ᠮᠠᠨ ᠤ ᠲᠣᠭᠤᠷᠢᠭ ᠲᠤᠰᠬᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2018/6/20
      ᠮᠠᠨ ᠤ ᠲᠣᠭᠤᠷᠢᠭ ᠤᠨ ᠲᠤᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠶᠠᠪᠤᠴᠠ ᠳᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠬᠠᠤᠯᠢ ᠶᠣᠰᠣᠭᠠᠷ ᠨᠢᠮᠪᠠᠢ ᠠᠵᠢᠯᠯᠠᠵᠤ᠂ ︽ᠳᠥᠷᠪᠡ ᠶᠢ ᠠᠳᠬᠤᠵᠤ ᠳᠥᠷᠪᠡ ᠶᠢ ᠴᠢᠩᠭᠠᠳᠬᠠᠬᠤ︾ ᠠᠵᠢᠯ ᠤᠨ ᠠᠷᠭ᠎ᠠ ᠪᠠᠷ ᠳᠠᠮᠵᠢᠭᠤᠯᠤᠨ᠂ ᠲᠤᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠤᠨ ᠳᠡᠰ ᠳᠠᠷᠠᠭ᠎ᠠ ᠲᠠᠢ ᠪᠠᠷ ᠬᠤᠭᠤᠴᠠᠭ᠎ᠠ ᠰᠣᠯᠢᠬᠤ ᠶᠢ ᠪᠠᠲᠤᠯᠠᠪᠠ᠃ 6 ᠰᠠᠷ᠎ᠠ ᠶᠢᠨ 14᠎ ᠤ ᠡᠳᠦᠷ ᠪᠣᠯᠲᠠᠯ᠎ᠠ᠂ ᠪᠦᠬᠦ ᠲᠣᠭᠤᠷᠢᠭ ᠤᠨ 66 ᠲᠤᠰᠬᠤᠨ᠂ 47 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠭᠲᠠᠭᠰᠠᠨ ᠴᠠᠭ ᠲᠠᠭᠠᠨ ᠬᠤᠭᠤᠴᠠᠭ᠎ᠠ ᠰᠣᠯᠢᠬᠤ ᠰᠣᠩᠭᠤᠭᠤᠯᠢ ᠬᠢᠭᠰᠡᠨ ᠨᠣᠷᠮ᠎ᠠ᠂ ᠨᠢᠭᠡ ᠤᠳᠠᠭᠠᠨ ᠤ ᠰᠣᠩᠭᠤᠭᠤᠯᠢ ᠪᠠᠷ ᠪᠦᠲᠦᠭᠰᠡᠨ ᠨᠣᠷᠮ᠎ᠠ ᠴᠥᠮ 100%᠎ ᠳᠤ ᠬᠦᠷᠴᠡᠢ᠃
    -ᠵᠣᠬᠢᠶᠠᠨ ᠪᠠᠶᠢᠭᠤᠯᠵᠤ ᠤᠳᠤᠷᠢᠳᠬᠤ ᠶᠢ ᠠᠳᠬᠤᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠲᠣᠭᠤᠷᠢᠭ ᠤᠨ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠮᠡᠳᠡᠭᠦᠯᠦᠨ ᠳᠠᠩᠰᠠᠯᠠᠭᠤᠯᠵᠤ᠂ ︽ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠥᠰᠥᠪ︾᠎ ᠢ ᠲᠣᠭᠲᠠᠭᠠᠨ ᠲᠠᠷᠬᠠᠭᠠᠵᠤ᠂ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠶᠢ 3 ᠱᠠᠲᠤ ᠬᠤᠪᠢᠶᠠᠨ᠂ 15 ᠠᠯᠬᠤᠮ ᠳᠤ ᠨᠠᠷᠢᠯᠢᠭᠰᠢᠭᠤᠯᠵᠤ᠂ ᠬᠤᠭᠤᠴᠠᠭᠠᠲᠤ ᠬᠠᠷᠠᠯᠲᠠ᠂ ᠠᠵᠢᠯ ᠤᠨ ᠳᠡᠰ ᠳᠠᠷᠠᠭ᠎ᠠ ᠪᠠ ᠠᠵᠢᠯᠯᠠᠬᠤ ᠳᠦᠷᠢᠮ ᠭᠤᠷᠢᠮ ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠠᠢ᠃ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠭᠤᠷᠢᠭ ᠪᠠᠯᠭᠠᠰᠤ ᠬᠤᠶᠠᠷ ᠱᠠᠲᠤ ᠳᠡᠰ ᠳᠡᠰ ᠢᠶᠠᠷ ᠬᠠᠷᠢᠭᠤᠴᠠᠯᠭ᠎ᠠ ᠶᠢᠨ ᠪᠢᠴᠢᠭ ᠲᠣᠭᠲᠠᠭᠠᠨ᠂ ᠤᠳᠤᠷᠢᠳᠬᠤ ᠳᠤᠭᠤᠶᠢᠯᠠᠩ ᠤᠨ ᠪᠥᠷᠢᠯᠳᠦᠭᠦᠨ ᠨᠢᠭᠡᠴᠡ ᠶᠢᠨ ᠬᠠᠷᠢᠭᠤᠴᠠᠯᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭ᠎ᠠ ᠵᠡᠷᠭᠡ ᠳᠥᠷᠢᠮ ᠲᠣᠭᠲᠠᠭᠠᠯ ᠢ ᠨᠠᠷᠢᠯᠢᠭᠰᠢᠭᠤᠯᠤᠨ ᠲᠣᠭᠲᠠᠭᠠᠵᠤ ᠲᠠᠷᠬᠠᠭᠠᠨ᠂ ᠨᠡᠶᠢᠲᠡ ᠶᠢᠨ ᠬᠦᠴᠦᠨ ᠢ ᠨᠢᠭᠲᠠᠷᠠᠭᠤᠯᠤᠨ᠂ ᠬᠠᠮᠲᠤ ᠶᠢᠨ ᠬᠦᠴᠦᠨ ᠢᠶᠠᠷ ᠲᠦᠯᠬᠢᠨ ᠠᠬᠢᠭᠤᠯᠪᠠ᠃
     -ᠤᠬᠠᠭᠤᠯᠬᠤ ᠰᠤᠷᠭᠠᠨ ᠬᠥᠮᠥᠵᠢᠭᠦᠯᠬᠦ ᠶᠢ ᠠᠳᠬᠤᠵᠤ᠂ ᠵᠠᠩ ᠰᠤᠷᠲᠠᠯ ᠤᠨ ᠬᠢᠨᠠᠯᠲᠠ ᠲᠠᠯᠪᠢᠬᠤ ᠶᠢ ᠴᠢᠩᠭᠠᠳᠬᠠᠪᠠ᠃ ᠵᠥᠪ ᠶᠠᠷᠢᠶ᠎ᠠ ᠬᠡᠯᠡᠯᠴᠡᠭᠡᠨ ᠤ ᠴᠢᠭᠯᠡᠯ ᠢ ᠡᠵᠡᠮᠳᠡᠬᠦ ᠶᠢ ᠪᠠᠷᠢᠮᠲᠠᠯᠠᠵᠤ᠂ ᠰᠦᠯᠵᠢᠶ᠎ᠡ᠂ ᠲᠧᠯᠸᠢᠰ᠂ ᠤᠬᠠᠭᠤᠯᠬᠤ ᠬᠠᠭᠤᠳᠠᠰᠤ᠂ ᠨᠠᠮ ᠤᠨ ᠶᠠᠪᠤᠳᠠᠯ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠵᠤ᠂ ᠬᠤᠭᠤᠴᠠᠭ᠎ᠠ ᠰᠣᠯᠢᠬᠤ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠦᠬᠦᠢ ᠬᠠᠤᠯᠢ ᠳᠥᠷᠢᠮ ᠵᠤᠷᠪᠤᠰ ᠢ ᠤᠬᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠴᠢᠨᠠᠷ ᠢ ᠨᠠᠮ ᠤᠨ ᠭᠡᠰᠢᠭᠦᠨ᠂ ᠣᠯᠠᠨ ᠲᠦᠮᠡᠨ ᠳᠤ ᠭᠦᠢᠴᠡᠳ ᠲᠠᠨᠢᠭᠤᠯᠵᠤ᠂ ᠰᠣᠩᠭᠤᠭᠤᠯᠢ ᠶᠢᠨ ᠠᠵᠢᠯ ᠤᠨ ᠵᠠᠷᠴᠢᠮ᠂ ᠠᠷᠭ᠎ᠠ ᠪᠠ ᠠᠯᠬᠤᠮ ᠳᠠᠷᠠᠭ᠎ᠠ ᠶᠢ ᠲᠣᠳᠣᠷᠬᠠᠢ ᠣᠶᠢᠯᠠᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠰᠣᠩᠭᠤᠭᠤᠯᠢ ᠳᠤ ᠣᠷᠣᠯᠴᠠᠬᠤ ᠢᠳᠡᠪᠬᠢᠵᠢᠯ ᠢ ᠪᠠᠳᠠᠷᠠᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠢ ᠵᠢᠯᠣᠭᠤᠳᠤᠨ ᠰᠣᠩᠭᠤᠭᠤᠯᠢ ᠶᠢᠨ ᠲᠡᠮᠳᠡᠭ ᠲᠠᠲᠠᠬᠤ ᠬᠠᠭ᠋ᠤᠤᠯᠢᠯᠠᠨ ᠰᠣᠩᠭᠤᠭᠳᠠᠬᠤ ᠵᠡᠷᠭᠡ ᠬᠠᠤᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠨ ᠵᠣᠭᠰᠣᠭᠠᠵᠤ᠂ ᠤᠷᠢᠳᠴᠢᠯᠠᠨ ᠰᠤᠷᠭᠠᠨ ᠬᠥᠮᠥᠵᠢᠭᠦᠯᠵᠦ᠂ ᠤᠷᠢᠳᠴᠢᠯᠠᠨ ᠰᠡᠷᠡᠮᠵᠢᠯᠡᠭᠦᠯᠦᠨ᠂ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠪᠡ᠃ ︽ᠨᠠᠮ ᠤᠨ ᠭᠡᠰᠢᠭᠦᠨ ᠣᠯᠠᠨ ᠲᠦᠮᠡᠨ ᠳᠤ ᠥᠭᠬᠦ ᠢᠯᠡ ᠵᠠᠬᠢᠲᠠᠯ︾᠎ ᠢ 38000 ᠭᠠᠷᠤᠢ ᠬᠤᠪᠢ ᠳᠠᠷᠤᠮᠠᠯᠯᠠᠨ ᠲᠠᠷᠬᠠᠭᠠᠵᠤ᠂ ᠬᠥᠨᠳᠡᠯᠡᠨ ᠪᠢᠴᠢᠭᠡᠰᠦ 126 ᠵᠤᠷᠪᠤᠰ᠂ ᠤᠷᠢᠶ᠎ᠠ ᠯᠤᠽᠦ᠋ᠩ 130 ᠭᠠᠷᠤᠢ ᠬᠠᠭᠤᠳᠠᠰᠤ᠂ ᠤᠬᠠᠭᠤᠯᠭ᠎ᠠ ᠶᠢᠨ ᠬᠠᠨ᠎ᠠ 25 ᠪᠠᠶᠢᠭᠤᠯᠵᠤ᠂ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠬᠡᠪ ᠰᠤᠷᠲᠠᠯ ᠤᠨ ᠴᠡᠪᠡᠷ ᠠᠷᠢᠭᠤᠨ ᠪᠠᠶᠢᠬᠤ ᠶᠢ ᠪᠠᠲᠤᠯᠠᠵᠠᠢ᠃
       - ᠬᠢᠨᠠᠨ ᠲᠣᠭᠲᠠᠭᠠᠬᠤ ᠪᠣᠭᠤᠮᠲᠠ ᠶᠢ ᠠᠳᠬᠤᠵᠤ᠂ ᠬᠢᠨᠠᠯᠲᠠ ᠲᠠᠯᠪᠢᠨ ᠵᠢᠯᠣᠭᠤᠳᠬᠤ ᠶᠢ ᠴᠢᠩᠭᠠᠳᠬᠠᠪᠠ᠃ ︽ᠬᠤᠶᠠᠷ ᠬᠤᠯᠪᠣᠭᠠᠯᠠᠨ ᠬᠢᠨᠠᠬᠤ︾ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠰᠣᠩᠭᠤᠨ ᠲᠠᠨᠢᠯᠴᠠᠭᠤᠯᠵᠤ︾ ᠪᠣᠢ ᠪᠣᠯᠣᠭᠰᠠᠨ ᠲᠤᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠤᠨ ᠪᠥᠷᠢᠯᠳᠦᠭᠦᠨ ᠢᠶᠠᠷ ᠰᠣᠩᠭᠤᠬᠤ ᠪᠠᠷ ᠵᠢᠱᠢᠭᠳᠡᠭᠰᠡᠳ ᠢ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠨᠠᠮ ᠤᠨ ︵ᠠᠵᠢᠯᠯᠠᠬᠤ︶ ᠬᠤᠷᠢᠶ᠎ᠠ ᠠᠴᠠ ᠬᠢᠷᠢ ᠬᠡᠮ ᠢ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠰᠠᠬᠢᠯᠭ᠎ᠠ ᠪᠠᠲᠤ ᠪᠠᠶᠢᠴᠠᠭᠠᠬᠤ᠂ ᠠᠮᠤᠷ ᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠲᠠᠷᠢᠶᠠᠯᠠᠩ ᠮᠠᠯ ᠠᠵᠤ ᠠᠬᠤᠢ᠂ ᠵᠠᠬᠢᠳᠠᠯ ᠰᠤᠷᠪᠤᠯᠵᠢᠯᠠᠭ᠎ᠠ ᠵᠡᠷᠭᠡ 6 ᠰᠠᠯᠠᠭ᠎ᠠ ᠮᠥᠴᠢᠷ ᠤᠨ ᠰᠠᠨᠠᠯ ᠢ ᠲᠤᠰ ᠲᠤᠰ ᠠᠪᠴᠤ᠂ ᠰᠣᠩᠭᠤᠬᠤ ᠪᠠᠷ ᠵᠢᠱᠢᠭᠳᠡᠭᠰᠡᠳ ᠨᠢᠭᠡᠪᠦᠷᠢ ᠶᠢᠨ ᠦᠨᠡᠨ ᠪᠠᠶᠢᠳᠠᠯ ᠢ ᠦᠨᠡᠨ ᠬᠦ ᠣᠶᠢᠯᠭᠠᠨ ᠮᠡᠳᠡᠵᠦ᠂ ᠨᠢᠭᠡᠳᠦᠯᠲᠡᠢ ᠢᠯᠡ ᠨᠡᠶᠢᠲᠡᠯᠡᠵᠦ 3 ᠡᠳᠦᠷ ᠪᠣᠯᠣᠭᠰᠠᠨ ᠤ ᠳᠠᠷᠠᠭ᠎ᠠ᠂ ᠵᠢᠩᠬᠢᠨᠢ ᠪᠠᠷ ᠰᠤᠩᠭᠤᠭᠤᠯᠢ ᠶᠠᠪᠤᠭᠤᠯᠵᠤ᠂ ︽ᠡᠪᠡᠳᠴᠢᠨ ᠲᠠᠢ ᠪᠠᠷ ᠰᠣᠩᠭᠤᠭᠤᠯᠢ ᠳᠤ ᠣᠷᠣᠯᠴᠠᠬᠤ︾᠂ ︽ᠡᠪᠡᠳᠴᠢᠨ ᠲᠠᠢ ᠪᠠᠷ ᠠᠵᠢᠯ ᠤᠨ ᠪᠠᠶᠢᠷᠢ ᠳᠤ ᠭᠠᠷᠬᠤ ︾᠎ ᠶᠢ ᠪᠦᠲᠦᠮᠵᠢᠲᠡᠢ ᠬᠤᠷᠢᠭᠯᠠᠵᠠᠢ᠃ ᠡᠭᠦᠨ ᠤ ᠬᠠᠮᠲᠤ᠂ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠶᠠᠪᠤᠳᠠᠯ᠂ ᠠᠮᠤᠷ ᠤᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠠᠴᠠ 18 ᠨᠡᠷ᠎ᠡ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠢᠯᠢᠨ ᠠᠪᠴᠤ᠂ 6 ᠬᠤᠭᠤᠴᠠᠭ᠎ᠠ ᠰᠣᠯᠢᠬᠤ ᠠᠵᠢᠯ ᠤᠨ ᠵᠢᠭᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠡᠯ᠎ᠡ ᠭᠠᠵᠠᠷ ᠲᠤ ᠨᠢᠭᠡ ᠳᠤ ᠨᠢᠭᠡ ᠪᠠᠷ ᠪᠣᠳᠠᠲᠠᠢ ᠵᠢᠭᠠᠨ ᠵᠢᠯᠣᠭᠤᠳᠴᠠᠢ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ 81 ᠠᠵᠢᠯᠯᠠᠬᠤ ᠳᠤᠭᠤᠶᠢᠯᠠᠩ ᠲᠣᠮᠢᠯᠠᠨ ᠪᠦᠬᠦ ᠲᠣᠭᠤᠷᠢᠭ ᠤᠨ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠠᠵᠢᠯ ᠢ ᠬᠠᠨᠳᠤᠯᠭ᠎ᠠ ᠲᠠᠢ ᠪᠠᠷ ᠵᠢᠭᠠᠨ ᠵᠢᠯᠣᠭᠤᠳᠴᠤ᠂ ᠬᠤᠭᠤᠴᠠᠭ᠎ᠠ ᠰᠣᠯᠢᠬᠤ ᠶᠢ ᠬᠢᠨᠠᠯᠲᠠ ᠲᠠᠯᠪᠢᠨ ᠵᠢᠭᠠᠨ ᠵᠢᠯᠣᠭᠤᠳᠬᠤ ᠬᠤᠭᠤᠰᠤᠨ ᠭᠠᠵᠠᠷ ᠦᠭᠡᠢ᠂ ᠪᠦᠬᠦᠨ ᠢ ᠪᠦᠷᠬᠦᠬᠦ ᠶᠢ ᠪᠡᠶᠡᠯᠡᠭᠦᠯᠪᠡ᠃
     -ᠪᠦᠬᠦᠯᠢ ᠴᠣᠭᠴᠠ ᠶᠢᠨ ᠬᠡᠪ ᠴᠢᠨᠠᠷ ᠢ ᠠᠳᠬᠤᠵᠤ᠂ ᠪᠦᠲᠦᠴᠡ ᠶᠢ ᠰᠢᠯᠢᠳᠡᠭᠵᠢᠭᠦᠯᠬᠦ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ︽ᠲᠠᠪᠤ ᠶᠢ ᠰᠣᠩᠭᠤᠨ ᠠᠷᠪᠠ ᠲᠣᠬᠢᠷᠠᠮᠵᠢ ᠦᠭᠡᠢ︾ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠨᠠᠮ ᠤᠨ ᠭᠡᠰᠢᠭᠦᠨ ᠣᠯᠠᠨ ᠲᠦᠮᠡᠨ ᠢ ᠵᠢᠯᠣᠭᠤᠳᠤᠨ ︽ᠲᠠᠪᠤ ᠰᠢᠯᠭᠠᠷᠠᠭᠰᠠᠨ︾ ᠪᠠᠷᠢᠮᠵᠢᠶ᠎ᠠ ᠶᠣᠰᠣᠭᠠᠷ ᠂ ᠦᠨᠡᠨ ᠬᠦ ᠨᠠᠮᠴᠢ ᠴᠢᠨᠠᠷ ᠢᠶᠠᠷ ᠴᠢᠩᠭ᠎ᠠ᠂ ᠴᠢᠳᠠᠪᠤᠷᠢᠲᠠᠢ᠂ ᠬᠡᠪ ᠰᠤᠷᠲᠠᠯ ᠰᠠᠶᠢᠨ ᠰᠢᠯᠢᠳᠡᠭ ᠴᠢᠳᠠᠪᠤᠷᠢᠲᠠᠨ ᠢ ᠲᠤᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠲᠤ ᠰᠣᠩᠭᠤᠨ ᠣᠷᠣᠭᠤᠯᠵᠠᠢ᠃ ᠬᠤᠭᠤᠴᠠᠭ᠎ᠠ ᠰᠣᠯᠢᠭᠰᠠᠨ ᠤ ᠲᠠᠷᠠᠭ᠎ᠠ᠂ ᠪᠦᠬᠦ ᠲᠣᠭᠤᠷᠢᠭ ᠲᠤ ᠲᠤᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ 353 ᠬᠥᠮᠥᠨ ᠢ ᠰᠣᠩᠭᠤᠨ ᠭᠠᠷᠭᠠᠵᠠᠢ᠂ ᠡᠭᠦᠨ ᠳᠤ ᠱᠦᠵᠢ 113 ᠬᠥᠮᠥᠨ᠃ ᠲᠤᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠲᠡᠭᠰᠢᠳᠬᠡᠭᠰᠡᠨ ᠨᠠᠰᠤ 48.9 ᠨᠠᠰᠤ᠂ ᠬᠤᠭᠤᠴᠠᠭ᠎ᠠ ᠰᠣᠯᠢᠬᠤ ᠠᠴᠠ ᠡᠮᠦᠨᠡᠬᠢ ᠠᠴᠠ 1.6 ᠨᠠᠰᠤ ᠳᠣᠷᠣᠭᠰᠢᠯᠠᠵᠠᠢ᠂ ᠡᠮᠡᠭᠲᠡᠢ ᠭᠡᠰᠢᠭᠦᠨ 159 ᠨᠡᠷ᠎ᠡ᠂ ᠳᠡᠭᠡᠷ᠎ᠡ ᠬᠤᠭᠤᠴᠠᠭᠠᠨ ᠤ ᠬᠢ ᠠᠴᠠ 15.3%᠎ ᠪᠠᠷ ᠨᠡᠮᠡᠭᠳᠡᠵᠡᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠪᠠ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ 278 ᠬᠥᠮᠥᠨ᠂ ᠳᠡᠭᠡᠷ᠎ᠡ ᠬᠤᠭᠤᠴᠠᠭᠠᠨ ᠤ ᠬᠢ ᠠᠴᠠ 26.4%᠎ ᠪᠠᠷ ᠨᠡᠮᠡᠭᠳᠡᠵᠡᠢ᠂ ᠬᠡᠪ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠵᠣᠷᠢᠯᠭ᠎ᠠ ᠳᠤ ᠦᠨᠡᠨ ᠬᠦ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠯᠬᠤᠴᠠ ᠪᠠᠨ ᠤᠯᠠᠮ ᠨᠢᠭᠡ ᠠᠯᠬᠤᠮ ᠲᠦᠷᠭᠡᠳᠬᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠵᠠᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1