ᠮᠠᠨ ᠤ ᠲᠤᠭᠤᠷᠢᠭ ᠨᠢ ᠪᠦᠬᠦ ᠤᠯᠤᠰ ᠤᠨ ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠨᠳᠠᠭᠠᠶᠢᠯᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2018/7/5
    ᠥᠷᠭᠡᠨ ᠤᠯᠠᠨ ᠠᠷᠠᠳ ᠲᠦᠮᠡᠨ ᠤ ᠬᠤᠣᠷ ᠢ ᠲᠠᠨᠢᠬᠤ᠂ ᠰᠡᠷᠭᠡᠶᠢᠯᠡᠬᠦ᠂ ᠬᠤᠷᠢᠭᠯᠠᠬᠤ ᠤᠬᠠᠮᠰᠠᠷ ᠢ ᠨᠢ ᠳᠡᠭᠡᠭᠰᠢᠯᠡᠬᠦᠯᠬᠦ ᠶᠢᠨ ᠲᠦᠯᠦᠭᠡ᠂ 31 ᠳ᠋ᠦ᠋ᠭᠡᠷ  ︽16.26︾  ᠤᠯᠠᠨ ᠤᠯᠤᠰ ᠤᠨ ᠬᠤᠣᠷ ᠴᠠᠭᠠᠵᠠᠯᠠᠬᠤ ᠡᠳᠦᠷ ᠎ ᠤᠨ ᠬᠤᠭᠤᠴᠠᠭᠠᠨ ᠳᠤ᠂  ᠮᠠᠨ ᠤ ᠲᠤᠭᠤᠷᠢᠭ ᠨᠢ ᠪᠦᠬᠦ ᠤᠯᠤᠰ ᠤᠨ ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠨᠳᠠᠭᠠᠶᠢᠯᠠᠬᠤ ᠶᠡᠭᠡ ᠬᠤᠷᠠᠯ  ᠵᠢᠴᠢ ᠲᠤᠭᠤᠶᠢᠲᠦ ᠠᠩᠬᠢ ᠶᠢᠨ ᠬᠤᠣᠷ ᠴᠠᠭᠠᠵᠠᠯᠠᠬᠤ ᠲᠤᠮᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭᠠᠨ ᠢ ᠦᠷᠨᠢᠭᠦᠯᠵᠦ᠂  ᠪᠦᠬᠦ ᠠᠷᠠᠳ ᠢᠶᠠᠷ ᠢᠶᠠᠨ ᠬᠤᠣᠷ ᠴᠠᠭᠠᠵᠠᠯᠠᠬᠤ ᠨᠡᠶᠢᠭᠡᠮ ᠤᠨ ᠬᠡᠪ ᠪᠠᠶᠢᠳᠠᠯ ᠎ ᠢ ᠤᠯᠠᠮ ᠨᠢᠭᠡ ᠠᠯᠬᠤᠮ ᠪᠤᠢ ᠪᠤᠯᠭᠠᠵᠠᠢ᠃     ᠡᠨᠡ ᠤᠳᠠᠭᠠᠨ ᠎ ᠤ ᠠᠵᠢᠯᠯᠠᠭᠠᠨ ᠢ ᠲᠤᠭᠤᠷᠢᠭ ᠤᠨ ᠬᠤᠣᠷ ᠴᠠᠭᠠᠵᠠᠯᠠᠬᠤ ᠠᠯᠪᠠᠨ ᠭᠡᠷ ᠠᠴᠠ ᠰᠠᠨᠠᠭᠠᠴᠢᠯᠠᠵᠤ᠂  ᠲᠤᠭᠤᠷᠢᠭ ᠤᠨ ᠲᠤᠭᠤᠢ  ᠲᠡᠷᠭᠡᠲᠡᠨ ᠤ  ᠨᠡᠶᠢᠭᠡᠮᠯᠢᠭ ᠠᠴᠠ ᠵᠤᠬᠢᠶᠠᠨ ᠪᠠᠶᠢᠭᠤᠯᠵᠠᠢ᠃  ᠠᠵᠢᠯᠯᠠᠭᠠᠨ ᠤ ᠳᠤᠮᠳᠠ᠂  ᠲᠤᠭᠤᠶᠢᠲᠤ ᠠᠩᠬᠢ ᠨᠢ ᠨᠢᠭᠡᠲᠦᠯᠲᠡᠢ ᠬᠤᠪᠴᠠᠰᠤ ᠮᠠᠯᠠᠭᠠᠢ ᠡᠮᠦᠰᠴᠦ᠂  ᠲᠤᠭ ᠳᠠᠯᠪᠠᠭ᠎ᠠ ᠨᠠᠮᠢᠷᠠᠭᠤᠯᠤᠨ᠂ ᠴᠤᠭ ᠵᠢᠪᠬᠤᠭ᠎ᠠ ᠲᠠᠢ ᠪᠠᠷ  ᠫᠢᠩᠵᠤᠸᠠᠩ ᠰᠢᠨ᠎ᠡ ᠬᠤᠳᠠ ᠲᠤᠭᠤᠷᠢᠭ ᠤᠨ ᠬᠤᠢ ᠨᠢᠩ ᠰᠡᠯᠡᠭᠦᠴᠡᠯ ᠤᠨ ᠠᠭᠤᠳᠠᠮ ᠲᠠᠯᠠᠪᠠᠢ ᠠᠴᠠ ᠭᠠᠷᠴᠤ᠂  ᠫᠢᠩᠵᠤᠸᠠᠩ ᠬᠤᠳᠠ ᠶᠢ ᠪᠦᠲᠦᠨ ᠨᠢᠭᠡ ᠲᠤᠭᠤᠷᠢᠨ ᠵᠠᠮᠨᠠᠭᠰᠠᠨ ᠪᠠᠶᠢᠨ᠎ᠠ᠃  ᠡᠨᠡᠬᠦ ᠠᠵᠢᠯᠯᠠᠭᠠᠨ ᠢᠶᠠᠷ ᠳᠠᠮᠵᠢᠭᠤᠯᠵᠤ᠂ ᠪᠦᠬᠦ ᠬᠤᠳᠠ ᠶᠢᠨ ᠤᠯᠠᠨ ᠲᠦᠮᠡᠨ ᠢ  ᠬᠤᠣᠷ ᠢ ᠵᠠᠪᠠᠯ ᠬᠤᠷᠢᠭᠯᠠᠨ ᠴᠠᠭᠠᠵᠠᠯᠠᠰᠤᠭᠠᠢ ᠭᠡᠵᠦ ᠤᠷᠢᠶᠠᠯᠠᠨ᠂  ᠪᠦᠬᠦ ᠨᠡᠶᠢᠭᠡᠮ ᠢᠶᠠᠷ ᠢᠶᠠᠨ ᠬᠤᠣᠷ ᠴᠠᠭᠠᠵᠠᠯᠠᠬᠤ ᠬᠡᠪ ᠰᠤᠷᠲᠠᠯ ᠢ ᠪᠤᠢ  ᠪᠤᠯᠭᠠᠨ᠂ ᠪᠦᠬᠦ ᠤᠯᠤᠰ ᠤᠨ ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ 
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1