| | | 6 ᠰᠠᠷ᠎ᠠ ᠶᠢᠨ 12 ᠤ ᠡᠳᠦᠷ᠂ ᠮᠠᠨ ᠤ ᠲᠤᠭᠤᠷᠢᠭ ᠲᠤ ᠨᠡᠶᠢᠳᠡᠮ ᠳᠡᠭᠡᠨ ᠳᠤᠮᠳᠠ ᠵᠡᠷᠭᠡ ᠶᠢᠨ ᠪᠤᠷᠤᠭᠠᠨ | ᠤᠷᠤᠵᠠᠢ᠃ ᠵᠠᠰᠠᠮᠠᠯ ᠵᠠᠮ ᠤᠨ ᠠᠮᠤᠷ ᠲᠥᠪᠰᠢᠨ ᠪᠠ ᠰᠢᠭᠤᠳ ᠰᠢᠯᠤᠭᠤᠨ ᠢ ᠪᠠᠲᠤᠯᠠᠬᠤ ᠶᠢᠨ ᠲᠦᠯᠦᠭᠡ᠂ | ᠵᠠᠰᠠᠮᠠᠯ ᠵᠠᠮ ᠤᠨ ᠠᠵᠢᠯᠴᠢᠳ ᠵᠠᠰᠠᠮᠠᠯ ᠵᠠᠮ ᠤᠨ ᠨᠢᠭᠡᠳᠦᠭᠡᠷ ᠤᠳᠠᠰᠤᠨ ᠳᠤ ᠰᠠᠬᠢᠨ ᠬᠠᠮᠠᠭᠠᠯᠠᠯᠲᠠ ᠬᠢᠵᠦ᠂ | ᠬᠤᠷᠠᠮᠠᠯ ᠤᠰᠤ ᠶᠢ ᠰᠢᠯᠤᠭᠤᠳᠬᠠᠨ᠂ ᠪᠦᠭᠯᠡᠷᠡᠭᠰᠡᠨ ᠨᠦᠭᠡ ᠶᠢ ᠠᠷᠢᠯᠭᠠᠨ᠂ ᠠᠮᠤᠷ ᠲᠥᠪᠰᠢᠨ ᠤ ᠰᠡᠷᠡᠮᠵᠢᠯᠡᠭᠦᠯᠬᠦ | ᠳᠡᠮᠳᠡᠭ ᠲᠠᠯᠪᠢᠵᠤ᠂ ᠬᠢᠯᠪᠠᠷ ᠠᠳᠦᠯ ᠭᠠᠷᠳᠠᠭ ᠭᠠᠵᠠᠷ᠂ ᠡᠭᠴᠡ ᠮᠤᠷᠤᠶᠢᠯᠲᠠ ᠶᠢᠨ ᠵᠠᠮ᠂ ᠭᠤᠯᠳᠤᠩ ᠵᠠᠮ | ᠵᠢᠴᠢ ᠴᠢᠬᠤᠯᠠ ᠵᠠᠮ ᠬᠠᠷᠢᠯᠴᠠᠭᠠᠨ ᠤ ᠭᠠᠵᠠᠷ ᠲᠤ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ | ᠠᠮᠤᠷ ᠲᠥᠪᠰᠢᠨ ᠤ ᠭᠡᠮ ᠰᠣᠭᠤᠭ ᠢ ᠤᠷᠤ ᠳᠠᠷᠤᠢ ᠳᠤ ᠨᠢ ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ | ᠲᠥᠪᠰᠢᠨ ᠢ ᠪᠠᠲᠤᠯᠠᠵᠤ ᠴᠢᠳᠠᠵᠠᠢ᠃ | ᠪᠤᠷᠤᠭᠠᠨ ᠤ ᠤᠯᠠᠷᠢᠯ ᠬᠦᠷᠴᠦ ᠢᠷᠡᠬᠦ ᠪᠠᠷ᠂ ᠲᠤᠭᠤᠷᠢᠭ ᠤᠨ ᠵᠠᠮ ᠲᠡᠭᠡᠭᠡᠪᠦᠷᠢ ᠶᠢᠨ ᠲᠤᠪᠴᠢᠶ᠎ᠠ ᠨᠢ ᠤᠯᠠᠨ | ᠠᠷᠭ᠎ᠠ ᠬᠡᠮᠵᠢᠶ᠎ᠡ ᠶᠢ ᠠᠪᠴᠤ᠂ ᠵᠠᠮ ᠬᠠᠷᠢᠯᠴᠠᠭᠠᠨ ᠤ ᠠᠮᠤᠷ ᠲᠥᠪᠰᠢᠨ ᠢ ᠪᠠᠲᠤᠯᠠᠵᠤ ᠪᠠᠶᠢᠨ᠎ᠠ᠃ ᠨᠢᠭᠡ ᠳᠤ᠂ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠮᠵᠢᠶ᠎ᠠ ᠶᠤᠰᠤᠭᠠᠷ᠂ ᠵᠠᠰᠠᠮᠠᠯ ᠵᠠᠮ ᠤᠨ ᠦᠶᠡᠷ ᠤᠨ ᠭᠠᠮᠰᠢᠭ ᠢ | ᠠᠷᠭᠠᠴᠠᠭᠠᠬᠤ ᠰᠤᠷᠢᠯᠲᠠ ᠶᠢ ᠬᠢᠵᠦ᠂ ᠠᠷᠠᠴᠢᠯᠠᠨ ᠬᠠᠮᠠᠭᠠᠯᠠᠭᠴᠢᠳ ᠤᠨ ᠪᠠᠴᠢᠮ ᠢ ᠠᠷᠭᠠᠴᠠᠭᠠᠨ ᠠᠶᠤᠯ ᠠᠴᠠ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ | ᠬᠤᠶᠠᠷ ᠲᠤ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠤᠨ ᠦᠶᠡᠷ ᠠᠴᠠ ᠡᠮᠦᠨᠡᠬᠢ ᠠᠮᠤᠷ ᠲᠥᠪᠰᠢᠨ ᠤ | ᠪᠠᠶᠢᠴᠠᠭᠠᠯᠲᠠ ᠬᠢᠵᠠᠢ᠃ ᠭᠤᠷᠪᠠ ᠳᠤ ᠪᠤᠷᠤᠭᠠᠨ ᠠᠴᠠ ᠬᠤᠶᠢᠨᠠᠬᠢ ᠭᠡᠮ ᠰᠣᠭᠤᠭ ᠢ ᠨᠡᠶᠢᠲᠡᠮ ᠪᠠᠶᠢᠴᠠᠭᠠᠨ᠂ ᠭᠡᠮ | ᠰᠣᠭᠤᠭ ᠢ ᠤᠷᠤ ᠳᠤᠤᠷ᠎ᠠ ᠨᠢ ᠰᠢᠢᠳᠪᠦᠷᠢᠯᠡᠵᠡᠢ᠃ | ᠣᠳᠤ ᠪᠣᠯᠬᠤ ᠳᠤ᠂ ᠲᠤᠰ ᠲᠣᠪᠴᠢᠶ᠎ᠠ ᠨᠢ ᠠᠷᠠᠴᠢᠯᠠᠨ ᠬᠠᠮᠠᠭᠠᠯᠠᠬᠤ ᠲᠡᠷᠭᠡ 30 ᠤᠳᠠᠭ᠎ᠠ ᠂ ᠮᠠᠯᠲᠠᠨ | ᠲᠡᠭᠡᠭᠡᠪᠦᠷᠢᠯᠡᠬᠦ ᠮᠠᠰᠢᠨ 17 ᠤᠳᠠᠭ᠎ᠠ ᠬᠥᠳᠡᠯᠭᠡᠨ᠂ ᠭᠦ᠋ ᠮᠠ ᠤᠳᠠᠰᠤ᠂ ᠶᠤᠸᠠᠨ ᠫᠢᠩ ᠤᠳᠠᠰᠤ᠂ ᠮᠸᠢ ᠱᠠᠨ | ᠤᠳᠠᠰᠤ᠂ ᠱᠠᠨ ᠴᠢᠶᠠᠨ ᠠᠴᠠ ᠱᠢᠶᠧ ᠶᠢᠩᠽᠢ ᠬᠦᠷᠬᠦ ᠵᠠᠰᠠᠮᠠᠯ ᠵᠠᠮ ᠤᠨ 12 ᠭᠤᠯᠳᠤᠩ ᠬᠥᠭᠦᠷᠭᠡ ᠶᠢ | ᠰᠢᠯᠤᠭᠤᠳᠬᠠᠨ᠂ ᠰᠢᠪᠠᠷ ᠰᠢᠷᠤᠢ 1000 ᠢᠯᠡᠭᠦᠦ ᠺᠦᠪ ᠮᠧᠲᠷ ᠠᠷᠢᠯᠭᠠᠵᠤ᠂ ᠵᠠᠰᠠᠮᠠᠯ ᠵᠠᠮ ᠤᠨ ᠠᠮᠤᠷ | ᠲᠥᠪᠰᠢᠨ ᠰᠢᠭᠤᠳ ᠰᠢᠯᠤᠭᠤᠨ ᠪᠠᠶᠢᠬᠤ ᠶᠢ ᠪᠠᠲᠤᠯᠠᠵᠠᠢ᠃ | | |