| | ᠲᠤᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠨᠢ ᠦᠪᠡᠷᠲᠡᠭᠡᠨ ᠵᠠᠰᠠᠬᠤ ᠤᠷᠤᠨ ᠤ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ 257 ᠲᠤᠭᠠᠲᠤ ᠪᠢᠴᠢᠭ ᠮᠠᠲ᠋ᠧᠷᠢᠶᠠᠯ | ᠤᠨ ᠵᠣᠷᠢᠭ ᠰᠠᠨᠠᠭ᠎ᠠ ᠪᠤᠯᠤᠨ ᠬᠤᠳᠠ ᠶᠢᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠬᠠᠮᠢᠶ᠎ᠠ ᠪᠦᠬᠦᠢ | ᠱᠠᠭᠠᠷᠳᠠᠯᠭ᠎ᠠ ᠶᠢ ᠦᠨᠳᠦᠰᠦᠯᠡᠨ᠂ ᠪᠠᠶᠢᠭᠤᠯᠭ᠎ᠠ ᠬᠤᠪᠢᠶᠠᠨ ᠬᠠᠷᠠᠯᠲᠠ᠂ ᠭᠦᠢᠴᠡᠳᠬᠡᠬᠦ ᠴᠠᠭ ᠢ ᠲᠤᠳᠤᠷᠬᠠᠶᠢᠯᠠᠨ᠂ | ᠵᠤᠬᠢᠶᠠᠨ ᠪᠠᠶᠢᠭᠤᠯᠤᠯᠲᠠ ᠶᠢᠨ ᠵᠤᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠠᠪᠴᠤ᠂ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ | ᠦᠭᠡᠷᠡᠴᠢᠯᠡᠯᠲᠠ ᠶᠢᠨ ᠪᠡᠯᠡᠳᠬᠡᠯ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠤᠭᠲᠠᠭᠰᠠᠨ ᠴᠠᠭ ᠤᠨ ᠳᠤᠲᠤᠷ᠎ᠠ | ᠠᠵᠢᠯ ᠤᠨ ᠡᠭᠦᠷᠭᠡ ᠪᠠᠨ ᠪᠡᠶᠡᠯᠡᠭᠦᠯᠵᠡᠢ᠃ | ᠨᠢᠭᠡ ᠳᠤ᠂ ᠤᠳᠤᠷᠢᠳᠤᠯᠭ᠎ᠠ ᠪᠠᠨ ᠴᠢᠩᠭᠠᠳᠬᠠᠨ᠂ ᠵᠤᠬᠢᠴᠠᠭᠤᠯᠤᠨ ᠠᠬᠢᠭᠤᠯᠪᠠ᠃ ᠠᠵᠢᠯ ᠤᠨ | ᠡᠭᠦᠷᠭᠡ ᠪᠠᠨ ᠴᠢᠨᠠᠷᠲᠠᠢ ᠪᠡᠶᠡᠯᠡᠭᠦᠯᠬᠦ ᠶᠢᠨ ᠲᠦᠯᠦᠭᠡ᠂ ᠲᠤᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ | ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠠᠬᠢᠭᠤᠯᠤᠨ᠂ ᠬᠦᠳᠡᠯᠦᠩᠭᠦᠢ ᠪᠠᠷ ᠡᠳ᠋ ᠤᠨ | ᠵᠠᠰᠠᠭ᠂ ᠤᠷᠤᠨ ᠨᠤᠲᠤᠭ ᠤᠨ ᠭᠠᠶᠢᠯᠢ᠂ ᠪᠠᠩᠭᠢ ᠵᠡᠷᠭᠡ ᠰᠠᠯᠠᠭ᠎ᠠ ᠮᠦᠴᠢᠷ ᠲᠠᠢ ᠬᠠᠷᠢᠯᠴᠠᠵᠤ᠂ ᠲᠤᠬᠠᠶᠢᠯᠠᠭᠰᠠᠨ | ᠠᠵᠢᠯ ᠢᠶᠠᠨ ᠳᠤᠷᠢᠮᠵᠢᠭᠦᠯᠦᠨ᠂ ᠬᠠᠮᠲᠤᠪᠡᠷ ᠠᠵᠢᠯ ᠢᠶᠠᠨ ᠠᠬᠢᠭᠤᠯᠪᠠ᠃ | ᠬᠤᠶᠠᠷ ᠲᠤ᠂ ᠴᠠᠭ ᠬᠤᠭᠤᠴᠠᠭ᠎ᠠ ᠶᠢ ᠮᠦᠷᠳᠡᠨ᠂ ᠦᠷ᠎ᠡ ᠠᠰᠢᠭ ᠢ ᠴᠢᠬᠤᠯᠠᠴᠢᠯᠠᠪᠠ᠃ ᠨᠡᠶᠢᠭᠡᠮ ᠤᠨ | ᠪᠠᠲᠤᠯᠠᠭ᠎ᠠ ᠶᠢᠨ ᠲᠤᠪᠴᠢᠶ᠎ᠠ ᠨᠢ ᠬᠤᠳᠠ ᠶᠢᠨ ᠲᠤᠪᠴᠢᠶᠠᠨ ᠤ 2018 ᠣᠨ ᠤ 6 ᠰᠠᠷ᠎ᠠ ᠶᠢᠨ ᠰᠡᠭᠦᠯᠴᠢ ᠪᠠᠷ | ᠲᠠᠭᠤᠰᠬᠠᠬᠤ ᠱᠠᠭᠠᠷᠳᠠᠯᠭ᠎ᠠ ᠶᠤᠰᠤᠭᠠᠷ᠂ ᠪᠦᠬᠦ ᠲᠤᠭᠤᠷᠢᠭ ᠤᠨ 157 ᠳᠠᠭᠠᠳᠬᠠᠯ ᠳᠤ ᠣᠷᠤᠬᠤ ᠨᠢᠭᠡᠴᠡ ᠳᠤ | ᠲᠤᠰ ᠪᠦᠷᠢ ᠳᠤ ᠨᠢ ᠬᠤᠭᠤᠴᠠᠭ᠎ᠠ ᠲᠤᠭᠲᠠᠭᠠᠨ ᠥᠭᠴᠦ ᠱᠠᠭᠠᠷᠳᠠᠵᠠᠢ᠃ ᠪᠡᠯᠡᠳᠬᠡᠯ ᠠᠵᠢᠯ ᠠᠴᠠ ᠡᠮᠦᠨᠡᠬᠢ | ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠬᠤᠶᠠᠷ ᠬᠤᠭᠤᠴᠠᠭ᠎ᠠ ᠡᠷᠬᠢᠯᠡᠨ᠂ qq ᠬᠤᠯᠪᠤᠭ᠎ᠠ᠂ ᠸᠢᠴᠠᠲ | ᠠᠵᠢᠯᠯᠠᠬᠤ ᠴᠤᠭᠯᠠᠷᠠᠯ ᠵᠡᠷᠭᠡ ᠶᠢ ᠪᠠᠶᠢᠭᠤᠯᠤᠨ᠂ ᠴᠠᠭ ᠲᠤᠬᠠᠢ ᠳᠤ ᠨᠢ ᠲᠦᠷᠥ ᠶᠢᠨ ᠪᠣᠳᠤᠯᠭ᠎ᠠ ᠪᠠ | ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠵᠦ᠂ ᠪᠡᠯᠡᠳᠬᠡᠯ ᠬᠤᠭᠤᠴᠠᠭᠠᠨ ᠳᠠᠬᠢ ᠲᠠᠰᠤᠯᠠᠨ ᠪᠣᠳᠤᠬᠤ | ᠠᠵᠢᠯ ᠶᠢ ᠰᠠᠶᠢᠲᠤᠷ ᠭᠦᠢᠴᠡᠳᠬᠡᠬᠦ ᠳᠤ ᠲᠤᠰᠠᠯᠠᠮᠵᠢ ᠪᠤᠯᠤᠭᠰᠠᠨ ᠪᠠᠶᠢᠨ᠎ᠠ᠃ | ᠭᠤᠷᠪᠠ ᠳᠤ᠂ ᠲᠤᠭ᠎ᠠ ᠪᠠᠷᠢᠮᠲᠠ ᠶᠢᠨ ᠵᠥᠪ ᠤᠨᠤᠪᠴᠢᠲᠠᠢ ᠪᠠᠶᠢᠬᠤ ᠶᠢ ᠪᠠᠲᠤᠯᠠᠪᠠ᠃ ᠲᠤᠭᠤᠷᠢᠭ ᠤᠨ | ᠨᠠᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠨᠢ ᠲᠦᠷᠥ ᠶᠢᠨ ᠪᠣᠳᠤᠯᠭ᠎ᠠ ᠶᠢᠨ ᠱᠠᠭᠠᠷᠳᠠᠯᠭ᠎ᠠ ᠶᠤᠰᠤᠭᠠᠷ᠂ | ᠳᠠᠭᠠᠳᠬᠠᠯ ᠳᠤ ᠣᠷᠤᠬᠤ ᠨᠢᠭᠡᠴᠡ ᠶᠢᠨ 2014 ᠣᠨ ᠠᠴᠠ 2018 ᠣᠨ ᠪᠤᠯᠲᠠᠯᠠᠬᠢ ᠡᠯ᠎ᠡ ᠵᠢᠯ ᠤᠨ | ᠰᠦᠢᠳᠬᠡᠯ ᠲᠤᠰᠢᠶᠠᠭᠰᠠᠨ ᠰᠠᠭᠤᠷᠢ ᠲᠤᠭ᠎ᠠ ᠶᠢ ᠦᠨᠳᠦᠰᠦᠯᠡᠨ᠂ ᠡᠯ᠎ᠡ ᠪᠠᠶᠢᠭᠤᠯᠭ᠎ᠠ ᠶᠢᠨ ᠮᠡᠳᠡᠭᠦᠯᠦᠭᠰᠡᠨ | ᠠᠵᠢᠯ ᠤᠨ ᠪᠠᠶᠢᠷᠢ ᠳᠤ ᠪᠠᠶᠢᠭ᠎ᠠ ᠬᠦᠮᠦᠨ᠂ ᠠᠮᠠᠷᠠᠯᠲᠠ ᠢᠶᠠᠨ ᠠᠪᠤᠭᠰᠠᠨ ᠬᠦᠮᠦᠨ ᠤ ᠰᠤᠷᠠᠭ ᠵᠠᠩᠭᠢ ᠶᠢ ᠨᠠᠷᠢᠯᠢᠭ | ᠬᠠᠷᠠᠭᠤᠯᠤᠨ᠂ ᠳᠠᠭᠠᠳᠬᠠᠯ ᠤᠨ ᠮᠦᠩᠭᠦ ᠪᠠ ᠳᠠᠩᠰᠠᠨ ᠳ᠋ᠤᠭᠠᠷ ᠤᠨ ᠤᠨᠤᠪᠴᠢᠲᠠᠢ ᠪᠠᠶᠢᠬᠤ ᠶᠢ ᠪᠠᠲᠤᠯᠠᠵᠠᠢ᠃ | ᠣᠳᠤ ᠪᠣᠯᠬᠤ ᠳᠤ᠂ ᠪᠦᠬᠦ ᠲᠤᠭᠤᠷᠢᠭ ᠤᠨ157 ᠳᠠᠭᠠᠳᠬᠠᠯ ᠳᠤ ᠣᠷᠤᠬᠤ ᠨᠢᠭᠡᠴᠡ ᠨᠢ ᠪᠦᠬᠦᠨ ᠢᠶᠠᠷ ᠢᠶᠠᠨ | ᠳᠠᠭᠠᠳᠬᠠᠯ ᠲᠠᠲᠠᠪᠤᠷᠢᠯᠠᠨᠲ᠋ᠤᠰᠢᠶᠠᠬᠤ ᠬᠡᠪ ᠤᠨ ᠪᠠᠶᠢᠳᠠᠯ ᠳᠤ ᠤᠷᠤᠭᠰᠠᠨ ᠪᠠᠶᠢᠨ᠎ᠠ᠃ 6 ᠰᠠᠷ᠎ᠠ ᠤᠨ ᠡᠴᠦᠰ | ᠪᠤᠯᠲᠠᠯ᠎ᠠ᠂ 2572 ᠬᠦᠮᠦᠨ ᠳᠤ ᠨᠢᠭᠡ ᠮᠢᠩᠭ᠎ᠠ ᠬᠤᠶᠠᠷ ᠵᠠᠭᠤ ᠢᠯᠡᠭᠦᠦ ᠲᠦᠮᠡᠨ ᠲᠦᠭᠦᠷᠢᠭ ᠤᠨ ᠨᠠᠰᠤᠵᠢᠯ ᠤᠨ | ᠳᠠᠭᠠᠳᠬᠠᠯ ᠤᠯᠭᠤᠭᠰᠠᠨ ᠪᠠᠶᠢᠨ᠎ᠠ᠃ | |