠᠶᠢᠭᠤᠯᠤᠯᠲᠠ ᠶᠢᠨ ᠦᠢᠯᠡᠰ ᠤᠨ ᠨᠡᠮᠡᠭᠳᠡᠯ ᠥᠷᠲᠡᠭ ᠤᠨ ᠪᠠᠭᠤᠷᠠᠯᠲᠠ ᠶᠢᠨ ᠬᠡᠮᠵᠢᠶ᠎ᠡ ᠨᠡᠯᠢᠶᠡᠳ | ᠶᠡᠭᠡ᠃ ᠨᠢᠭᠡᠳᠦᠭᠡᠷ ᠤᠯᠠᠷᠢᠯ ᠳᠤ᠂ ᠲᠠᠸᠠᠷᠴᠢᠯᠠᠭᠰᠠᠨ ᠭᠡᠷ ᠬᠥᠷᠥᠩᠭᠡ ︵ᠬᠤᠭᠤᠴᠠᠭᠠᠲᠤ ᠭᠡᠷ ᠬᠥᠷᠥᠩᠭᠡ᠂ ᠪᠡᠯᠡᠨ | ᠪᠠᠶᠢᠭ᠎ᠠ ᠭᠡᠷ ᠬᠥᠷᠥᠩᠭᠡ ᠶᠢ ᠪᠠᠭᠲᠠᠭᠠᠨ᠎ᠠ︶ ᠶᠢ ᠬᠤᠳᠠᠯᠳᠤᠭᠰᠠᠨ ᠲᠠᠯᠠᠪᠠᠢ 88.5% ᠪᠠᠷ ᠪᠠᠭᠤᠷᠠᠵᠤ᠂ ᠭᠡᠷ | ᠬᠥᠷᠥᠩᠭᠡ ᠶᠢᠨ ᠪᠠᠶᠢᠭᠤᠯᠤᠯᠲᠠ ᠶᠢᠨ ᠦᠢᠯᠡᠰ ᠤᠨ ᠪᠠᠶᠢᠭᠤᠯᠤᠯᠭ᠎ᠠ ᠨᠢᠭᠡᠴᠡ ᠳᠤ ᠠᠵᠢᠯᠯᠠᠵᠤ ᠪᠠᠶᠢᠭ᠎ᠠ ᠬᠥᠮᠥᠨ ᠤ | ᠲᠤᠭ᠎ᠠ 9.9% ᠪᠠᠷ ᠪᠠᠭᠤᠷᠠᠭᠰᠠᠨ ᠠᠴᠠ᠂ ᠭᠡᠷ ᠬᠥᠷᠥᠩᠭᠡ ᠶᠢᠨ ᠪᠠᠶᠢᠭᠤᠯᠤᠯᠲᠠ ᠶᠢᠨ ᠦᠢᠯᠡᠰ ᠤᠨ ᠨᠡᠮᠡᠭᠳᠡᠯ | ᠥᠷᠲᠡᠭ 28.9% ᠪᠠᠷ ᠪᠠᠭᠤᠷᠠᠵᠤ᠂ GDP ᠶᠢᠨ ᠨᠡᠮᠡᠭᠳᠡᠯ ᠤᠨ ᠬᠤᠷᠳᠤᠴᠠ ᠠᠴᠠ 32 ᠵᠠᠭᠤᠨ ᠤ ᠬᠤᠪᠢ | ᠳᠣᠣᠷ᠎ᠠ᠂ GDP ᠶᠢᠨ ᠨᠡᠮᠡᠭᠳᠡᠯ 3.1 ᠶᠢᠨ ᠵᠠᠭᠤᠨ ᠤ ᠬᠤᠪᠢ ᠳᠤ 1.9 ᠵᠠᠭᠤᠨ ᠤ ᠬᠤᠪᠢ ᠪᠠᠷ ᠳᠣᠷᠣᠭᠰᠢ | ᠲᠠᠲᠠᠵᠠᠢ᠃ ᠬᠤᠶᠠᠷ ᠲᠤ ᠠᠰᠢᠭ ᠬᠤᠨᠵᠢᠪᠤᠷᠢ ᠶᠢᠨ ᠴᠢᠨᠠᠷ ᠲᠠᠢ ᠦᠢᠯᠡᠴᠢᠯᠡᠭᠡᠨ ᠤ ᠦᠢᠯᠡᠰ ᠲᠤ ᠪᠤᠰᠤᠳ ᠠᠰᠢᠭ | ᠬᠤᠨᠵᠢᠪᠤᠷᠢ ᠶᠢᠨ ᠴᠢᠨᠠᠷ ᠲᠠᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠥᠨᠳᠥᠷ ᠪᠢᠰᠢ᠃ ᠨᠢᠭᠡᠳᠦᠭᠡᠷ ᠤᠯᠠᠷᠢᠯ ᠳᠤ᠂ ᠨᠡᠮᠡᠭᠳᠡᠯ ᠤᠨ ᠬᠤᠷᠳᠤᠴᠠ 4.7%᠂ ᠪᠦᠬᠦ | ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 11.7 ᠵᠠᠭᠤᠨ ᠤ ᠬᠤᠪᠢ ᠪᠠᠷ ᠳᠣᠣᠷ᠎ᠠ᠃ ᠪᠤᠰᠤᠳ | ᠠᠰᠢᠭ ᠬᠤᠨᠵᠢᠪᠤᠷᠢ ᠶᠢᠨ ᠴᠢᠨᠠᠷ ᠲᠠᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠨᠢ ᠠᠰᠢᠭ | ᠬᠤᠨᠵᠢᠪᠤᠷᠢ ᠶᠢᠨ ᠴᠢᠨᠠᠷ ᠲᠠᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ 78% ᠶᠢ ᠡᠵᠡᠯᠡᠵᠦ᠂ | ᠭᠤᠷᠪᠠᠳᠤᠭᠠᠷ ᠠᠵᠤ ᠦᠢᠯᠡᠰ ᠤᠨ 15% ᠶᠢ ᠡᠵᠡᠯᠡᠵᠡᠢ᠂ ᠡᠶᠢᠮᠦ ᠠᠴᠠ ᠪᠤᠰᠤᠳ ᠠᠰᠢᠭ ᠬᠤᠨᠵᠢᠪᠤᠷᠢ ᠶᠢᠨ ᠴᠢᠨᠠᠷ | ᠲᠠᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢᠨ ᠬᠤᠷᠳᠤᠨ | ᠤᠳᠠᠭᠠᠨ ᠨᠢ ᠶᠡᠬᠡᠬᠡᠨ ᠬᠡᠪᠴᠢᠶᠡᠨ ᠳᠤ ᠭᠤᠷᠪᠠᠳᠤᠭᠠᠷ ᠠᠵᠤ ᠦᠢᠯᠡᠰ ᠪᠣᠯᠣᠨ GDP ᠶᠢᠨ ᠨᠡᠮᠡᠭᠳᠡᠯ ᠤᠨ | ᠬᠤᠷᠳᠤᠴᠠ ᠶᠢ ᠨᠥᠯᠥᠭᠡᠯᠡᠵᠦ ᠪᠠᠶᠢᠨ᠎ᠠ᠃ ᠭᠤᠷᠪᠠ ᠳᠤ᠂ ᠠᠰᠢᠭ ᠬᠤᠨᠵᠢᠪᠤᠷᠢ ᠶᠢᠨ ᠪᠣᠰᠦ ᠴᠢᠨᠠᠷ ᠲᠠᠢ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠪᠠᠭᠤᠷᠠᠵᠠᠢ᠃ ᠨᠢᠭᠡᠳᠦᠭᠡᠷ ᠤᠯᠠᠷᠢᠯ ᠳᠤ᠂ ᠨᠡᠮᠡᠭᠳᠡᠯ ᠥᠷᠲᠡᠭ | 39777 ᠲᠦᠮᠡᠨ ᠲᠦᠭᠦᠷᠡᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3% ᠪᠠᠷ | ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠠᠴᠠ 2.8 ᠵᠠᠭᠤᠨ ᠤ ᠬᠤᠪᠢ ᠳᠣᠣᠷ᠎ᠠ | ᠂ GDP ᠶᠢᠨ ᠨᠡᠮᠡᠭᠳᠡᠯ ᠤᠨ ᠬᠤᠷᠳᠤᠴᠠ ᠠᠴᠠ 3.4 ᠵᠠᠭᠤᠨ ᠤ ᠬᠤᠪᠢ ᠳᠣᠣᠷ᠎ᠠ᠃ | ︵ᠲᠥᠷᠪᠡ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶᠡᠨ ᠤ | ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠭᠦᠢᠴᠡᠳ ᠬᠥᠭᠵᠢᠶᠡᠨ ᠲᠠᠢ | ᠪᠢᠰᠢ ᠪᠠᠶᠢᠨ᠎ᠠ᠃ ᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠬᠡᠮᠵᠢᠶᠡᠨ ᠤ ᠨᠡᠮᠡᠭᠳᠡᠯ ᠤᠨ ᠬᠤᠷᠳᠤᠴᠠ 5.7% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 4.2 ᠵᠠᠭᠤᠨ ᠤ ᠬᠤᠪᠢ ᠪᠠᠷ ᠪᠠᠭᠤᠷᠠᠵᠤ᠂ ᠪᠦᠬᠦ ᠬᠤᠲᠠ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠠᠴᠠ 2.1 ᠵᠠᠭᠤᠨ ᠤ ᠬᠤᠪᠢ ᠪᠠᠷ ᠳᠣᠣᠷ᠎ᠠ᠃ | |