【ᠲᠤᠪᠴᠢ ᠮᠡᠳᠡᠭᠡ】 ᠶᠤᠸᠠᠨ ᠪᠤᠤ ᠱᠠᠨ ᠲᠤᠭᠤᠷᠢᠭ ᠤᠨ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠠᠯ ᠤᠨ ᠡᠬᠢ ᠰᠤᠷᠪᠤᠯᠵᠢ ᠶᠢ  ᠨᠡᠶᠢᠳᠡᠮ  ᠪᠦᠷᠢᠳᠬᠡᠨ ᠪᠠᠶᠢᠴᠠᠭᠠᠬᠤ ᠠᠵᠢᠯ  ᠢᠯᠭᠤᠮ ᠠᠮᠵᠢᠯᠲᠠ ᠎ ᠲᠠᠢ ᠲᠡᠭᠦᠰᠪᠡ
ᠨᠡᠶᠢᠲᠡᠯᠡᠭᠰᠡᠨ ᠴᠠᠭ᠄
2018/7/3
    ᠶᠤᠸᠠᠨ ᠪᠤᠤ ᠱᠠᠨ ᠲᠤᠭᠤᠷᠢᠭ ᠤᠨ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠠᠯ ᠤᠨ ᠡᠬᠢ ᠰᠤᠷᠪᠤᠯᠵᠢ ᠶᠢ  ᠨᠡᠶᠢᠳᠡᠮ  ᠪᠦᠷᠢᠳᠬᠡᠨ ᠪᠠᠶᠢᠴᠠᠭᠠᠬᠤ ᠠᠵᠢᠯ ᠨᠢ ᠰᠢᠪᠲᠤᠷᠠᠭᠠᠨ ᠳᠠᠭᠠᠨ ᠤᠷᠤᠵᠠᠢ᠃    ᠨᠢᠭᠡ ᠳᠤ᠂  ᠴᠠᠭᠲᠤ  ᠴᠢᠨᠠᠷ ᠢ ᠴᠢᠩᠭ᠎ᠠ ᠠᠳᠬᠤᠵᠠᠢ  ᠃ ᠪᠤᠬᠢᠷᠳᠠᠯ ᠤᠨ ᠡᠬᠢ ᠰᠤᠷᠪᠤᠯᠵᠢ ᠶᠢ  ᠨᠡᠶᠢᠳᠡᠮ  ᠪᠦᠷᠢᠳᠬᠡᠨ ᠪᠠᠶᠢᠴᠠᠭᠠᠬᠤ ᠠᠵᠢᠯ  ᠤᠨ ᠬᠡᠯᠬᠢᠶ᠎ᠡ ᠬᠤᠯᠪᠤᠭᠠᠰᠤ ᠎ ᠶᠢ ᠨᠢ  ᠴᠢᠩᠭ᠎ᠠ  ᠡᠵᠡᠮᠳᠡᠵᠦ᠂  ᠠᠶᠢᠵᠠᠮ ᠴᠣᠬᠢᠯᠭ᠎ᠠ ᠶᠢ ᠨᠢ ᠲᠠᠭᠠᠷᠠᠭᠤᠯᠤᠨ᠂  ᠲᠤᠭᠲᠠᠭᠰᠠᠨ ᠴᠠᠭ ᠲᠠᠭᠠᠨ ᠠᠵᠢᠯ ᠤᠨ ᠡᠭᠦᠷᠭᠡ ᠪᠠᠨ ᠪᠡᠶᠡᠯᠡᠭᠦᠯᠵᠡᠢ᠃  ᠬᠤᠶᠠᠷ ᠲᠤ᠂  ᠭᠤᠣᠯᠳᠠᠯᠭ᠎ᠠ ᠶᠢ ᠲᠤᠪᠤᠶᠢᠯᠭᠠᠵᠠᠢ᠃  ᠦᠪᠡᠷᠲᠡᠭᠡᠨ ᠵᠠᠰᠠᠬᠤ  ᠤᠷᠤᠨ ᠠᠴᠠ ᠳᠤᠷᠤᠭᠰᠢ ᠪᠠᠭᠤᠯᠭᠠᠭᠰᠠᠨ ᠨᠡᠷᠡᠰ ᠤᠨ ᠬᠦᠮᠦᠷᠭᠡ ᠶᠢ ᠦᠨᠳᠦᠰᠦᠯᠡᠨ᠂  ᠡᠷᠦᠬᠡ ᠳᠤ ᠭᠦᠨᠵᠡᠭᠡᠶᠢᠷᠡᠨ ᠪᠦᠷᠢᠳᠬᠡᠨ ᠪᠠᠶᠢᠴᠠᠭᠠᠵᠤ᠂  ᠱᠠᠭᠠᠷᠳᠠᠯᠭ᠎ᠠ ᠳᠤ ᠨᠡᠶᠢᠴᠡᠬᠦ ᠶᠢ ᠨᠢ  ᠪᠦᠷᠢᠳᠭᠡᠨ ᠪᠠᠶᠢᠴᠠᠭᠠᠬᠤ ᠬᠦᠰᠦᠨᠦᠭᠲᠦ ᠳᠤ ᠭᠠᠷᠭᠠᠨ᠂  ᠱᠠᠭᠠᠷᠳᠠᠯᠭ᠎ᠠ ᠳᠤ ᠡᠰᠡ ᠨᠡᠶᠢᠴᠡᠬᠦ ᠶᠢ ᠎ ᠨᠢ ᠰᠢᠰᠲ᠋ᠧᠮ ᠳᠡᠭᠡᠷ᠎ᠡ ᠲᠡᠮᠳᠡᠭ ᠲᠠᠯᠪᠢᠵᠠᠢ᠃  ᠭᠤᠷᠪᠠ ᠳᠤ᠂   ᠦᠨᠳᠦᠷ ᠪᠠᠷᠢᠮᠵᠢᠶ᠎ᠠ ᠲᠠᠢ ᠪᠡᠶᠡᠯᠡᠭᠦᠯᠪᠡ᠃  ᠪᠦᠷᠢᠳᠬᠡᠭᠴᠢ ᠪᠠ ᠵᠢᠭᠠᠨ ᠵᠢᠯᠤᠭᠤᠳᠤᠭᠴᠢ ᠨᠢ  ᠲᠤᠭ᠎ᠠ ᠪᠠᠷᠢᠮᠲᠠ᠂  ᠬᠦᠰᠦᠨᠦᠭᠲᠦ ᠲᠠᠭᠯᠠᠬᠤ᠂  ᠳᠡᠭᠡᠭᠰᠢ ᠳᠠᠮᠵᠢᠭᠤᠯᠬᠤ᠂  ᠬᠢᠨᠠᠬᠤ ᠵᠡᠷᠭᠡ ᠶᠠᠪᠤᠴᠠ ᠪᠤᠯᠭᠠᠨ ᠳᠤ  ᠨᠠᠷᠢᠨ ᠬᠢᠨᠠᠮᠠᠭᠠᠢ  ᠵᠥᠪ ᠤᠨᠤᠪᠴᠢᠲᠠᠢ ᠪᠠᠶᠢᠬᠤ ᠶᠢ ᠪᠠᠲᠤᠯᠠᠵᠤ᠂  ᠳᠡᠭᠡᠷ᠎ᠡ ᠱᠠᠲᠤᠨ ᠤ ᠬᠢᠨᠠᠨ ᠰᠢᠯᠭᠠᠯᠲᠠ ᠶᠢ ᠪᠦᠷᠢᠨ ᠬᠦᠯᠢᠶᠡᠵᠦ ᠳᠡᠶᠢᠯᠬᠦ ᠪᠤᠯᠭᠠᠵᠠᠢ᠃   
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1