ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠳᠠ ᠬᠤᠶᠠᠷ ᠱᠠᠲᠤᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢᠨ  ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠨᠡᠶᠢᠲᠡᠮ ᠪᠠᠶᠢᠴᠠᠭᠠᠨ  ᠪᠦᠷᠢᠳᠬᠡᠬᠦ ᠠᠵᠢᠯ ᠨᠢ ᠮᠠᠨ ᠤ ᠲᠤᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2018/6/13
    6  ᠰᠠᠷ᠎ᠠ ᠶᠢᠨ7᠎ ᠤ ᠡᠳᠦᠷ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠳᠠ ᠬᠤᠶᠠᠷ ᠱᠠᠲᠤᠨ ᠤ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠨᠡᠶᠢᠲᠡᠮ ᠪᠠᠶᠢᠴᠠᠭᠠᠨ  ᠪᠦᠷᠢᠳᠬᠡᠬᠦ ᠠᠵᠢᠯ ᠨᠢ ᠮᠠᠨ ᠤ ᠲᠤᠭᠤᠷᠢᠭ ᠲᠤ ᠡᠬᠢᠯᠡᠵᠦ᠂  ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠲᠤᠭ᠎ᠠ ᠨᠤᠷᠮ᠎ᠠ ᠶᠢ ᠬᠠᠮᠢᠶᠠᠷᠬᠤ ᠲᠥᠪ ᠤᠨ ᠯᠦ ᠵᠢᠩ ᠬᠤᠢ᠂  ᠮᠧᠩ ᠶᠠᠩ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠲᠠᠷᠢᠶᠠᠯᠠᠩ ᠤᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢ ᠷᠧᠨ ᠯᠢ ᠶᠢᠩ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠠᠯᠪᠠᠨ ᠭᠡᠷ ᠤᠨ ᠲᠤᠬᠠᠶᠢᠯᠠᠭᠰᠠᠨ ᠠᠵᠢᠯ ᠤᠨ ᠲᠤᠭᠤᠶᠢᠯᠠᠩ ᠤᠨ ᠳᠠᠷᠤᠭ᠎ᠠ᠂ ᠲᠦᠯᠦᠪᠯᠡᠭᠡ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠠᠩ ᠸᠧᠨ ᠦ᠋᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠠᠯᠪᠠᠨ ᠭᠡᠷ ᠤᠨ ᠵᠤᠬᠢᠶᠠᠨ ᠪᠠᠶᠢᠭᠤᠯᠬᠤ ᠵᠤᠬᠢᠴᠠᠭᠤᠯᠬᠤ ᠬᠢᠨᠠᠨ ᠱᠠᠭᠠᠷᠳᠠᠬᠤ ᠲᠤᠭᠤᠶᠢᠯᠠᠩ ᠤᠨ ᠳᠡᠳ᠋ ᠳᠠᠷᠤᠭ᠎ᠠ᠂ ᠨᠡᠶᠢᠳᠡᠮ ᠪᠠᠶᠢᠴᠠᠭᠠᠯᠲᠠ ᠶᠢᠨ ᠲᠥᠪ ᠤᠨ ᠰᠤᠳᠤᠯᠤᠭᠴᠢ ᠶᠠᠩ ᠶᠦᠸᠧ ᠮᠸᠢ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠠᠯᠪᠠᠨ ᠭᠡᠷ ᠤᠨ ᠡᠷᠬᠢᠯᠡᠭᠴᠢ᠂ ᠤᠯᠠᠭᠠᠨᠬᠠᠳᠠ ᠬᠤᠳᠠ ᠶᠢᠨ ᠲᠤᠭ᠎ᠠ ᠪᠦᠷᠢᠳᠭᠡᠯ ᠤᠨ ᠲᠤᠪᠴᠢᠶᠠᠨ ᠤ ᠨᠠᠮ ᠤᠨ ᠲᠤᠭᠤᠶᠢᠯᠠᠩ ᠤᠨ ᠱᠦᠵᠢ᠂  ᠲᠤᠪᠴᠢᠶᠠᠨ ᠳᠠᠷᠤᠭ᠎ᠠ ᠶᠢᠨ ᠬᠤᠩ ᠱᠠᠨ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠠᠯᠪᠠᠨ ᠭᠡᠷ ᠤᠨ ᠳᠡᠳ᠋ ᠡᠷᠬᠢᠯᠡᠭᠴᠢ᠂  ᠤᠯᠠᠭᠠᠨᠬᠠᠳᠠ ᠬᠤᠳᠠ ᠶᠢᠨ ᠲᠤᠭ᠎ᠠ ᠪᠦᠷᠢᠳᠭᠡᠯ ᠤᠨ ᠲᠤᠪᠴᠢᠶᠠᠨ ᠤ ᠨᠠᠮ ᠤᠨ ᠲᠤᠭᠤᠶᠢᠯᠠᠩ ᠤᠨ ᠭᠡᠰᠢᠭᠦᠨ᠂ ᠳᠡᠳ᠋ ᠲᠤᠪᠴᠢᠶᠠᠨ ᠳᠠᠷᠤᠭ᠎ᠠ ᠠᠨ ᠭᠦᠸᠧ ᠶᠧᠦ᠂  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠳᠠᠷᠤᠭ᠎ᠠ  ᠼᠤᠤ ᡁᠢ ᠶᠦᠩ ᠡᠬᠢᠯᠡᠯᠲᠡ ᠶᠢᠨ ᠶᠤᠰᠤᠯᠠᠯ ᠳᠤ ᠰᠠᠭᠠᠲᠠᠵᠠᠢ᠃  ᠤᠯᠤᠰ ᠂ ᠦᠪᠡᠷᠲᠡᠭᠡᠨ ᠵᠠᠰᠠᠬᠤ ᠤᠷᠤᠨ᠂  ᠤᠯᠠᠭᠠᠠᠬᠠᠳᠠ ᠬᠤᠳᠠ ᠵᠢᠴᠢ ᠡᠯ᠎ᠡ ᠬᠤᠰᠢᠭᠤ ᠰᠢᠶᠠᠨ ᠲᠤᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠤᠭᠤᠳᠤᠭᠴᠢ᠂  ᠨᠡᠶᠢᠳᠡᠮ ᠪᠠᠶᠢᠴᠠᠭᠠᠭᠴᠢ᠂  ᠲᠤᠭᠤᠷᠢᠭ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠠᠵᠢᠯᠳᠠᠨ ᠵᠡᠷᠭᠡ 120 ᠭᠠᠷᠤᠢ ᠬᠦᠮᠦᠰ ᠬᠤᠷᠠᠯ ᠳᠤ ᠤᠷᠤᠯᠴᠠᠵᠠᠢ
      ᠷᠧᠨ ᠢ ᠶᠢᠩ ᠡᠬᠢᠯᠡᠯᠲᠡ ᠶᠢᠨ ᠶᠤᠰᠤᠯᠠᠯ ᠳᠤ ᠶᠠᠷᠢᠶ᠎ᠠ ᠲᠠᠯᠪᠢᠵᠤ ᠵᠢᠭᠠᠬᠤ ᠳᠠᠭᠠᠨ᠂  ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠪᠤᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ  ᠰᠢᠢᠳᠪᠦᠷᠢᠲᠦ ᠢᠯᠠᠯᠲᠠ ᠶᠢ ᠣᠯᠬᠤ᠂  ᠨᠡᠶᠢᠭᠡᠮ ᠵᠢᠷᠤᠮᠲᠦ ᠤᠳᠤᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠬᠤ  ᠠᠶᠠᠨ ᠳᠠᠶᠢᠨ ᠤ ᠡᠬᠢᠯᠡᠯᠲᠡ ᠶᠢᠨ ᠬᠦᠨᠳᠦ ᠴᠢᠬᠤᠯᠠ ᠤᠯᠤᠰ ᠤᠨ ᠬᠦᠴᠦᠨ ᠪᠠᠶᠢᠳᠠᠯ ᠤᠨ ᠲᠤᠬᠠᠢ ᠪᠠᠶᠢᠴᠠᠭᠠᠯᠲᠠ ᠪᠤᠯᠤᠨ᠎ᠠ᠃ ᠡᠨᠡ ᠤᠳᠠᠭᠠᠨ ᠤ ᠨᠡᠶᠢᠳᠡᠮ  ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠭᠤᠣᠯ  ᠵᠣᠷᠢᠯᠭ᠎ᠠ ᠪᠤᠯ  ᠂ ᠠᠵᠤ  ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠦᠬᠦ ᠶᠠᠪᠤᠴᠠ ᠶᠢ  ᠲᠦᠰᠦᠭᠡᠳᠦᠯᠡᠵᠦ᠂  ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠪ ᠤᠨ ᠰᠢᠨᠵᠢᠯᠡᠬᠦ ᠤᠬᠠᠭᠠᠨᠴᠢ ᠴᠢᠨᠠᠷ ᠪᠠ ᠪᠤᠯᠤᠮᠵᠢ ᠶᠢᠨ ᠴᠢᠨᠠᠷ ᠢ ᠬᠢᠨᠠᠨ  ᠰᠢᠯᠭᠠᠵᠤ᠂  ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠤᠳᠠᠲᠠᠢ ᠲᠤᠷᠰᠢᠯᠭ᠎ᠠ ᠶᠢ ᠬᠤᠷᠠᠮᠳᠤᠭᠤᠯᠤᠨ᠂  ᠵᠢᠩᠬᠢᠨᠢ ᠪᠠᠶᠢᠴᠠᠭᠠᠯᠲᠠ ᠳᠤ ᠰᠠᠭᠤᠷᠢ ᠲᠠᠯᠪᠢᠬᠤ ᠪᠤᠯᠤᠨ᠎ᠠ᠃  ᠦᠷᠭᠡᠨ ᠤᠯᠠᠨ ᠪᠠᠶᠢᠴᠠᠭᠠᠭᠴᠢ ᠠᠵᠢᠯᠳᠠᠨ ᠨᠠᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ  ᠣᠪᠤᠷ  ᠪᠠᠷ ᠲᠤᠷᠰᠢᠯᠲᠠ ᠶᠢᠨ ᠴᠢᠭ ᠤᠨ ᠠᠵᠢᠯ ᠢᠶᠠᠨ ᠯᠠᠪᠳᠠᠭᠤᠨ ᠪᠠᠲᠤᠲᠠᠢ ᠬᠢᠵᠦ᠂  ᠪᠠᠶᠢᠴᠠᠭᠠᠭᠳᠠᠭᠴᠢ ᠡᠲᠡᠭᠡᠳ ᠢᠳᠡᠪᠬᠢᠲᠡᠢ ᠪᠠᠷ ᠬᠠᠮᠵᠢᠯᠴᠠᠨ᠂  ᠨᠡᠶᠢᠳᠡᠮ ᠪᠠᠶᠢᠴᠠᠭᠠᠯᠲᠠ ᠶᠢᠨ ᠠᠵᠢᠯ ᠢᠶᠠᠨ ᠤᠷᠤᠭᠰᠢᠲᠠᠢ ᠦᠷᠨᠢᠭᠦᠯᠬᠦ ᠬᠡᠷᠡᠭᠲᠡᠢ ᠭᠡᠵᠡᠢ᠃
     ᠼᠤᠤ ᡁᠢ ᠶᠦᠩ ᠶᠠᠷᠢᠶ᠎ᠠ ᠲᠠᠯᠪᠢᠵᠦ ᠢᠯᠡᠷᠬᠡᠶᠢᠯᠡᠬᠦ ᠳᠡᠭᠡᠨ᠂  ᠳᠦᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ ᠤᠨ ᠠᠵᠢᠯ ᠨᠢ ᠤᠳᠬ᠎ᠠ ᠠᠭᠤᠯᠭ᠎ᠠ ᠭᠦᠨ᠂  ᠡᠭᠦᠷᠭᠡ ᠬᠠᠷᠢᠭᠤᠴᠠᠯᠭ᠎ᠠ ᠥᠩᠭᠡ ᠭᠡᠷᠡᠯᠲᠡᠢ᠃  ᠮᠠᠨ ᠤ ᠲᠤᠭᠤᠷᠢᠭ ᠨᠢ ᠡᠨᠡ ᠤᠳᠠᠭᠠᠨ ᠤ ᠪᠠᠶᠢᠴᠠᠭᠠᠯᠲᠠ ᠪᠠᠷ ᠠᠵᠠ ᠲᠤᠬᠢᠶᠠᠯ ᠪᠤᠯᠭᠠᠵᠤ᠂ ᠡᠷᠴᠢ ᠵᠣᠷᠢᠭ ᠢᠶᠠᠨ ᠬᠥᠪᠴᠢᠯᠡᠨ᠂ ᠯᠠᠪᠳᠠᠭᠤᠨ ᠪᠠᠲᠤᠳᠠᠢ ᠠᠵᠢᠯᠯᠠᠵᠤ᠂  ᠳᠤᠲᠠᠭᠳᠠᠯ ᠢᠶᠠᠨ ᠨᠦᠬᠦᠪᠦᠷᠢᠯᠡᠨ᠂  ᠲᠤᠷᠰᠢᠯᠭ᠎ᠠ ᠰᠤᠷᠭᠠᠮᠵᠢ  ᠬᠤᠷᠠᠮᠳᠤᠭᠤᠯᠵᠤ᠂ ᠲᠤᠭ᠎ᠠ ᠪᠦᠷᠢᠳᠭᠡᠯ ᠤᠨ  ᠰᠠᠯᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠦᠨᠳᠦᠷ ᠪᠠᠷᠢᠮᠵᠢᠶᠠᠲᠠᠢ ᠪᠠᠷ ᠲᠤᠷᠰᠢᠯᠲᠠ ᠶᠢᠨ  ᠴᠢᠭ ᠤᠨ ᠠᠵᠢᠯ ᠢᠶᠠᠨ ᠪᠡᠶᠡᠯᠡᠭᠦᠯᠦᠨ᠎ᠡ ᠭᠡᠵᠡᠢ᠃
    ᠡᠬᠢᠯᠡᠯᠲᠡ ᠶᠢᠨ ᠶᠤᠰᠤᠯᠠᠯ ᠤᠨ ᠳᠠᠷᠠᠭ᠎ᠠ᠂ 120 ᠭᠠᠷᠤᠢ ᠨᠡᠶᠢᠳᠡᠮ ᠪᠠᠶᠢᠴᠠᠭᠠᠴᠢ ᠨᠢᠭᠡᠲᠦᠯᠲᠡᠢ ᠲᠡᠮᠳᠡᠭ ᠢᠶᠠᠨ ᠵᠡᠭᠦᠵᠦ᠂ ᠨᠡᠶᠢᠳᠡᠮ ᠪᠠᠶᠢᠴᠠᠭᠠᠬᠤ ᠠᠵᠢᠯ ᠢᠶᠠᠨ ᠦᠷᠨᠢᠭᠦᠯᠵᠦ ᠡᠬᠢᠯᠡᠵᠡᠢ᠃  ᠲᠤᠷᠰᠢᠯᠲᠠ ᠶᠢᠨ  ᠴᠢᠭ ᠤᠨ ᠪᠠᠶᠢᠴᠠᠭᠠᠬᠤ ᠬᠦᠷᠢᠶ᠎ᠡ ᠬᠡᠪᠴᠢᠶ᠎ᠡ ᠪᠤᠯ ᠬᠤᠶᠠᠳᠤᠭᠠᠷ᠂ ᠭᠤᠷᠪᠠᠳᠤᠭᠠᠷ ᠠᠵᠤ ᠠᠬᠤᠶᠢᠯᠠᠯ ᠤᠨ ᠪᠦᠬᠦᠶᠢᠯᠡ ᠬᠠᠤᠯᠢ ᠶᠢᠨ ᠨᠢᠭᠡᠴᠡ᠂  ᠬᠤᠪᠢ ᠶᠢᠨ ᠡᠵᠡᠩᠨᠡᠯᠲᠡ ᠶᠢᠨ ᠡᠷᠦᠬᠡ ᠪᠠᠶᠢᠵᠤ᠂  ᠪᠠᠶᠢᠴᠠᠭᠠᠬᠤ ᠬᠤᠭᠤᠴᠠᠭ᠎ᠠ ᠨᠢ ᠨᠢᠭᠡ ᠰᠠᠷ᠎ᠠ ᠪᠤᠯᠤᠨ᠎ᠠ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1