ᠶᠤᠸᠠᠨ  ᠪᠤᠤ ᠱᠠᠨ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠨᠢ ᠳᠦᠷᠪᠡᠨ ᠠᠷᠭ᠎ᠠ ᠬᠡᠮᠵᠢᠶ᠎ᠡ ᠶᠢ ᠠᠪᠴᠤ ᠴᠢᠭᠡᠴᠢ ᠵᠠᠰᠠᠭ ᠤᠨ ᠰᠤᠶᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2018/7/4
    ᠤᠷᠴᠢᠮ ᠤᠨ ᠵᠢᠯ ᠠᠴᠠ ᠨᠠᠰᠢ᠂  ᠶᠤᠸᠠᠨ ᠪᠤᠤ ᠱᠠᠨ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠨᠢ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ᠂  ᠨᠠᠮ ᠤᠨ ᠰᠤᠷᠲᠠᠯ ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠵᠤ᠂  ︽ ᠰᠤᠷᠤᠯᠴᠠᠯᠭ᠎ᠠ ᠶᠢ ᠠᠳᠬᠤᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠤᠶᠤᠯ ᠤᠨ ᠪᠠᠶᠢᠭᠤᠯᠤᠯᠲᠠ ᠶᠢ ᠠᠳᠬᠤᠬᠤ︾ ᠎ ᠪᠠᠷ ᠳᠠᠮᠵᠢᠵᠤ᠂  ᠡᠳ᠋ ᠤᠨ ᠵᠠᠰᠠᠭ ᠤᠨ  ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠲᠠ ᠶᠢ ᠴᠢᠷᠮᠠᠶᠢᠨ ᠴᠢᠩᠭᠠᠳᠬᠠᠵᠤ᠂  ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯᠯᠠᠭᠴᠢ ᠬᠠᠷᠢᠭᠤᠴᠠᠯᠭ᠎ᠠ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃   ᠨᠢᠭᠡ ᠳᠤ᠂  ᠰᠢᠨ᠎ᠡ ᠠᠴᠢᠶᠠᠯᠠᠪᠤᠷᠢ ᠶᠢ ᠡᠭᠦᠳᠦᠨ ᠰᠢᠨᠡᠳᠬᠡᠵᠦ᠂ ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠲᠠ ᠶᠢᠨ ᠨᠦᠯᠦᠭᠡᠯᠡᠬᠦ ᠬᠦᠴᠦᠨ ᠢ ᠴᠢᠩᠭᠠᠳᠬᠠᠵᠠᠢ᠃  ᠲᠤᠪᠴᠢᠶᠠᠨ ᠤ ᠠᠯᠪᠠᠨ ᠠᠰᠠᠷ ᠤᠨ ᠨᠢᠭᠡᠳᠦᠭᠡᠷ ᠳᠠᠪᠬᠤᠷᠭ᠎ᠠ ᠳᠤ ᠡᠯᠧᠺᠲᠷᠣᠨ ᠬᠦᠰᠢᠭᠡ ᠭᠠᠷᠭᠠᠵᠤ᠂  ︽  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾᠂  ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠵᠦᠢᠯ ᠵᠤᠷᠪᠤᠰ︾  ᠵᠡᠷᠭᠡ ᠶᠢ  ᠲᠠᠰᠤᠷᠠᠯᠲᠠ ᠦᠭᠡᠢ ᠨᠡᠪᠲᠡᠷᠡᠭᠦᠯᠵᠦ᠂  ᠠᠯᠪᠠᠨ ᠠᠰᠠᠷ ᠤᠨ ᠡᠯ᠎ᠡ ᠳᠠᠪᠬᠤᠷᠭ᠎ᠠ᠂  ᠭᠤᠳᠤᠮ ᠳᠤ  ᠴᠢᠭᠡᠴᠢ ᠵᠠᠰᠠᠭ ᠤᠨ ᠰᠤᠶᠤᠯ ᠤᠨ ᠪᠠᠶᠢᠭᠤᠯᠤᠯᠲᠠ ᠶᠢᠨ ᠨᠡᠷᠡᠲᠦ ᠦᠭᠡ ᠰᠡᠷᠡᠮᠵᠢᠯᠡᠭᠦᠯᠬᠦ ᠦᠭᠦᠯᠡᠪᠦᠷᠢ  ᠶᠢᠨ ᠫᠠᠶᠢᠰᠠ ᠵᠡᠷᠭᠡ ᠶᠢ ᠲᠠᠯᠪᠢᠵᠤ᠂  ᠰᠤᠷᠤᠯᠴᠠᠭ᠎ᠠ ᠶᠢᠨ ᠰᠠᠶᠢᠨ ᠠᠬᠤᠢ ᠤᠷᠴᠢᠨ ᠢ ᠪᠤᠢ ᠪᠤᠯᠭᠠᠵᠠᠢ᠃ ᠬᠤᠶᠠᠷ ᠲᠤ᠂ ︽ ᠨᠠᠮᠴᠢ ᠴᠢᠨᠠᠷ᠂ ᠨᠠᠮ ᠤᠨ ᠰᠤᠷᠲᠠᠯ᠂ ᠨᠠᠮ ᠤᠨ ᠰᠠᠬᠢᠯᠭ᠎ᠠ︾ ᠎ ᠪᠠᠷ ᠭᠤᠣᠯ ᠰᠡᠳᠦᠪ ᠪᠤᠯᠭᠠᠭᠰᠠᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠢ ᠵᠤᠬᠢᠶᠠᠨ ᠪᠠᠶᠢᠭᠤᠯᠵᠠᠢ᠃  ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂  ︽ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠤᠭᠲᠠᠭᠠᠯ︾  ᠂  ︽ ᠨᠢᠭᠡ ᠠᠵᠢᠯ ᠶᠢᠨ  ᠪᠠᠶᠢᠷᠢ ᠬᠤᠶᠠᠷ ᠵᠦᠢᠯ ᠤᠨ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠳᠦᠷᠢᠮ︾  ᠪᠠ  ᠨᠠᠮ ᠤᠨ  ᠲᠥᠪ ᠬᠤᠷᠢᠶ᠎ᠠ᠂  ᠦᠪᠡᠷᠲᠡᠭᠡᠨ ᠵᠠᠰᠠᠬᠤ ᠤᠷᠤᠨ᠂  ᠬᠤᠳᠠ ᠶᠢᠨ ᠨᠠᠮ ᠤᠨ ᠬᠤᠷᠢᠶᠠᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠠᠮᠢᠶ᠎ᠠ ᠪᠦᠬᠦᠢ ᠳᠦᠷᠢᠮ ᠲᠤᠭᠲᠠᠭᠠᠯ ᠵᠡᠷᠭᠡ ᠪᠠᠷ ᠭᠤᠣᠯ ᠠᠭᠤᠯᠭ᠎ᠠ ᠪᠤᠯᠭᠠᠨ᠂   ᠬᠠᠤᠯᠢ ᠪᠠᠷ ᠵᠠᠰᠠᠬᠤ ᠲᠠᠨᠢᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠤᠯᠴᠠᠭ᠎ᠠ ᠶᠢᠨ ᠦᠷ᠎ᠡ ᠪᠦᠲᠦᠭᠡᠯ ᠢᠶᠠᠨ ᠡᠯ᠎ᠡ ᠲᠠᠯ᠎ᠠ ᠶᠢᠨ ᠠᠵᠢᠯ ᠢᠶᠠᠨ ᠰᠠᠶᠢᠲᠤᠷ ᠪᠡᠶᠡᠯᠡᠭᠦᠯᠬᠦ ᠬᠦᠴᠦᠷᠬᠡᠭ ᠶᠡᠭᠡ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠤ᠂  ᠤᠷᠤᠯᠳᠤᠭᠠᠨ ᠢᠶᠠᠷ ᠳᠠᠮᠵᠢᠵᠤ᠂  ᠴᠢᠭᠡᠴᠢ ᠵᠠᠰᠠᠭ ᠤᠨ ᠪᠠᠶᠢᠭᠤᠯᠤᠯᠲᠠ ᠶᠢᠨ  ᠰᠤᠷᠤᠯᠴᠠᠬᠤ ᠤᠷᠮ᠎ᠠ ᠵᠣᠷᠢᠭ ᠪᠠ  ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃   ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠪᠠ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠤᠯᠯᠠᠬᠤ ᠬᠠᠷᠢᠭᠤᠴᠠᠯᠭ᠎ᠠ ᠶᠢᠨ ᠠᠵᠢᠯ ᠤᠨ ᠲᠤᠭᠲᠠᠯᠴᠠᠭ᠎ᠠ ᠶᠢ ᠪᠠᠶᠢᠭᠤᠯᠪᠠ᠃  ︽2018  ᠣᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠤᠬᠠᠭᠤᠯᠤᠨ ᠬᠦᠮᠦᠵᠢᠭᠦᠯᠬᠦ ᠣᠨ ᠤ ᠠᠵᠢᠯᠯᠠᠭᠠᠨ ᠤ ᠲᠥᠰᠦᠪ︾᠂ ︽2018 ᠣᠨ ᠤ ᠶᠤᠸᠠᠨ ᠪᠤᠤ ᠱᠠᠨ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶᠠᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠭᠤᠣᠯᠳᠠᠯᠭ᠎ᠠ ᠪᠠ ᠡᠭᠦᠷᠭᠡ ᠶᠢᠨ ᠬᠤᠪᠢᠶᠠᠷᠢᠯᠠᠯ︾ ᠪᠠ ︽ᠶᠤᠸᠠᠨ ᠪᠤᠤ ᠱᠠᠨ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ  ︿ ᠬᠤᠣᠰ ᠬᠠᠷᠢᠭᠤᠴᠠᠯᠭ᠎ᠠ﹀ ᠎ ᠶᠢᠨ  ᠲᠤᠳᠤᠷᠬᠠᠢ ᠬᠠᠭᠤᠳᠠᠰᠤ︾ ᠎ ᠶᠢ ᠲᠤᠭᠲᠠᠭᠠᠵᠤ᠂ ᠨᠠᠮ ᠤᠨ ᠤᠳᠤᠷᠢᠳᠬᠤ ᠳᠤᠭᠤᠶᠢᠯᠠᠩ᠂  ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠭᠡᠰᠢᠭᠦᠨ᠂ ᠲᠤᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠭᠤᠣᠯ ᠬᠠᠷᠢᠭᠤᠴᠠᠯᠭ᠎ᠠ ᠵᠢᠴᠢ ᠰᠠᠬᠢᠯᠭ᠎ᠠ ᠪᠠᠲᠤ ᠬᠢᠨᠠᠨ ᠪᠠᠶᠢᠴᠠᠭᠠᠬᠤ ᠬᠢᠨᠠᠨ  ᠱᠠᠭᠠᠷᠳᠠᠬᠤ ᠬᠠᠷᠢᠭᠤᠴᠠᠯᠭ᠎ᠠ ᠵᠡᠷᠭᠡ  ᠨᠡᠶᠢᠲᠡ81 ᠲᠦᠷᠥᠯ ᠢ ᠲᠤᠳᠤᠷᠬᠠᠶᠢᠯᠠᠵᠠᠢ᠃ ᠲᠤᠭᠲᠠᠭᠰᠠᠨ ᠬᠤᠭᠤᠴᠠᠭ᠎ᠠ ᠲᠠᠢ ᠪᠠᠷ ᠴᠢᠭᠡᠴᠢ ᠵᠠᠰᠠᠭ ᠤᠨ  ᠰᠡᠩᠬᠡᠷᠡᠭᠦᠯᠬᠦ ᠶᠠᠷᠢᠯᠴᠠᠭ᠎ᠠ ᠦᠷᠨᠢᠭᠦᠯᠵᠦ᠂  ᠪᠦᠬᠦ ᠲᠤᠪᠴᠢᠶᠠᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠤᠤᠷᠵᠢᠯ ᠢ ᠪᠦᠷᠬᠦᠭᠦᠯᠦᠭᠰᠡᠨ ᠪᠠᠶᠢᠨ᠎ᠠ᠃  ᠳᠦᠷᠢᠮ ᠲᠤᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂  ᠺᠠᠳ᠋ᠷ ᠤᠨ ᠰᠡᠩᠬᠡᠷᠡᠭᠦᠯᠬᠦ ᠶᠠᠷᠢᠯᠴᠠᠭ᠎ᠠ ᠂ ᠲᠤᠰᠢᠶᠠᠯ ᠲᠤᠭᠠᠴᠠᠬᠤ᠂  ᠬᠤᠪᠢ ᠬᠦᠮᠦᠨ ᠤ ᠴᠢᠬᠤᠯᠠ ᠶᠡᠭᠡ ᠬᠡᠷᠡᠭ ᠤᠴᠠᠷ ᠢᠶᠠᠨ ᠮᠡᠳᠡᠭᠦᠯᠬᠦ ᠵᠡᠷᠭᠡ ᠳᠦᠷᠢᠮ ᠤᠨ ᠨᠠᠶᠢᠳᠠᠪᠤᠷᠢᠵᠢᠭᠤᠯᠤᠯᠲᠠ ᠶᠢ  ᠠᠳᠬᠤᠨ᠂  ᠴᠢᠭᠡᠴᠢ ᠵᠠᠰᠠᠭ ᠤᠨ ᠬᠢᠨᠠᠨ ᠱᠠᠭᠠᠷᠳᠠᠬᠤ  ᠨᠠᠶᠢᠳᠠᠪᠤᠷᠢᠯᠠᠭᠤᠯᠬᠤ ᠶᠢ ᠪᠠᠲᠤᠯᠠᠵᠠᠢ᠃    ᠳᠥᠷᠪᠡ ᠳᠤ᠂  ᠴᠢᠭᠡᠴᠢ ᠵᠠᠰᠠᠭ ᠤᠨ ᠬᠦᠮᠦᠵᠢᠯ ᠢ ᠦᠷᠨᠢᠭᠦᠯᠪᠡ᠃  ᠳᠦᠷᠪᠡᠨ ᠰᠠᠷ᠎ᠠ ᠳᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠦᠮᠦᠵᠢᠯ ᠤᠨ ᠶᠡᠭᠡ ᠬᠤᠷᠠᠯ ᠢ ᠬᠤᠷᠠᠯᠳᠤᠭᠤᠯᠤᠨ᠂  ︽ ᠪᠦᠬᠦ ᠲᠤᠭᠤᠷᠢᠭ ᠤᠨ ᠰᠠᠯᠠᠭᠠᠨ ᠳᠡᠰ ᠠᠴᠠ ᠳᠡᠭᠡᠭᠰᠢᠬᠢ ᠺᠠᠳ᠋ᠷ ᠤᠨ ᠰᠡᠷᠡᠮᠵᠢᠯᠡᠭᠦᠯᠦᠨ ᠬᠦᠮᠦᠵᠢᠭᠦᠯᠬᠦ ᠶᠡᠭᠡ ᠬᠤᠷᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠮᠡᠳᠡᠭᠦᠯᠦᠯᠲᠡ︾ ᠎ ᠶᠢ ᠨᠠᠷᠢᠨ ᠬᠢᠨᠠᠮᠠᠭᠠᠢ ᠰᠤᠷᠤᠯᠴᠠᠨ᠂  ᠪᠡᠶ᠎ᠡ ᠶᠢᠨ ᠬᠠᠪᠢ ᠲᠠᠬᠢ ᠨᠡᠶᠢᠲᠡᠯᠢᠭ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂  ᠬᠡᠷᠡᠭ ᠢᠶᠠᠷ ᠬᠢᠨᠠᠯᠲᠠ ᠪᠤᠯᠭᠠᠨ᠂  ᠭᠦᠨᠵᠡᠭᠡᠢ ᠰᠡᠭᠡᠭᠡᠷᠡᠵᠦ᠂  ︽ ᠳᠦᠷᠪᠡᠨ ᠵᠦᠢᠯ ᠤᠨ ᠰᠠᠬᠢᠯᠭ᠎ᠠ︾ ᠎ ᠶᠢ ᠴᠢᠩᠭᠠᠳᠬᠠᠨ᠂  ︽ ᠳᠦᠷᠪᠡᠨ ᠤᠬᠠᠮᠰᠠᠷ︾ ᠎ ᠢ ᠪᠤᠢ ᠪᠤᠯᠭᠠᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠬᠦᠮᠦᠵᠢᠯ ᠢ ᠦᠨᠡᠩᠬᠦ ᠴᠢᠩᠭᠠᠳᠬᠠᠵᠤ᠂ ᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠢᠨᠠᠷ ᠢ ᠡᠭᠦᠷᠢᠳᠡ ᠪᠠᠲᠤᠯᠠᠨ᠂  ᠲᠥᠪ ᠬᠤᠷᠢᠶᠠᠨ ᠤ ᠨᠠᠢᠮᠠᠨ ᠵᠤᠷᠪᠤᠰ ᠳᠦᠷᠢᠮ  ᠲᠤᠭᠲᠠᠭᠠᠯ ᠤᠨ ᠵᠣᠷᠢᠭ ᠰᠠᠨᠠᠭ᠎ᠠ ᠶᠢ ᠡᠭᠦᠷᠢᠳᠡ ᠨᠠᠶᠢᠳᠠᠪᠤᠷᠢᠵᠢᠭᠤᠯᠤᠨ᠂  ᠪᠦᠬᠦ ᠲᠤᠪᠴᠢᠶᠠᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠰᠠᠶᠢᠨ ᠤᠷᠴᠢᠨ ᠢ ᠪᠤᠢ ᠪᠤᠯᠭᠠᠪᠠ᠃ 
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1