ᠮᠠᠨ ᠤ ᠲᠤᠭᠤᠷᠢᠭ ᠨᠢ ᠦᠪᠡᠷᠲᠡᠭᠡᠨ ᠵᠠᠰᠠᠬᠤ ᠤᠷᠤᠨ ᠤ ︽  ᠨᠡᠭᠦᠷᠡᠰᠦᠨ ᠠᠭᠤᠷᠬᠠᠢ ᠶᠢᠨ ᠠᠶᠤᠯ ᠢ  ᠤᠷᠢᠳᠴᠢᠯᠠᠨ  ᠰᠡᠷᠡᠮᠵᠢᠯᠡᠭᠦᠯᠬᠦ  ᠪᠠ  ᠰᠡᠷᠭᠡᠶᠢᠯᠡᠨ ᠡᠵᠡᠮᠳᠡᠬᠦ ᠰᠢᠰᠲ᠋ᠧᠮ ︾᠎ ᠤᠨ  ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠢᠶᠠᠷ ᠲᠤᠭᠲᠠᠭᠠᠭᠳᠠᠪᠠ
ᠨᠡᠶᠢᠲᠡᠯᠡᠭᠰᠡᠨ ᠴᠠᠭ᠄
2018/6/19
    ᠤᠷᠴᠢᠮ ᠤᠨ ᠡᠳᠦᠷ᠂  ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠢ ᠲᠤᠪᠴᠢᠶ᠎ᠠ  ᠤᠨ ᠰᠤᠷᠠᠭ  ᠵᠠᠩᠭᠢ ᠶᠢᠨ ᠰᠤᠳᠤᠯᠤᠯᠭᠠᠨ ᠤ ᠬᠦᠷᠢᠶᠡᠯᠡᠩ᠂   ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠤᠪᠴᠢᠶ᠎ᠠ᠂  ᠦᠪᠡᠷᠲᠡᠭᠡᠨ ᠵᠠᠰᠠᠬᠤ ᠤᠷᠤᠨ ᠤ ᠨᠡᠭᠦᠷᠡᠰᠦᠨ ᠠᠵᠤ ᠦᠢᠯᠡᠰ ᠎ ᠤᠨ ᠲᠤᠪᠴᠢᠶ᠎ᠠ ᠶᠢᠨ ᠲᠤᠰᠬᠠᠢ ᠮᠡᠷᠭᠡᠵᠢᠯᠲᠡᠨ ᠪᠠ ᠤᠳᠤᠷᠢᠳᠤᠯᠭ᠎ᠠ ᠪᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠲᠤᠭᠤᠶᠢᠯᠠᠩ ᠨᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ  ᠲᠤᠪᠴᠢᠶ᠎ᠠ ᠪᠠ ᠲᠤᠭᠤᠷᠢᠭ ᠤᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠡᠵᠡᠮᠳᠡᠬᠦ ᠲᠥᠪ ᠤᠨ ᠬᠠᠷᠢᠭᠤᠴᠠᠯᠭᠠᠲᠠᠨ ᠤ ᠪᠠᠷ᠎ᠠ ᠪᠣᠯᠣᠯᠭ᠎ᠠ ᠪᠠᠷ  ᠲᠠᠬᠢᠨᠲᠠ ᠮᠠᠨ ᠤ ᠲᠤᠭᠤᠷᠢᠭ ᠲᠤ ᠢᠷᠡᠵᠦ ᠪᠠᠶᠢᠴᠠᠭᠠᠨ ᠰᠤᠳᠤᠯᠵᠠᠢ᠃
    ᠪᠠᠶᠢᠴᠠᠭᠠᠨ ᠰᠤᠳᠤᠯᠬᠤ ᠳᠤᠭᠤᠶᠢᠯᠠᠩ ᠨᠢ ᠤᠷᠢᠳ ᠬᠤᠵᠢᠳ ᠲᠤᠭᠤᠷᠢᠭ ᠤᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠡᠵᠡᠮᠳᠡᠬᠦ ᠲᠥᠪ ᠂  ᠤᠯᠤᠰ ᠤᠨ ᠴᠠᠬᠢᠯᠭᠠᠨ ᠤ ᠫᠢᠩ ᠮᠸᠢ ᠪᠦᠯᠦᠭᠯᠡᠯ ᠤᠨ ᠺᠤᠮᠫᠠᠨᠢ ᠶᠢᠨ ᠯᠢᠦ ᠵᠢᠶᠠ ᠨᠡᠭᠦᠷᠡᠰᠦᠨ ᠠᠭᠤᠷᠬᠠᠢ ᠶᠢᠨ ᠲᠤᠬᠠᠢ ᠶᠢᠨ ᠲᠠᠯᠠᠪᠤᠷ ᠲᠤ ᠪᠠᠶᠢᠴᠠᠭᠠᠨ  ᠰᠤᠳᠤᠯᠤᠭᠰᠠᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠵᠠᠢ᠃  ᠬᠤᠷᠠᠯ ᠳᠡᠭᠡᠷ᠎ᠡ ᠪᠠᠶᠢᠴᠠᠭᠠᠨ ᠰᠤᠳᠤᠯᠬᠤ ᠳᠤᠭᠤᠶᠢᠯᠠᠩ ᠨᠢ ᠲᠤᠭᠤᠷᠢᠭ ᠤᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠡᠵᠡᠮᠳᠡᠬᠦ ᠲᠥᠪ ᠤᠨ ᠠᠵᠢᠯ ᠳᠤ ᠭᠦᠢᠴᠡᠳ ᠨᠤᠲᠠᠯᠠᠯᠲᠠ ᠥᠭᠬᠦ ᠶᠢᠨ ᠬᠠᠮᠲᠤ᠂  ᠲᠤᠭᠤᠷᠢᠭ ᠤᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠡᠵᠡᠮᠳᠡᠬᠦ ᠲᠥᠪ ᠪᠠ ᠯᠢᠦ ᠵᠢᠶᠠ ᠨᠡᠭᠦᠷᠡᠰᠦᠨ ᠠᠭᠤᠷᠬᠠᠢ ᠢ ᠦᠪᠡᠷᠲᠡᠭᠡᠨ ᠵᠠᠰᠠᠬᠤ ᠤᠷᠤᠨ ᠤ ᠲᠤᠷᠰᠢᠯᠲᠠ ᠶᠢᠨ ᠴᠢᠭ  ᠪᠤᠯᠭᠠᠵᠤ᠂   ︽ ᠨᠡᠭᠦᠷᠡᠰᠦᠨ ᠠᠭᠤᠷᠬᠠᠢ ᠶᠢᠨ ᠠᠶᠤᠯ ᠢ  ᠤᠷᠢᠳᠴᠢᠯᠠᠨ  ᠰᠡᠷᠡᠮᠵᠢᠯᠡᠭᠦᠯᠬᠦ  ᠪᠠ  ᠰᠡᠷᠭᠡᠶᠢᠯᠡᠨ ᠡᠵᠡᠮᠳᠡᠬᠦ ᠰᠢᠰᠲ᠋ᠧᠮ ︾ ᠎ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠦᠷᠨᠢᠭᠦᠯᠦᠨ᠂  ᠲᠤᠷᠰᠢᠯᠭ᠎ᠠ ᠰᠤᠷᠭᠠᠮᠵᠢ ᠣᠯᠣᠭᠰᠠᠨ ᠤ ᠳᠠᠷᠠᠭ᠎ᠠ ᠪᠦᠬᠦ ᠤᠷᠤᠨ ᠳᠤ ᠲᠦᠭᠡᠮᠡᠯᠵᠢᠯᠡᠭᠦᠯᠬᠦ ᠪᠤᠯᠤᠨ᠎ᠠ᠃
    ︽ ᠨᠡᠭᠦᠷᠡᠰᠦᠨ ᠠᠭᠤᠷᠬᠠᠢ ᠶᠢᠨ ᠠᠶᠤᠯ ᠢ  ᠤᠷᠢᠳᠴᠢᠯᠠᠨ ᠰᠡᠷᠡᠮᠵᠢᠯᠡᠭᠦᠯᠬᠦ  ᠪᠠ  ᠰᠡᠷᠭᠡᠶᠢᠯᠡᠨ ᠡᠵᠡᠮᠳᠡᠬᠦ ᠰᠢᠰᠲ᠋ᠧᠮ ︾᠎ ᠨᠢ ᠦᠪᠡᠷᠲᠡᠭᠡᠨ ᠵᠠᠰᠠᠬᠤ ᠤᠷᠤᠨ ᠤ ᠳᠡᠰ ᠤᠨ ᠲᠤᠭ᠎ᠠ ᠪᠠᠷᠢᠮᠲᠠ ᠶᠢᠨ ᠲᠥᠪ ᠤᠨ ᠲᠤᠭ᠎ᠠ ᠪᠠᠷᠢᠮᠲᠠ ᠶᠢ ᠬᠤᠪᠢᠶᠠᠯᠴᠠᠵᠤ᠂  ᠬᠢᠨᠠᠨ ᠬᠠᠮᠢᠶᠠᠷᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠰᠦᠯᠵᠢᠶ᠎ᠡ᠂  ᠸᠢᠴᠠᠲ ᠤᠯᠠᠨ ᠨᠡᠶᠢᠲᠡ ᠶᠢᠨ ᠲᠠᠪᠴᠠᠩ᠂  ᠭᠠᠷ ᠤᠳᠠᠰᠤᠨ ᠢ ᠣᠬᠤᠷ ᠴᠢᠮᠡᠭᠡ᠂  ᠨᠡᠭᠦᠳᠡᠯ APP  ᠵᠡᠷᠭᠡ  ᠳᠤ ᠲᠦᠰᠢᠭᠯᠡᠨ᠂  ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ ᠰᠤᠷᠠᠭ ᠴᠢᠮᠡᠭᠡ ᠶᠢ  ᠳᠡᠯᠭᠡᠬᠦ᠂  ᠰᠤᠷᠠᠭ ᠵᠠᠩᠭᠢ ᠨᠡᠶᠢᠲᠡᠯᠡᠬᠦ᠂  ᠠᠮᠤᠷ ᠲᠥᠪᠰᠢᠨ ᠤ  ᠲᠦᠭᠰᠢᠭᠦᠷᠢ ᠶᠢᠨ ᠳᠡᠰ ᠢ  ᠬᠢᠨᠠᠨ ᠦᠨᠡᠯᠡᠬᠦ ᠪᠠ  ᠤᠷᠢᠳᠴᠢᠯᠠᠨ ᠰᠡᠷᠡᠮᠵᠢᠯᠡᠭᠦᠯᠬᠦ ᠶᠡᠷᠦᠩᠬᠡᠶᠢᠯᠡᠭᠰᠡᠨ ᠰᠢᠰᠲ᠋ᠧᠮ ᠪᠤᠯᠤᠨ᠎ᠠ᠃  ᠰᠢᠰᠲ᠋ᠧᠮ ᠨᠢ ᠪᠠᠶᠢᠭᠤᠯᠤᠭᠳᠠᠭᠰᠠᠨ ᠤ ᠳᠠᠷᠠᠭ᠎ᠠ᠂ ᠠᠵᠤ ᠠᠬᠤᠶᠢᠯᠠᠯ ᠤᠨ  ᠳᠡᠭᠡᠭᠰᠢ ᠨᠡᠶᠢᠲᠡᠯᠡᠭᠰᠡᠨ ᠲᠤᠭ᠎ᠠ ᠪᠠᠷᠢᠮᠲᠠ ᠶᠢ  ᠦᠪᠡᠷᠲᠡᠭᠡᠨ ᠴᠠᠭ ᠦᠷᠭᠦᠯᠵᠢ ᠵᠠᠳᠠᠯᠤᠨ ᠰᠤᠳᠤᠯᠵᠤ᠂  ᠤᠷᠢᠳᠴᠢᠯᠠᠨ ᠰᠡᠷᠡᠮᠵᠢᠯᠡᠭᠦᠯᠬᠦ ᠪᠤᠯᠤᠨ᠎ᠠ᠃  ᠡᠨᠡ ᠨᠢ ᠲᠤᠬᠠᠢ ᠶᠢᠨ ᠤᠷᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠤᠳᠠᠲᠠᠢ ᠳᠤ ᠨᠢ ᠶᠡᠷᠦᠩᠬᠡᠶᠢᠯᠡᠨ ᠰᠤᠳᠤᠯᠤᠨ ᠲᠤᠭᠲᠠᠭᠠᠵᠤ᠂ ᠬᠢᠨᠠᠨ ᠦᠨᠡᠯᠡᠵᠦ᠂  ᠨᠡᠭᠦᠷᠡᠰᠦᠨ ᠠᠭᠤᠷᠬᠠᠢ ᠳᠤ ᠠᠶᠤᠯ ᠲᠦᠭᠰᠢᠭᠦᠷᠢ ᠶᠢ ᠬᠢᠨᠠᠨ ᠡᠵᠡᠮᠳᠡᠬᠦ ᠵᠠᠰᠠᠨ ᠴᠡᠭᠴᠡᠯᠡᠬᠦ ᠰᠠᠨᠠᠭᠤᠯᠤᠮᠵᠢ ᠭᠠᠷᠭᠠᠨ ᠥᠭᠴᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠲᠤᠮᠤ ᠶᠡᠭᠡ ᠬᠡᠷᠡᠭ ᠶᠠᠪᠤᠳᠠᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠳᠤ ᠨᠠᠶᠢᠳᠠᠪᠤᠷᠢᠲᠠᠢ ᠮᠡᠷᠭᠡᠵᠢᠯ ᠤᠨ ᠲᠦᠰᠢᠭ ᠬᠠᠩᠭᠠᠬᠤ ᠪᠤᠯᠤᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1