ᠳᠤᠮᠳᠠᠳᠤ ᠤᠯᠤᠰ ᠤᠨ ᠤᠮᠠᠷᠠᠲᠤ ᠤᠷᠤᠨ ᠤ ᠤᠯᠠᠨ ᠤᠯᠤᠰ ᠤᠨ ᠴᠢᠬᠢ ᠮᠤᠳᠤᠨ ᠤ ᠤᠨᠴᠠᠯᠢᠭᠲᠤ ᠵᠢᠵᠢᠭ ᠲᠤᠰᠬᠤᠨ ᠢ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠲᠦᠷᠥᠯ ᠵᠦᠢᠯ ᠤᠨ ᠰᠠᠭᠤᠷᠢ ᠲᠠᠯᠪᠢᠬᠤ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2018/6/13
    6  ᠰᠠᠷ᠎ᠠ ᠶᠢᠨ 5᠎ ᠤ ᠡᠳᠦᠷ᠂ ᠳᠤᠮᠳᠠᠳᠤ ᠤᠯᠤᠰ ᠤᠨ ᠤᠮᠠᠷᠠᠲᠤ ᠤᠷᠤᠨ ᠤ ᠤᠯᠠᠨ ᠤᠯᠤᠰ ᠤᠨ ᠴᠢᠬᠢ ᠮᠤᠳᠤᠨ ᠤ ᠤᠨᠴᠠᠯᠢᠭᠲᠤ ᠵᠢᠵᠢᠭ ᠲᠤᠰᠬᠤᠨ ᠢ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠲᠦᠷᠥᠯ ᠵᠦᠢᠯ ᠤᠨ ᠰᠠᠭᠤᠷᠢ ᠲᠠᠯᠪᠢᠬᠤ ᠶᠤᠰᠤᠯᠠᠯ ᠨᠢ ᠶᠤᠸᠠᠨ ᠪᠤᠤ ᠱᠠᠨ ᠪᠠᠯᠭᠠᠰᠤᠨ ᠤ ᠵᠢᠶᠠᠨ ᠴᠠᠩ ᠶᠢᠩ ᠲᠤᠰᠬᠤᠨ ᠳᠤ ᠦᠪᠡᠳᠡᠭᠰᠢ ᠶᠡᠬᠡᠪᠡᠷ ᠶᠠᠪᠤᠭᠳᠠᠪᠠ᠃
  ᠤᠯᠠᠭᠠᠨᠬᠠᠳᠠ ᠬᠤᠳᠠ ᠶᠢᠨ ᠵᠠᠰᠠᠭ ᠤᠨ ᠤᠷᠳᠤᠨ ᠶᠢᠨ  ᠳᠡᠳ᠋ ᠳᠠᠷᠤᠭ᠎ᠠ  ᠸᠠᠩ ᠭᠦᠸᠧ ᠽᠧᠨ᠂  ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠳᠠᠷᠤᠭ᠎ᠠ ᠰᠢᠤᠸᠠᠢ ᠳ᠋ᠧ ᠺᠠᠢ᠂  ᠬᠤᠳᠠ ᠶᠢᠨ ᠤᠰᠤᠨ ᠠᠰᠢᠭᠯᠠᠯᠲᠠ ᠶᠢᠨ ᠲᠤᠪᠴᠢᠶᠠᠨ ᠤ ᠶᠡᠷᠦᠩᠬᠡᠢ  ᠢᠨᠵᠧᠨᠧᠷ ᠶᠠᠩ ᠷᠦᠢ ᠰᠢᠨ᠂  ᠬᠤᠳᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠹᠧᠩ ᠱᠦ ᠰᠢᠨ᠂  ᠬᠤᠳᠠ ᠶᠢᠨ ᠰᠢᠨᠵᠢᠯᠡᠬᠦ ᠮᠡᠷᠭᠡᠵᠢᠯ ᠤᠨ ᠲᠤᠪᠴᠢᠶᠠᠨ ᠤ ᠳᠠᠷᠤᠭ᠎ᠠ ᠱᠢ ᠱᠢᠤᠸᠠᠢ ᠸᠧᠨ᠂    ᠲᠤᠭᠤᠷᠢᠭ ᠤᠨ ᠨᠠᠮ ᠵᠠᠰᠠᠭ ᠤᠨ ᠤᠳᠤᠷᠢᠳᠤᠯᠭ᠎ᠠ ᠸᠠᠩ ᠪᠢᠩ ᠵᠦᠩ᠂  ᠸᠠᠩ ᠶᠦᠩ᠂ ᠯᠢᠦ ᠯᠢ ᠵᠦᠩ᠂ ᠸᠠᠩ ᠵᠧᠨ  ᠯᠢᠶᠠᠩ᠂ ᠯᠦ ᠯᠢᠶᠠᠨ ᠭᠦᠸᠧ᠂ ᠰᠢᠦᠢ ᠵᠢᠶᠠᠨ ᠾᠦᠢ᠂  ᠵᠧᠦ ᠵᠠᠨ ᠯᠢ᠂  ᠴᠧᠩ ᠷᠦᠢ ᠪᠤᠤ ᠶᠤᠰᠤᠯᠠᠯ ᠳᠤ ᠰᠠᠭᠠᠲᠠᠵᠠᠢ᠃
        ᠵᠧᠦ ᠵᠠᠨ ᠯᠢ ᠶᠤᠰᠤᠯᠠᠯ ᠡᠷᠬᠢᠯᠡᠪᠡ
     ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠴᠧᠩ ᠷᠦᠢ ᠪᠤᠤ ᠶᠤᠰᠤᠯᠠᠯ ᠳᠤ ᠶᠠᠷᠢᠶ᠎ᠠ ᠲᠠᠯᠪᠢᠵᠤ  ᠵᠢᠭᠠᠬᠤ ᠳᠠᠭᠠᠨ᠂  ᠤᠷᠴᠢᠮ ᠤᠨ ᠵᠢᠯ ᠠᠴᠠ ᠮᠠᠨ ᠤ ᠲᠤᠭᠤᠷᠢᠭ ᠨᠢ ᠠᠵᠤ ᠦᠢᠯᠡᠳᠪᠦᠷᠢ ᠶᠢᠨ ᠰᠡᠳᠬᠢᠮᠵᠢ ᠪᠠᠷ ᠲᠠᠷᠢᠶᠠᠯᠠᠩ ᠤᠨ ᠬᠥᠭᠵᠢᠯᠲᠡ ᠶᠢᠨ ᠲᠦᠰᠦᠪᠯᠡᠵᠦ᠂  ᠲᠠᠷᠢᠶᠠᠯᠠᠩ ᠤᠨ  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ  ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠦᠨ᠂  ᠰᠢᠯᠢᠳᠡᠭ ᠪᠠᠶᠢᠭᠠᠯᠢᠯᠢᠭ ᠮᠠᠯ ᠲᠠᠷᠢᠶᠠᠯᠠᠩ ᠤᠨ ᠪᠦᠲᠦᠭᠡᠭᠳᠡᠭᠦᠨ ᠤ ᠨᠡᠷᠡᠲᠦ ᠲᠡᠮᠳᠡᠭ ᠢ  ᠡᠭᠦᠳᠦᠵᠦ᠂  ᠰᠡᠯᠡᠭᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠎ ᠶᠢ ᠢᠳᠡᠪᠬᠢᠲᠡᠢ ᠠᠬᠢᠭᠤᠯᠤᠨ᠂  ᠲᠠᠷᠢᠶᠠᠯᠠᠩ ᠪᠤᠯᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂  ᠠᠭᠤᠰᠤᠯᠴᠠᠨ ᠬᠥᠭᠵᠢᠭᠰᠡᠨ ᠤᠳᠤᠬᠢᠴᠢᠯᠠᠭᠰᠠᠨ ᠲᠠᠷᠢᠶᠠᠯᠠᠩ ᠤᠨ ᠵᠠᠮ ᠢᠶᠠᠷ  ᠵᠠᠮᠨᠠᠨ᠂   ︽ ᠲᠠᠷᠢᠶᠠᠯᠠᠩ +︾  ᠬᠥᠭᠵᠢᠯᠲᠡ ᠶᠢᠨ ᠰᠢᠨ᠎ᠡ  ᠬᠡᠪ ᠵᠠᠭᠪᠤᠷ ᠢ ᠪᠦᠬᠦ ᠲᠠᠯ᠎ᠠ ᠪᠠᠷ ᠡᠬᠢᠯᠡᠭᠦᠯᠵᠦ᠂  ᠲᠠᠷᠢᠶᠠᠴᠢᠨ ᠲᠦᠮᠡᠨ ᠤ ᠪᠠᠶᠠᠵᠢᠨ ᠴᠢᠨᠡᠭᠡᠯᠢᠭᠵᠢᠬᠦ ᠵᠠᠮ ᠢ ᠰᠢᠯᠤᠭᠤᠳᠬᠠᠨ᠂  ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠎ ᠤ ᠢᠯᠠᠯᠲᠠ ᠶᠢ ᠲᠡᠮᠡᠴᠢᠨ ᠣᠯᠬᠤ ᠶᠢᠨ ᠬᠦᠴᠦᠲᠡᠢ  ᠠᠪᠣᠳᠠᠯ ᠪᠤᠯᠤᠭᠰᠠᠨ ᠪᠠᠶᠢᠨ᠎ᠠ᠃  ᠴᠢᠬᠢ ᠮᠤᠳᠤᠨ ᠤ ᠤᠨᠴᠠᠯᠢᠭᠲᠤ ᠵᠢᠵᠢᠭ ᠪᠠᠯᠭᠠᠰᠤᠨ ᠤ ᠲᠦᠷᠥᠯ ᠵᠦᠢᠯ ᠪᠤᠯ ᠮᠠᠨ ᠤ ᠲᠤᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠨᠢᠭᠡᠨ ᠲᠤᠮᠤ ᠬᠡᠷᠡᠭ ᠶᠠᠪᠤᠳᠠᠯ ᠮᠦᠨ᠃  ᠮᠠᠨ ᠤ  ᠲᠤᠭᠤᠷᠢᠭ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂  ᠬᠦᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠣᠳᠤᠯᠭ᠎ᠠ ᠪᠠᠷ ᠨᠢᠭᠡᠲᠦᠯᠲᠡᠢ ᠵᠢᠯᠤᠭᠤᠳᠤᠯᠭ᠎ᠠ ᠪᠤᠯᠭᠠᠵᠤ᠂  ᠤᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠬᠤ ᠪᠠᠷ ᠠᠵᠠ ᠲᠤᠬᠢᠶᠠᠯ ᠪᠤᠯᠭᠠᠨ᠂  ᠲᠠᠷᠢᠶᠠᠯᠠᠩ ᠮᠠᠯ ᠠᠵᠤ  ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠡᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ︽ ᠢᠳᠡᠰᠢᠨ ᠨᠤᠭᠤᠭ᠎ᠠ ᠰᠦ ᠮᠢᠬ᠎ᠠ︾ ᠎ ᠪᠠᠷ ᠭᠤᠣᠯᠯᠠᠭᠰᠠᠨ ᠠᠵᠤ ᠦᠢᠯᠡᠰ ᠎ ᠢ ᠦᠷᠬᠦᠯᠵᠢᠯᠡᠨ ᠪᠤᠵᠠᠭᠠᠶᠢᠷᠠᠭᠤᠯᠬᠤ  ᠶᠢᠨ ᠰᠠᠭᠤᠷᠢᠨ ᠳᠡᠭᠡᠷ᠎ᠡ᠂  ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠤᠭᠴᠠ ᠶᠢ ᠪᠤᠶᠢᠵᠢᠭᠤᠯᠬᠤ ᠪᠠᠨ ᠬᠤᠷᠳᠤᠳᠬᠠᠵᠤ᠂   ᠤᠨᠴᠠᠯᠢᠭᠲᠤ ᠵᠢᠵᠢᠭ ᠪᠠᠯᠭᠠᠰᠤ ᠶᠢ ᠯᠠᠪᠳᠠᠭᠤᠨ ᠪᠠᠲᠤᠲᠠᠢ ᠪᠦᠲᠦᠭᠡᠨ ᠪᠠᠶᠢᠭᠤᠯᠤᠨ᠎ᠠ᠃  ︽ ᠲᠠᠷᠢᠶᠠᠯᠠᠩ+  ᠵᠤᠭᠠᠴᠠᠯ︾ ᠎ ᠢ ᠰᠠᠶᠢᠲᠤᠷ ᠬᠢᠵᠦ᠂  ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃
   ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠳᠠᠷᠤᠭ᠎ᠠ ᠰᠢᠤᠸᠠᠢ ᠳ᠋ᠧ ᠺᠠᠢ ᠶᠠᠷᠢᠶ᠎ᠠ ᠲᠠᠯᠪᠢᠵᠠᠢ    
   ᠾᠧ ᠷᠦᠨ ᠪᠦᠯᠦᠭᠯᠡᠯ ᠤᠨ ᠬᠡᠷᠡᠭ ᠮᠡᠳᠡᠭᠴᠢ ᠶᠢᠨ ᠳᠠᠷᠤᠭ᠎ᠠ  ᠵᠣᠣ ᠭᠤᠸᠠᠩ  ᠷᠦᠢ  ᠶᠠᠷᠢᠶ᠎ᠠ ᠲᠠᠯᠪᠢᠵᠦ ᠪᠤᠢ
   ᠳᠤᠮᠳᠠᠳᠤ ᠤᠯᠤᠰ ᠤᠨ ᠢᠳᠡᠰᠢᠨ ᠨᠤᠭᠤᠭ᠎ᠠ ᠴᠢᠬᠢ ᠮᠤᠳᠤᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠼᠤᠤ ᠷᠦᠢ ᠬᠠᠢ  ᠶᠠᠷᠢᠶ᠎ᠠ ᠲᠠᠯᠪᠢᠵᠤ ᠪᠤᠢ
   ᠲᠠᠷᠢᠶᠠᠯᠠᠩ ᠤᠨ ᠬᠥᠭᠵᠢᠭᠦᠯᠥᠯᠲᠡ ᠶᠢᠨ ᠪᠠᠩᠭᠢ ᠶᠢᠨ ᠤᠯᠠᠭᠠᠨᠬᠠᠳᠠ ᠶᠢᠨ ᠬᠤᠪᠢᠶᠠᠷᠢ ᠪᠠᠩᠭᠢ ᠶᠢᠨ ᠳᠡᠳ᠋ ᠳᠠᠷᠤᠭ᠎ᠠ ᠸᠠᠩ ᠺᠠᠢ ᠴᠧᠩ ᠶᠠᠷᠢᠶ᠎ᠠ ᠲᠠᠯᠪᠢᠵᠤ ᠪᠤᠢ        ᠡᠯ᠎ᠡ ᠪᠠᠯᠭᠠᠰᠤ ᠰᠢᠠᠶ᠋ᠩ ᠵᠡᠭᠡᠯᠢ ᠭᠤᠳᠤᠮᠵᠢ᠂ ᠬᠡᠰᠡᠭ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠲᠠᠨ᠂ ᠲᠦᠷᠥᠯ ᠵᠦᠢᠯ ᠢ ᠲᠦᠰᠦᠪᠯᠡᠭᠴᠢ᠂  ᠪᠠᠶᠢᠭᠤᠯᠤᠭᠴᠢ᠂  ᠬᠠᠮᠲᠤᠷᠠᠭᠴᠢ᠂  ᠵᠢᠶᠠᠨ ᠴᠠᠩ ᠶᠢᠩ ᠲᠤᠰᠬᠤᠨ ᠤ ᠠᠷᠠᠳ ᠤᠨ ᠲᠦᠯᠦᠭᠡᠯᠡᠭᠴᠢᠳ ᠶᠤᠰᠤᠯᠠᠯ ᠢᠶᠠᠷ ᠤᠷᠤᠯᠴᠠᠵᠠᠢ᠃    ᠤᠶᠢᠯᠠᠭᠠᠭᠰᠠᠨ ᠢᠶᠠᠷ᠂  ᠲᠤᠰ ᠲᠦᠷᠥᠯ ᠵᠦᠢᠯ ᠨᠢ 11.3  ᠲᠡᠭᠰᠢ ᠳᠦᠷᠪᠡᠯᠵᠢᠨ ᠺᠢᠯᠤᠮᠧᠲᠷ ᠲᠠᠯᠠᠪᠠᠢ ᠲᠠᠢ ᠪᠠᠶᠢᠵᠤ᠂ ᠵᠢᠯ ᠳᠤ ᠡᠯ᠎ᠡ ᠲᠦᠷᠥᠯ ᠤᠨ ᠴᠢᠬᠢ ᠮᠤᠳᠤ 10  ᠳ᠋ᠦᠩᠰᠢᠭᠤᠷ ᠦᠢᠯᠡᠳᠪᠦᠷᠢᠯᠡᠵᠦ᠂  ᠰᠡᠯᠡᠭᠦᠴᠡᠯ ᠵᠤᠭᠠᠴᠠᠯ᠂ ᠴᠢᠬᠢ ᠮᠤᠳᠤ ᠪᠤᠶᠢᠵᠢᠭᠤᠯᠬᠤ᠂  ᠲᠠᠷᠢᠶᠠᠯᠠᠩ ᠤᠨ ᠳᠡᠯᠭᠡᠨ ᠦᠵᠡᠭᠦᠯᠦᠯᠭᠡ᠂  ᠪᠤᠯᠪᠠᠰᠤᠷᠠᠯ ᠤᠨ ᠰᠠᠭᠤᠷᠢᠨ᠂  ᠰᠤᠶᠤᠯ ᠤᠨ ᠡᠭᠦᠳᠦᠯᠲᠡ᠂  ᠡᠷᠡᠭᠦᠯ  ᠴᠢᠬᠢᠷᠠᠭ ᠠᠮᠢ ᠲᠡᠵᠢᠭᠡᠯ ᠵᠡᠷᠭᠡ ᠠᠵᠤ ᠦᠢᠯᠡᠰ ᠤᠨ ᠬᠡᠯᠬᠢᠶ᠎ᠡ ᠶᠢ ᠪᠤᠢ ᠪᠤᠯᠭᠠᠨ᠂  ︽ ᠳᠤᠮᠳᠠᠳᠤ ᠤᠯᠤᠰ ᠤᠨ ᠤᠮᠠᠷᠠᠲᠤ ᠤᠷᠤᠨ ᠤ ᠴᠢᠬᠢ ᠮᠤᠳᠤ ᠪᠤᠶᠢᠵᠢᠭᠤᠯᠬᠤ ᠤᠨᠴᠠᠯᠢᠭᠲᠤ ᠵᠢᠵᠢᠭ ᠪᠠᠯᠭᠠᠰᠤ︾ ᠎ ᠶᠢᠨ ᠪᠦᠲᠦᠭᠡᠨ ᠪᠠᠶᠢᠭᠤᠯᠬᠤ ᠪᠤᠯᠤᠨ᠎ᠠ᠃  ᠣᠳᠤ ᠪᠣᠯᠬᠤ ᠳᠤ᠂  ᠲᠦᠷᠥᠯ ᠵᠦᠢᠯ ᠎ ᠨᠢ 2.68 ᠲᠡᠭᠰᠢ ᠳᠦᠷᠪᠡᠯᠵᠢᠨ ᠺᠢᠯᠤᠮᠧᠲᠷ ᠲᠠᠯᠠᠪᠠᠢ ᠶᠢ ᠲᠦᠰᠦᠪᠯᠡᠨ ᠡᠬᠢᠯᠡᠵᠦ᠂ 2018 ᠣᠨ ᠳᠤ 2.3 ᠳ᠋ᠦᠩᠰᠢᠭᠤᠷ ᠪᠡᠯᠡ ᠤᠷᠤᠭᠤᠯᠬᠤ ᠳᠤ ᠲᠦᠯᠦᠪᠯᠡᠵᠦ ᠪᠤᠢ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1