| | 6 ᠰᠠᠷ᠎ᠠ ᠶᠢᠨ 22 ᠤ ᠡᠳᠦᠷ᠂ ᠲᠤᠭᠤᠷᠢᠭ ᠤᠨ ᠲᠠᠷᠤᠭ᠎ᠠ ᠸᠠᠩ ᠶᠦᠩ ᠤᠨ ᠨᠠᠶᠢᠳᠠᠯᠭ᠎ᠠ ᠪᠠᠷ᠂ | ᠲᠤᠭᠤᠷᠢᠭ ᠤᠨ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠳᠠᠷᠤᠭ᠎ᠠ ᠼᠤᠤ ᡁᠢ ᠶᠦᠩ ᠲᠤᠭᠤᠷᠢᠭ ᠤᠨ | ᠶᠢᠰᠦᠳᠦᠭᠡᠷ ᠬᠤᠭᠤᠴᠠᠭᠠᠨ ᠤ ᠵᠠᠰᠠᠭ ᠤᠨ ᠤᠷᠳᠤᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ | ᠡᠬᠢᠯᠡᠨ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠯᠢᠨ ᠢᠦᠢ ᠬᠤᠸᠠ᠂ ᠯᠢᠦ | ᠮᠢᠩ ᠵᠦ᠂ ᠴᠧᠩ ᠷᠦᠢ ᠪᠤᠤ᠂ ᠯᠢ ᠵᠠᠨ ᠵᠢᠶᠧ ᠬᠤᠷᠠᠯ ᠳᠤ ᠰᠠᠭᠠᠲᠠᠵᠤ᠂ ᠵᠠᠰᠠᠭ ᠤᠨ ᠤᠷᠳᠤᠨ ᠤ ᠠᠯᠪᠠᠨ | ᠭᠡᠷ ᠤᠨ ᠡᠷᠬᠢᠯᠡᠭᠴᠢ ᠴᠦ ᠬᠠᠢ ᠪᠦᠸᠧ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠪᠠᠯᠭᠠᠰᠤ ᠰᠢᠶᠠᠩ ᠵᠡᠭᠡᠯᠢ | ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ | | | | | | | ᠬᠤᠷᠠᠯ ᠨᠢ ᠲᠤᠰᠠᠭᠠᠷ ᠦᠢᠯᠡᠳᠪᠦᠷᠢ ᠠᠭᠤᠷᠬᠠᠢ ᠶᠢᠨ ᠲᠤᠭᠤᠷᠢᠭ ᠤᠨ ᠦᠵᠢᠶᠠ ᠤᠰᠤ ᠬᠠᠩᠭᠠᠬᠤ | ᠪᠠᠷᠢᠯᠭ᠎ᠠ ᠶᠢᠨ ᠲᠦᠷᠥᠯ ᠵᠦᠢᠯ ᠤᠨ ᠪᠠᠶᠢᠳᠠᠯ᠂ ᠤᠯᠠᠭᠠᠨᠬᠠᠳᠠ ᠶᠢᠨ ᠾᠧᠩ ᠶᠤᠸᠠᠨ ᠢᠯᠴᠢ ᠬᠦᠴᠦᠨ ᠤ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠢᠯᠴᠢ ᠬᠠᠩᠭᠠᠬᠤ ᠲᠦᠬᠦᠭᠡᠷᠡᠮᠵᠢ ᠶᠢᠨ ᠪᠠᠴᠢᠮ ᠢ ᠠᠷᠭᠠᠴᠠᠭᠠᠬᠤ | ᠬᠤᠭᠤᠯᠠᠢ ᠤᠭᠰᠠᠷᠠᠬᠤ ᠲᠤᠬᠠᠢ ᠪᠠᠶᠢᠳᠠᠯ᠂ ᠪᠤᠤ ᠱᠠᠨ ᠵᠠᠮ ᠢ ᠡᠮᠦᠨᠡᠰᠢ ᠦᠷᠭᠡᠳᠬᠡᠬᠦ ᠪᠠᠷᠢᠯᠭ᠎ᠠ ᠪᠠ ᠳᠤᠲᠤᠷ᠎ᠠ | ᠲᠤᠭᠤᠷᠢᠯᠲᠠ ᠶᠢᠨ ᠵᠠᠮ ᠤᠨ ᠡᠮᠦᠨᠡᠲᠦ ᠵᠠᠮ ᠢ ᠦᠷᠭᠡᠳᠬᠡᠬᠦ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠬᠡᠰᠡᠭ ᠢ | ᠬᠤᠪᠢᠶᠠᠷᠢᠯᠠᠬᠤ᠂ ᠪᠠᠷᠢᠯᠭ᠎ᠠ ᠶᠢᠨ ᠲᠦᠷᠥᠯ ᠵᠦᠢᠯ ᠤᠨ ᠪᠡᠯᠡ ᠮᠦᠩᠭᠦ ᠶᠢ ᠬᠡᠷᠡᠭᠯᠡᠬᠦ ᠵᠢᠴᠢ ᠳᠠᠭᠠᠭᠠᠴᠢᠯᠠᠯᠲᠠ ᠵᠠᠷᠯᠠᠬᠤ | ᠰᠣᠯᠢᠯᠴᠠᠭᠠᠨ ᠤ ᠲᠠᠪᠴᠠᠩ ᠢ ᠲᠤᠲᠠᠭᠠᠬᠤ ᠲᠤᠬᠠᠢ ᠪᠠᠶᠢᠳᠠᠯ᠂ ᠫᠢᠩᠵᠤᠸᠠᠩ ᠤᠨ ᠨᠡᠭᠦᠷᠡᠰᠦᠨ ᠠᠭᠤᠷᠬᠠᠢ ᠶᠢᠨ | ᠺᠤᠮᠫᠠᠨᠢ ᠶᠢᠨ ᠢᠯᠴᠢ ᠬᠠᠩᠭᠠᠬᠤ ᠬᠤᠶᠠᠳᠠᠭᠴᠢ ᠬᠤᠭᠤᠯᠠᠢ ᠶᠢᠨ ᠲᠤᠤᠷᠵᠢᠯ ᠤᠨ ᠦᠭᠡᠷᠡᠴᠢᠯᠡᠯᠲᠡ ᠬᠢᠬᠦ ᠪᠠ | ᠰᠢᠯᠵᠢᠭᠦᠯᠦᠨ ᠥᠭᠬᠦ ᠲᠤᠬᠠᠢ ᠬᠠᠮᠢᠶ᠎ᠠ ᠪᠦᠬᠦᠢ ᠪᠠᠶᠢᠳᠠᠯ ᠢ ᠰᠤᠨᠤᠰᠤᠨ ᠵᠥᠪᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠵᠢᠶᠠ ᠤᠰᠤ ᠬᠠᠩᠭᠠᠬᠤ ᠪᠠᠷᠢᠯᠭ᠎ᠠ ᠶᠢᠨ ᠲᠦᠷᠥᠯ ᠵᠦᠢᠯ ᠪᠤᠯ | ᠠᠷᠠᠳ ᠤᠯᠠᠨ ᠤ ᠠᠮᠢᠳᠤᠷᠠᠯ ᠦᠢᠯᠡᠳᠪᠦᠷᠢᠯᠡᠯ ᠲᠠᠢ ᠰᠢᠭᠤᠳ ᠬᠤᠯᠪᠤᠭᠳᠠᠬᠤ ᠢᠨᠵᠧᠨᠧᠷᠢᠩ ᠮᠦᠨ᠃ ᠡᠯ᠎ᠡ | ᠰᠠᠯᠠᠭ᠎ᠠ ᠮᠦᠴᠢᠷ ᠨᠢ ᠬᠠᠷᠢᠯᠴᠠᠨ ᠬᠠᠮᠵᠢᠯᠴᠠᠵᠤ᠂ ᠲᠦᠷᠥᠯ ᠵᠦᠢᠯ ᠤᠨ ᠭᠠᠷ ᠭᠦᠢᠴᠡᠳᠬᠡᠯ ᠢ ᠳᠠᠷᠤᠶᠢᠬᠠᠨ ᠬᠢᠵᠦ᠂ | ᠲᠦᠷᠥᠯ ᠵᠦᠢᠯ ᠤᠨ ᠲᠤᠭᠲᠠᠭᠰᠠᠨ ᠴᠠᠭ ᠲᠠᠭᠠᠨ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠶᠢᠭᠤᠯᠭ᠎ᠠ ᠨᠢᠭᠡᠴᠡ ᠨᠢ ᠲᠤᠰ ᠪᠦᠷᠢ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠤᠯᠢ ᠶᠤᠰᠤᠭᠠᠷ ᠬᠦᠴᠢᠲᠡᠢ ᠠᠷᠭ᠎ᠠ ᠬᠡᠮᠵᠢᠶ᠎ᠡ ᠶᠢ ᠠᠪᠴᠤ᠂ | ᠡᠯ᠎ᠡ ᠲᠦᠷᠥᠯ ᠤᠨ ᠪᠠᠴᠢᠮ ᠢ ᠠᠷᠭᠠᠴᠠᠭᠠᠬᠤ ᠲᠦᠰᠦᠯ ᠢ ᠲᠤᠭᠲᠠᠭᠠᠨ᠂ ᠳᠤᠯᠠᠭᠠᠴᠠᠯᠭ᠎ᠠ ᠠᠴᠠ ᠡᠮᠦᠨ᠎ᠡ ᠢᠯᠴᠢ | ᠬᠠᠩᠭᠠᠬᠤ ᠲᠦᠬᠦᠭᠡᠷᠡᠮᠵᠢ ᠶᠢ ᠰᠢᠯᠵᠢᠭᠦᠯᠦᠨ ᠥᠭᠬᠦ ᠪᠠ ᠬᠤᠶᠠᠳᠠᠭᠴᠢ ᠬᠤᠭᠤᠯᠠᠢ ᠶᠢᠨ ᠲᠤᠤᠷᠵᠢᠯ ᠢ ᠦᠭᠡᠷᠡᠴᠢᠯᠡᠨ | ᠵᠠᠰᠠᠬᠤ ᠠᠵᠢᠯ ᠢ ᠭᠦᠢᠴᠡᠳᠬᠡᠬᠦ ᠶᠢ ᠪᠠᠲᠤᠯᠠᠬᠤ ᠬᠡᠷᠡᠭᠲᠡᠢ ᠭᠡᠵᠡᠢ᠃ ᠪᠤᠤ ᠱᠠᠨ ᠵᠠᠮ ᠢ ᠡᠮᠦᠨᠡᠰᠢ ᠦᠷᠭᠡᠳᠬᠡᠬᠦ ᠪᠠ | ᠳᠤᠲᠤᠷ᠎ᠠ ᠲᠤᠭᠤᠷᠢᠯᠲᠠ ᠶᠢᠨ ᠵᠠᠮ ᠤᠨ ᠡᠮᠦᠨᠡᠲᠦ ᠵᠠᠮ ᠢ ᠦᠷᠭᠡᠳᠬᠡᠬᠦ ᠪᠠᠷᠢᠯᠭ᠎ᠠ ᠶᠢᠨ ᠴᠠᠭ ᠪᠠᠴᠢᠮ᠂ ᠡᠭᠦᠷᠭᠡ | ᠬᠦᠨᠳᠦ ᠲᠤᠯᠠ ᠪᠦᠬᠦ ᠨᠡᠶᠢᠭᠡᠮ ᠢᠶᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠢᠶ᠎ᠠ ᠪᠦᠬᠦᠢ | ᠰᠠᠯᠠᠭ᠎ᠠ ᠮᠦᠴᠢᠷ ᠨᠢ ᠳᠡᠭᠡᠳᠦ ᠱᠠᠲᠤᠨ ᠤ ᠰᠠᠯᠠᠭ᠎ᠠ ᠮᠦᠴᠢᠷ ᠲᠠᠢ ᠢᠳᠡᠪᠬᠢᠲᠡᠢ ᠬᠠᠷᠢᠯᠴᠠᠨ᠂ ᠳᠠᠭᠠᠭᠠᠴᠢᠯᠠᠯᠲᠠ | ᠵᠠᠷᠯᠠᠬᠤ ᠵᠡᠷᠭᠡ ᠪᠤᠳᠠᠲᠠᠢ ᠶᠠᠪᠤᠳᠠᠯ ᠢ ᠬᠢᠨᠠᠮᠠᠭᠠᠢ ᠭᠦᠢᠴᠡᠳᠬᠡᠨ᠂ ᠭᠠᠷ ᠬᠦᠢᠴᠡᠳᠬᠡᠯ ᠢ ᠲᠦᠷᠭᠡᠨ ᠬᠢᠵᠤ᠂ | ᠲᠦᠷᠥᠯ ᠵᠦᠢᠯ ᠤᠨ ᠲᠤᠭᠲᠠᠭᠰᠠᠨ ᠴᠠᠭ ᠲᠠᠭᠠᠨ ᠡᠬᠢᠯᠡᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠨᠤᠰᠤᠨ ᠵᠥᠪᠯᠡᠪᠡ᠃ | ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠂ ᠤᠯᠤᠰ ᠲᠦᠷᠥ ᠶᠢᠨ ᠵᠥᠪᠯᠡᠯᠭᠡᠨ ᠤ | ᠠᠯᠪᠠᠨ ᠭᠡᠷ᠂ ᠵᠤᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠠᠭᠠᠲᠠᠵᠠᠢ᠃ | | |