【ᠲᠤᠪᠴᠢ ᠮᠡᠳᠡᠭᠡ】ᠮᠠᠨ ᠤ ᠲᠤᠭᠤᠷᠢᠭ ᠨᠢ ᠳᠡᠭᠡᠷ᠎ᠡ ᠬᠠᠭᠠᠰ ᠵᠢᠯ ᠳᠤ ᠲᠠᠷᠢᠶᠠᠯᠠᠩ ᠢ ᠳᠡᠮᠵᠢᠬᠦ ᠨᠦᠬᠦᠪᠦᠷᠢ ᠮᠦᠩᠭᠦ 7099 ᠲᠦᠮᠡ ᠲᠠᠷᠬᠠᠭᠠᠪᠠ
ᠨᠡᠶᠢᠲᠡᠯᠡᠭᠰᠡᠨ ᠴᠠᠭ᠄
2018/7/5
    ᠵᠢᠯ ᠠᠴᠠ ᠨᠠᠰᠢ᠂ ᠮᠠᠨ ᠲᠤᠭᠤᠷᠢᠭ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠷ ᠡᠳ᠋ ᠤᠨ ᠵᠠᠰᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠴᠢᠬᠤᠯᠠ ᠠᠷᠭ᠎ᠠ ᠪᠠᠷᠢᠯ ᠪᠤᠯᠭᠠᠵᠤ᠂  ︽ ᠦᠨᠳᠦᠰᠦ ᠶᠢ ᠪᠠᠲᠤᠯᠠᠨ᠂ ᠰᠠᠭᠤᠷᠢ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠬᠤ︾ ᠎ ᠶᠢ ᠪᠠᠷᠢᠮᠲᠠᠯᠠᠨ᠂  ᠪᠠᠯᠭᠠᠰᠤ ᠰᠢᠶᠠᠩ ᠤᠨ ᠲᠤᠰᠬᠤᠨ ᠳᠠᠭᠠᠭᠠᠴᠢᠯᠠᠭᠰᠠᠨ  ᠺᠠᠳ᠋ᠷ ᠲᠠᠷᠢᠶᠠᠯᠠᠩ ᠳᠤ ᠬᠤᠯᠪᠤᠭᠳᠠᠬᠤ ᠪᠡᠯᠡ ᠮᠦᠩᠭᠦ ᠶᠢ ᠬᠢᠨᠠᠨ ᠬᠠᠮᠢᠶᠠᠷᠬᠤ ᠲᠤᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂  ᠲᠤᠭᠤᠷᠢᠭ ᠪᠠᠯᠭᠠᠰᠤ ᠲᠤᠰᠬᠤᠨ ︽ ᠭᠤᠷᠪᠠᠨ ᠱᠠᠲᠤᠨ︾ ᠎ ᠤ ᠢᠯᠡ ᠨᠡᠶᠢᠲᠡᠯᠡᠬᠦ ᠬᠦᠴᠦᠯᠡᠴᠡ ᠪᠠᠨ ᠴᠢᠩᠭᠠᠷᠠᠭᠤᠯᠵᠤ᠂  ᠡᠳ᠋ ᠤᠨ ᠵᠠᠰᠠᠭ ᠤᠨ ᠲᠠᠷᠢᠶᠠᠯᠠᠩ ᠢ ᠳᠡᠮᠵᠢᠬᠦ ᠰᠢᠭᠤᠳ ᠨᠡᠪᠲᠡᠷᠡᠬᠦ ᠵᠠᠮ ᠢᠶᠠᠷ ᠪᠡᠯᠡ ᠮᠦᠩᠭᠦ ᠶᠢᠨ ᠬᠠᠮᠢᠶᠠᠷᠤᠯᠲᠠ ᠪᠠ ᠲᠠᠷᠬᠠᠭᠠᠬᠤ ᠠᠵᠢᠯ ᠢ ᠯᠠᠪᠳᠠᠭᠤᠨ ᠪᠠᠲᠤᠲᠠᠢ ᠬᠢᠭᠰᠡᠨ ᠪᠠᠶᠢᠨ᠎ᠠ᠃      6   ᠰᠠᠷ᠎ᠠ ᠶᠢᠨ ᠡᠴᠦᠰ ᠪᠤᠯᠲᠠᠯ᠎ᠠ᠂  ᠮᠠᠨ ᠤ ᠲᠤᠭᠤᠷᠢᠭ ᠨᠢ  ︽ ᠨᠢᠬᠡᠯᠡ ᠺᠠᠷᠲ︾ ᠎ ᠢᠶᠠᠷ ᠳᠠᠮᠵᠢᠭᠤᠯᠤᠨ7099.13 ᠲᠦᠮᠡᠨ ᠨᠦᠬᠦᠪᠦᠷᠢ ᠮᠦᠩᠭᠦ ᠶᠢ ᠲᠠᠷᠬᠠᠭᠠᠵᠤ᠂  ᠲᠠᠷᠢᠶᠠᠯᠠᠩ᠂ ᠤᠢ ᠰᠢᠭᠤᠢ᠂ ᠠᠷᠠᠳ ᠤᠨ ᠶᠠᠪᠤᠳᠠᠯ᠂  ᠤᠷᠤᠨ ᠰᠠᠭᠤᠴᠠ ᠪᠠ ᠪᠦᠲᠦᠭᠡᠨ ᠪᠠᠶᠢᠭᠤᠯᠤᠯᠲᠠ᠂  ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂  ᠰᠤᠷᠭᠠᠨ ᠬᠦᠮᠦᠵᠢᠯ᠂  ᠵᠡᠮᠳᠡᠭᠴᠦᠳ ᠤᠨ ᠬᠤᠯᠪᠤᠭ᠎ᠠ ᠵᠡᠷᠭᠡ ᠤᠯᠠᠨ ᠰᠠᠯᠠᠭ᠎ᠠ ᠮᠦᠴᠢᠷ ᠤᠨ 10  ᠲᠤᠮᠤ ᠬᠦᠷᠢᠶ᠎ᠡ  ᠴᠠᠷ᠎ᠠ ᠶᠢᠨ 191  ᠲᠦᠷᠥᠯ 238 ᠵᠦᠢᠯ ᠪᠠᠭᠲᠠᠵᠤ᠂  ᠲᠠᠷᠢᠶᠠᠴᠢᠨ ᠡᠷᠦᠬᠡ ᠶᠢᠨ 20.65 ᠲᠦᠮᠡᠨ ᠬᠦᠮᠦᠨ ᠤᠳᠠᠭ᠎ᠠ ᠳᠤ ᠬᠦᠷᠦᠭᠰᠡᠨ ᠪᠠᠶᠢᠨ᠎ᠠ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1