ᠮᠠᠨ ᠤ ᠲᠤᠭᠤᠷᠢᠭ ᠨᠢ ᠨᠢᠭᠡᠨ ᠠᠶᠤᠮᠰᠢᠭᠲᠤ ᠬᠢᠮᠢ ᠶᠢᠨ ᠪᠤᠳᠠᠰ ᠢ ᠬᠠᠤᠯᠢ ᠪᠤᠰᠤ ᠪᠠᠷ ᠬᠠᠳᠠᠭᠠᠯᠠᠵᠤ ᠪᠠᠶᠢᠭ᠎ᠠ ᠭᠠᠵᠠᠷ ᠢ ᠪᠠᠶᠢᠴᠠᠭᠠᠨ ᠢᠯᠡᠷᠡᠭᠦᠯᠪᠡ
ᠨᠡᠶᠢᠲᠡᠯᠡᠭᠰᠡᠨ ᠴᠠᠭ᠄
2018/6/19
     6 ᠰᠠᠷ᠎ᠠ ᠶᠢᠨ 13 ᠎ ᠤ ᠡᠳᠦᠷ᠂  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠶᠤᠸᠠᠨ ᠪᠤᠤ ᠱᠠᠨ ᠪᠠᠯᠭᠠᠰᠤᠨ ᠤ ᠵᠠᠰᠠᠭ ᠢ ᠤᠷᠳᠤᠨ᠂  ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂  ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂  ᠵᠢᠶᠠᠨ ᠴᠠᠩ ᠶᠢᠩ ᠲᠤᠮᠢᠯᠠᠭᠰᠠᠨ ᠰᠠᠯᠪᠤᠷᠢ᠂ ᠨᠡᠭᠡᠭᠡᠨ ᠬᠥᠭᠵᠢᠭᠦᠯᠬᠦ ᠲᠤᠷᠰᠢᠯᠲᠠ ᠎ ᠶᠢᠨ ᠲᠤᠭᠤᠷᠢᠭ ᠎ ᠤᠨ ᠭᠠᠯ ᠢ ᠰᠡᠷᠭᠡᠶᠢᠯᠡᠬᠦ ᠳᠤᠮᠳᠠ ᠠᠩᠬᠢ ᠲᠠᠢ ᠬᠠᠮᠵᠢᠯᠴᠠᠨ᠂  ᠶᠤᠸᠠᠨ ᠪᠤᠤ ᠱᠠᠨ ᠪᠠᠯᠭᠠᠰᠤᠨ ᠤ ᠨᠠᠨ ᠮᠢᠶᠤᠤ ᠲᠤᠰᠬᠤᠨ ᠤ ᠬᠤᠪᠢ ᠬᠦᠮᠦᠨ ᠤ  ᠠᠶᠤᠮᠰᠢᠭᠲᠤ ᠬᠢᠮᠢ ᠎ ᠶᠢᠨ ᠪᠤᠳᠠᠰ ᠢ  ᠳᠤᠷ᠎ᠠ ᠪᠠᠷ ᠢᠶᠠᠨ ᠬᠠᠳᠠᠭᠠᠯᠠᠵᠤ ᠪᠠᠶᠢᠭ᠎ᠠ ᠲᠤᠬᠠᠢ ᠶᠢᠨ ᠲᠠᠯᠠᠪᠤᠷ ᠲᠤ ᠴᠠᠭᠳᠠᠨ ᠪᠠᠶᠢᠴᠠᠭᠠᠯᠲᠠ ᠬᠢᠵᠡᠢ᠃  ᠪᠠᠶᠢᠴᠠᠭᠠᠯᠲᠠ ᠪᠠᠷ ᠳᠠᠮᠵᠢᠵᠤ᠂  ᠬᠠᠳᠠᠭᠠᠯᠠᠵᠤ ᠪᠠᠶᠢᠭ᠎ᠠ ᠪᠤᠳᠠᠰ ᠨᠢ ᠠᠶᠤᠮᠰᠢᠭᠲᠤ ᠬᠢᠮᠢ ᠶᠢᠨ ᠪᠤᠳᠠᠰ ᠪᠣᠯᠬᠤ ᠶᠢ ᠲᠤᠳᠤᠯᠠᠵᠤ᠂  ᠬᠤᠪᠢ ᠬᠦᠮᠦᠨ ᠢ  ᠴᠢᠩᠭ᠎ᠠ ᠰᠤᠷᠭᠠᠨ ᠬᠦᠮᠦᠵᠢᠭᠦᠯᠦᠭᠰᠡᠨ ᠪᠦᠭᠡᠳ ᠲᠤᠮᠢᠯᠠᠭᠰᠠᠨ ᠰᠠᠯᠪᠤᠷᠢ  ᠶᠢᠨ ᠴᠢᠩᠭ᠎ᠠ ᠬᠢᠨᠠᠯᠲᠠ ᠶᠢᠨ ᠳᠤᠤᠷ᠎ᠠ ᠬᠢᠮᠢ ᠶᠢᠨ ᠪᠤᠳᠠᠰ ᠢ ᠬᠠᠳᠠᠭᠠᠯᠠᠬᠤ ᠨᠦᠬᠦᠴᠡᠯ ᠲᠠᠢ ᠦᠢᠯᠡᠳᠪᠦᠷᠢ ᠳᠤ ᠬᠦᠷᠭᠡᠨ ᠥᠭᠴᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1