ᠲᠤᠭᠤᠷᠢᠭ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠨᠢ 8400 ᠢᠯᠡᠭᠦᠦ ᠲᠦᠮᠡᠨ ᠲᠦᠭᠦᠷᠢᠭ ᠡᠷᠡᠮᠡᠯᠵᠢᠯᠡᠨ ᠣᠯᠵᠤ ︽  ᠡᠪᠡᠳᠴᠢᠨ ᠦᠵᠡᠭᠦᠯᠬᠦ ᠬᠦᠴᠢᠷᠳᠡᠯ︾ ᠎ ᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2018/6/13
   ᠮᠠᠨ ᠤ ᠲᠤᠭᠤᠷᠢᠭ ᠤᠨ ᠡᠮᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂  ᠤᠷᠴᠢᠮ ᠤᠨ ᠵᠢᠯ ᠳᠤ᠂ ᠲᠤᠭᠤᠷᠢᠭ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠨᠢ ᠤᠯᠤᠰ ᠤᠨ ᠲᠦᠷᠥ ᠶᠢᠨ ᠪᠣᠳᠤᠯᠭ᠎ᠠ ᠶᠢ   ᠠᠮᠵᠢᠨ᠂  ᠳᠡᠭᠡᠷ᠎ᠡ ᠱᠠᠲᠤᠨ ᠤ ᠨᠦᠬᠦᠪᠦᠷᠢ ᠮᠦᠩᠭᠦ 8438  ᠲᠦᠮᠡᠨ ᠲᠦᠭᠦᠷᠢᠭ ᠡᠷᠡᠮᠡᠯᠵᠢᠯᠡᠨ ᠣᠯᠵᠤ᠂  ᠪᠦᠬᠦ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ ᠪᠠᠶᠢᠨ᠎ᠠ᠃    ᠮᠠᠨ ᠤ ᠲᠤᠭᠤᠷᠢᠭ ᠤᠨ ᠬᠤᠶᠢᠲᠦ ᠬᠡᠰᠡᠭ ᠤᠨ ᠡᠮᠴᠢᠯᠡᠭᠡᠨ ᠤ ᠬᠦᠨᠳᠤ ᠡᠭᠦᠷᠭᠡ ᠶᠢ ᠡᠭᠦᠷᠭᠡᠯᠡᠵᠦ ᠪᠦᠬᠦᠢ ᠪᠤᠤ ᠱᠠᠨ ᠬᠢᠲᠠᠳ ᠡᠮᠨᠡᠯᠭᠡ ᠶᠢᠨ ᠬᠤᠷᠢᠶ᠎ᠠ ᠨᠢ 1984  ᠣᠨ ᠳᠤ ᠪᠠᠶᠢᠭᠤᠯᠤᠭᠳᠠᠵᠠᠢ᠃  ᠪᠠᠶᠢᠴᠠᠭᠠᠨ ᠲᠤᠳᠤᠯᠠᠯᠲᠠ ᠪᠠᠷ ᠳᠠᠮᠵᠢᠵᠤ   ᠡᠭᠦᠲᠡᠨ ᠡᠮᠴᠢᠯᠡᠭᠡᠨ ᠤ ᠠᠰᠠᠷ ᠨᠢ D ᠳᠡᠰ ᠤᠨ ᠨᠤᠷᠠᠬᠤ  ᠠᠶᠤᠯ ᠲᠠᠢ ᠭᠡᠷ ᠪᠠᠷᠢᠯᠭ᠎ᠠ ᠪᠤᠯᠤᠭᠰᠠᠨ ᠪᠠᠶᠢᠨ᠎ᠠ᠃  ᠲᠤᠭᠤᠷᠢᠭ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠨᠢ ᠤᠯᠠᠨ ᠡᠲᠡᠭᠡᠳ ᠤᠨ ᠲᠤᠰᠠᠯᠠᠮᠵᠢ ᠶᠢ ᠬᠦᠷᠲᠡᠨ᠂   ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ ᠨᠢ  ᠲᠥᠪ ᠵᠠᠰᠠᠭ ᠤᠨ ᠪᠡᠯᠡ ᠮᠦᠩᠭᠦ ᠠᠴᠠ 3213 ᠲᠦᠮᠡᠨ ᠲᠦᠭᠦᠷᠢᠭ ᠪᠠᠭᠤᠯᠭᠠᠵᠤ᠂ ᠪᠤᠤ ᠱᠠᠨ ᠬᠢᠲᠠᠳ ᠡᠮᠨᠡᠯᠭᠡ ᠶᠢᠨ ᠬᠤᠷᠢᠶ᠎ᠠ ᠤᠨ  ᠡᠭᠦᠳᠡᠨ‌ᠡᠮᠴᠢᠯᠡᠭᠡᠨ ᠤ  ᠠᠰᠠᠷ ᠢ ᠲᠠᠬᠢᠨ ᠪᠠᠷᠢᠬᠤ ᠪᠠᠷ ᠪᠤᠯᠵᠠᠢ᠃  ᠲᠤᠰ ᠲᠦᠷᠥᠯ ᠵᠦᠢᠯ ᠨᠢ 6 ᠰᠠᠷ᠎ᠠ ᠶᠢᠨ ᠡᠴᠦᠰ ᠠᠴᠠ ᠠᠵᠢᠯ ᠡᠬᠢᠯᠡᠨ᠎ᠡ᠃    ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂  ᠰᠠᠭᠤᠷᠢ ᠲᠦᠬᠦᠭᠡᠷᠡᠮᠵᠢ ᠪᠦᠷᠢᠨ ᠪᠤᠰᠤ ᠪᠠᠶᠢᠬᠤ  ᠪᠠᠶᠢᠳᠠᠯ ᠢ ᠰᠠᠶᠢᠵᠢᠷᠠᠭᠤᠯᠬᠤ ᠶᠢᠨ ᠲᠦᠯᠦᠭᠡ᠂  ᠲᠤᠭᠤᠷᠢᠭ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠨᠢ  ᠤᠷᠢᠳ ᠬᠤᠵᠢᠳ ᠳᠡᠭᠡᠳᠦ ᠱᠠᠲᠤᠨ ᠤ ᠪᠡᠯᠡ ᠮᠦᠩᠭᠦ 2418 ᠲᠦᠮᠡᠨ ᠲᠦᠭᠦᠷᠢᠭ ᠡᠷᠡᠮᠡᠯᠵᠢᠯᠡᠨ ᠣᠯᠵᠤ᠂  ᠤᠯᠠᠭᠠᠨᠬᠠᠳᠠ ᠶᠢᠨ ᠪᠤᠤ ᠱᠠᠨ ᠡᠮᠨᠡᠯᠭᠡ ᠶᠢᠨ ᠬᠤᠷᠢᠶᠠᠨ ᠤ ᠡᠭᠦᠳᠡᠨ‌ᠡᠮᠴᠢᠯᠡᠭᠡᠨ ᠤ ᠠᠰᠠᠷ᠂ ᠪᠠᠴᠢᠮ ᠠᠪᠤᠷᠠᠯᠲᠠ ᠶᠢᠨ ᠲᠥᠪ ᠤᠨ ᠬᠡᠷᠡᠭᠯᠡᠭᠡᠨ ᠤ ᠭᠡᠷ ᠶᠢ ᠪᠠᠶᠢᠭᠤᠯᠤᠨ᠂  ᠪᠠᠴᠢᠮ ᠠᠪᠤᠷᠠᠯᠲᠠ ᠶᠢᠨ ᠲᠡᠷᠭᠡ ᠵᠢᠴᠢ ᠡᠮᠴᠢᠯᠡᠭᠡᠨ ᠤ ᠪᠠᠭᠠᠵᠢ ᠲᠦᠬᠦᠭᠡᠷᠡᠮᠵᠢ ᠶᠢ  ᠰᠢᠨᠡᠳᠬᠡᠵᠦ᠂  ᠲᠤᠬᠠᠶᠢᠯᠠᠭᠰᠠᠨ ᠠᠵᠢᠯ ᠤᠨ ᠪᠤᠯᠪᠠᠰᠤᠷᠠᠯ ᠡᠷᠬᠢᠯᠡᠨ᠂ ᠡᠮᠨᠡᠯᠭᠡ ᠶᠢᠨ ᠬᠤᠷᠢᠶᠠᠨ ᠤ  ᠤᠷᠴᠢᠨ ᠲᠤᠭᠤᠷᠢᠨ ᠮᠡᠳᠡᠭᠳᠡᠬᠦᠶᠢᠴᠡ ᠳᠡᠭᠡᠭᠰᠢᠯᠡᠵᠦ᠂  ᠰᠢᠭᠡᠰᠦᠨ ᠵᠠᠮ ᠤᠨ ᠰᠠᠯᠠᠭ᠎ᠠ᠂  ᠰᠢᠩᠭᠡᠭᠡᠯᠲᠡ ᠶᠢᠨ ᠰᠠᠯᠠᠭ᠎ᠠ ᠶᠢ ᠨᠡᠮᠡᠨ ᠪᠠᠶᠢᠭᠤᠯᠵᠤ᠂  ᠪᠤᠤ ᠱᠠᠨ ᠡᠮᠨᠡᠯᠭᠡ ᠶᠢᠨ ᠬᠤᠷᠢᠶᠠᠨ ᠤ ᠪᠦᠬᠦᠶᠢᠯᠡ ᠡᠮᠴᠢᠯᠡᠭᠡᠨ ᠤ ᠬᠢᠷᠢ ᠲᠥᠪᠰᠢᠨ ᠳᠡᠭᠡᠭᠰᠢᠯᠡᠭᠰᠡᠨ ᠪᠠᠶᠢᠨ᠎ᠠ᠃  ᠳᠡᠭᠡᠳᠦ ᠱᠠᠲᠤᠨ ᠤ ᠪᠡᠯᠡ ᠮᠦᠩᠭᠦ 1791 ᠲᠦᠮᠡᠨ ᠲᠦᠭᠦᠷᠢᠭ ᠡᠷᠡᠮᠡᠯᠵᠢᠯᠡᠨ ᠣᠯᠵᠤ᠂ 60  ᠲᠤᠰᠬᠤᠨ ᠤ ᠡᠷᠡᠭᠦᠯ ᠬᠠᠮᠠᠭᠠᠯᠠᠯ ᠤᠨ ᠭᠡᠷ᠂ 4 ᠰᠠᠭᠤᠷᠢ ᠪᠠᠯᠭᠠᠰᠤᠨ ᠤ ᠡᠮᠨᠡᠯᠭᠡ ᠶᠢᠨ  ᠬᠤᠷᠢᠶ᠎ᠠ᠂ 6 ᠰᠠᠭᠤᠷᠢ ᠨᠡᠶᠢᠭᠡᠮ ᠲᠤᠭᠤᠷᠢᠭ`᠎ ᠤᠨ  ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠡᠢ᠃ 1016 ᠲᠦᠮᠡᠨ ᠲᠦᠭᠦᠷᠢᠭ ᠡᠷᠡᠮᠡᠯᠵᠢᠯᠡᠨ ᠣᠯᠵᠤ᠂  ᠡᠷᠡᠭᠦᠯ ᠬᠠᠮᠠᠭᠠᠯᠠᠯ ᠤᠨ ᠬᠢᠨᠠᠨ ᠱᠠᠭᠠᠷᠳᠠᠬᠤ ᠦᠷᠲᠡᠭᠡ᠂  ᠡᠬᠡ ᠨᠢᠯᠬᠠᠰ ᠤᠨ ᠡᠷᠡᠭᠦᠯ  ᠮᠡᠨᠳᠦ ᠶᠢᠨ ᠬᠤᠷᠢᠶ᠎ᠠ ᠵᠢᠴᠢ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠷᠲᠡᠭᠡ ᠎ ᠶᠢᠨ ᠰᠢᠨ᠎ᠡ ᠪᠠᠶᠢᠭᠤᠯᠬᠤ ᠲᠦᠷᠥᠯ ᠵᠦᠢᠯ ᠳᠤ ᠬᠡᠷᠡᠭᠯᠡᠵᠡᠢ᠃      ᠡᠳᠡᠭᠡᠷ ᠡᠷᠡᠭᠦᠯ ᠬᠠᠮᠠᠭᠠᠯᠠᠯ ᠤᠨ ᠲᠥᠷᠦᠯ ᠵᠦᠢᠯ ᠤᠨ ᠪᠠᠶᠢᠭᠤᠯᠤᠭᠳᠠᠭᠰᠠᠨ ᠨᠢ  ᠮᠠᠨ ᠤ ᠲᠤᠭᠤᠷᠢᠭ ᠤᠨ ᠭᠤᠷᠪᠠᠨ ᠱᠠᠲᠤᠨ ᠤ ᠡᠷᠡᠭᠦᠯ ᠬᠠᠮᠠᠭᠠᠯᠠᠯ ᠦᠢᠯᠡᠴᠢᠯᠡᠭᠡᠨ ᠤ ᠲᠤᠤᠷᠵᠢᠯ ᠤᠯᠠᠮ ᠨᠢᠭᠡ ᠠᠯᠬᠤᠮ ᠲᠡᠭᠦᠯᠳᠡᠷᠵᠢᠵᠦ᠂  ᠡᠮᠴᠢᠯᠡᠭᠡᠨ ᠤ ᠴᠢᠨᠠᠷ ᠴᠢᠨᠰᠠᠭ᠎ᠠ ᠳᠡᠭᠡᠭᠰᠢᠯᠡᠨ᠂  ᠤᠯᠠᠨ ᠲᠦᠮᠡᠨ ᠤ  ︽ ᠡᠪᠡᠳᠴᠢᠨ ᠦᠵᠡᠭᠦᠯᠬᠦ ᠬᠦᠴᠢᠷᠳᠡᠯ︾ ᠎ ᠢ ᠪᠠᠭᠠᠰᠬᠠᠵᠤ ᠴᠢᠳᠠᠭᠰᠠᠨ ᠪᠠᠶᠢᠨ᠎ᠠ᠃    
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1