ᠼᠤᠤ ᡁᠢ ᠶᠦᠩ ᠪᠦᠯᠬᠦᠮ ᠳᠠᠭᠠᠭᠤᠯᠤᠨ ᠬᠤᠸᠠᠷ ᠫᠤᠤᠵᠢᠩ ᠪᠤᠷᠤᠯᠠᠭᠤᠯᠵᠤ ᠪᠠᠶᠢᠭ᠎ᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠭᠡᠨᠡᠳᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/6/14
   6 ᠰᠠᠷ᠎ᠠ ᠶᠢᠨ 8᠎ ᠤ ᠡᠳᠦᠷ᠂  ᠲᠤᠭᠤᠷᠢᠭ  ‍ᠤᠨ‌ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠼᠤᠤ ᡁᠢ ᠶᠦᠩ ᠪᠦᠯᠬᠦᠮ ᠳᠠᠭᠠᠭᠤᠯᠤᠨ ᠬᠠᠷᠢᠶᠠᠨ ᠳᠤᠲᠤᠷᠠᠬᠢ ᠬᠤᠶᠠᠷ ᠬᠤᠸᠠᠷ ᠫᠤᠤᠵᠢᠩ ᠤᠨ ᠬᠦᠮᠦᠷᠭᠡ ᠳᠤ ᠭᠡᠨᠡᠳᠲᠡ ᠶᠢᠨ ᠪᠠᠶᠢᠴᠠᠭᠠᠯᠲᠠ ᠬᠢᠵᠠᠢ᠃  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠤᠯᠵᠠᠢ᠃
    ᠼᠤᠤ ᡁᠢ ᠶᠦᠩ ᠵᠡᠷᠭᠡ ᠤᠳᠤᠷᠢᠳᠤᠯᠭ᠎ᠠ ᠤᠷᠢᠳ ᠬᠤᠵᠢᠳ ᠤᠯᠠᠭᠠᠨᠬᠠᠳᠠ ᠶᠢᠨ ᠰᠢᠨ ᠵᠦᠸᠧ ᠬᠤᠸᠠᠷ ᠫᠤᠤᠵᠢᠩ ᠤᠨ ᠬᠢᠵᠠᠭᠠᠷᠲᠤ  ᠺᠤᠮᠫᠠᠨᠢ᠂ ᠤᠯᠠᠭᠠᠨᠬᠠᠳᠠ ᠶᠢᠨ ᠰᠠᠨ ᠾᠧ ᠬᠤᠸᠠᠷ ᠫᠤᠤᠵᠢᠩ ᠦᠢᠯᠡᠳᠪᠦᠷᠢᠯᠡᠬᠦ ᠬᠢᠵᠠᠭᠠᠷᠲᠤ ᠬᠠᠷᠢᠭᠤᠴᠠᠯᠭᠠᠲᠤ  ᠺᠤᠮᠫᠠᠨᠢ ᠶᠢᠨ ᠬᠦᠮᠦᠷᠭᠡ  ᠵᠢᠴᠢ ᠶᠦᠩ ᠵᠢᠶᠧ ᠬᠤᠸᠠᠷ ᠫᠤᠤᠵᠢᠩ ᠵᠢᠵᠢᠭᠯᠡᠨ ᠪᠤᠷᠤᠯᠠᠭᠤᠯᠬᠤ ᠭᠠᠵᠠᠷ ᠲᠤ ᠭᠡᠨᠡᠳᠲᠡ ᠶᠢᠨ ᠪᠠᠶᠢᠴᠠᠭᠠᠯᠲᠠ ᠬᠢᠵᠦ᠂  ᠪᠠᠷᠠᠭ᠎ᠠ ᠤᠷᠤᠭᠤᠯᠬᠤ᠂ ᠵᠦᠭᠡᠪᠦᠷᠢᠯᠡᠬᠦ᠂  ᠬᠦᠮᠦᠷᠭᠡᠯᠡᠬᠦ ᠵᠢᠴᠢ ᠪᠤᠷᠤᠯᠠᠭᠤᠯᠬᠤ ᠪᠠᠶᠢᠳᠠᠯ ᠎ ᠢ ᠨᠠᠷᠢᠯᠢᠭ  ᠪᠠᠶᠢᠴᠠᠭᠠᠵᠠᠢ᠃     ᠼᠤᠤ ᡁᠢ ᠶᠦᠩ ᠱᠠᠭᠠᠷᠳᠠᠬᠤ ᠳᠠᠭᠠᠨ᠂  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠡᠬᠦᠨ ᠠᠴᠠ ᠬᠤᠶᠢᠰᠢᠬᠢ ᠭᠡᠨᠡᠳᠲᠡ ᠶᠢᠨ ᠪᠠᠶᠢᠴᠠᠭᠠᠯᠲᠠ ᠬᠢᠬᠦ᠂  ᠰᠤᠭᠤᠴᠠᠨ ᠪᠠᠶᠢᠴᠠᠭᠠᠬᠤ᠂  ᠲᠠᠬᠢᠨ ᠪᠠᠶᠢᠴᠠᠭᠠᠬᠤ ᠳᠠᠭᠠᠨ ᠪᠦᠷ  ︽ ᠳᠦᠷᠪᠡᠨ ᠪᠣᠯᠬᠤ ᠦᠭᠡᠢ ᠬᠤᠶᠠᠷ ᠰᠢᠭᠤᠳ︾  ᠬᠡᠯᠪᠡᠷᠢ ᠶᠢ ᠠᠪᠴᠤ᠂  ᠲᠡᠳᠡᠭᠡᠷ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠳᠤ  ︽ ᠦᠴᠦᠬᠡᠨ ᠴᠦ ᠨᠠᠶᠢᠷ ᠲᠠᠯ᠎ᠠ ᠬᠠᠷᠠᠬᠤ ᠦᠭᠡᠢ᠂ ᠴᠢᠩᠭ᠎ᠠ ᠬᠠᠤᠯᠢ ᠬᠡᠷᠡᠭᠵᠢᠭᠦᠯᠬᠦ︾ ᠎ ᠶᠢ ᠪᠠᠷᠢᠮᠲᠠᠯᠠᠵᠤ᠂  ᠤᠷᠤᠰᠢᠵᠤ ᠪᠠᠶᠢᠬᠤ ᠬᠦᠨᠳᠦ  ᠶᠡᠭᠡ  ᠭᠡᠮ ᠰᠣᠭᠤᠭ ᠤᠨ ᠠᠰᠠᠭᠤᠳᠠᠯ ᠪᠠ ᠬᠠᠤᠯᠢ ᠪᠣᠰᠤ  ᠪᠠᠷ ᠡᠵᠡᠩᠨᠡᠵᠦ ᠪᠠᠶᠢᠬᠤ ᠭᠠᠵᠠᠷ ᠢ ᠢᠯᠡ ᠪᠤᠯᠭᠠᠨ ᠢᠯᠡᠴᠢᠯᠡᠬᠦ ᠬᠡᠷᠡᠭᠲᠡᠢ᠃  ᠡᠯ᠎ᠡ ᠡᠵᠡᠩᠨᠡᠬᠦ ᠨᠢᠭᠡᠴᠡ ᠨᠢ  ᠵᠢᠩᠬᠢᠨᠢ ᠦᠢᠯᠡᠳᠪᠦᠷᠢ ᠠᠴᠠ  ᠵᠠᠬᠢᠶᠠᠯᠠᠨ  ᠠᠪᠴᠤ᠂  ᠵᠦᠭᠡᠪᠦᠷᠢᠯᠡᠬᠦ ᠬᠦᠮᠦᠷᠭᠡᠯᠡᠬᠦ ᠵᠡᠷᠭᠡ ᠶᠢᠨ ᠠᠮᠤᠷ ᠲᠥᠪᠰᠢᠨ ᠢ ᠪᠠᠲᠤᠯᠠᠨ᠂  ᠡᠯ᠎ᠡ ᠵᠦᠢᠯ ᠤᠨ ᠠᠶᠤᠯ ᠭᠠᠷᠬᠤ ᠶᠢ ᠰᠡᠷᠭᠡᠶᠢᠯᠡᠬᠦ ᠬᠡᠷᠡᠭᠲᠡᠢ᠃     ᠡᠨᠡ ᠤᠳᠠᠭᠠᠨ ᠤ ᠪᠠᠶᠢᠴᠠᠭᠠᠯᠲᠠ ᠳᠤ  ᠰᠠᠨ ᠾᠧ ᠬᠤᠸᠠᠷ ᠫᠤᠤᠵᠢᠩ ᠤᠨ 11  ᠳ᠋ᠤᠭᠠᠷ ᠨᠤᠮᠧᠷᠲᠦ 1.3 ᠳᠡᠰ ᠤᠨ ᠬᠦᠮᠦᠷᠭᠡ ᠳᠤ ᠬᠠᠳᠠᠭᠠᠯᠠᠵᠤ ᠪᠠᠶᠢᠭᠰᠠᠨ ᠲᠤᠰᠬᠠᠢ ᠲᠦᠷᠥᠯ ᠤᠨ B  ᠳᠡᠰ ᠤᠨ ᠬᠤᠸᠠᠷ ᠫᠤᠤᠵᠢᠩ 49  ᠬᠠᠶᠢᠷᠴᠠᠭ ᠢ ᠲᠤᠭᠲᠠᠭᠰᠠᠨ ᠪᠠᠷᠢᠮᠵᠢᠶ᠎ᠠ ᠪᠠᠷ ᠲᠠᠯᠪᠢᠭᠰᠠᠨ ᠦᠭᠡᠢ ᠲᠤᠯᠠ ᠬᠤᠷᠢᠶᠠᠨ ᠠᠪᠤᠪᠠ᠃    
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1