ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠨᠢ ᠨᠠᠰᠤᠲᠠᠶᠢᠴᠤᠳ ᠲᠤ ᠬᠠᠤᠯᠢ ᠴᠠᠭᠠᠵᠠ ᠶᠢᠨ ᠲᠤᠰᠠᠯᠠᠮᠵᠢ  ᠦᠵᠡᠭᠦᠯᠦᠨ ᠡᠷᠬᠡ ᠠᠰᠢᠭ ᠢ ᠨᠢ ᠬᠠᠮᠠᠭᠠᠯᠠᠬᠤ ᠠᠵᠢᠯ ᠢ ᠢᠳᠡᠪᠬᠢᠲᠡᠢ ᠬᠢᠵᠦ ᠪᠤᠢ
ᠨᠡᠶᠢᠲᠡᠯᠡᠭᠰᠡᠨ ᠴᠠᠭ᠄
2018/7/9
    ᠶᠤᠸᠠᠨ ᠪᠤᠤ ᠱᠠᠨ ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠨᠢ ᠨᠠᠰᠤᠲᠠᠶᠢᠴᠤᠳ ᠲᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂  ᠨᠠᠰᠤᠲᠠᠶᠢᠴᠤᠳ ᠢ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠭᠤᠣᠯᠳᠠᠯᠭ᠎ᠠ ᠲᠠᠢ ᠦᠢᠯᠡᠴᠢᠯᠡᠭᠡᠨ ᠤ ᠡᠲᠡᠭᠡᠳ ᠪᠤᠯᠭᠠᠨ᠂ ᠲᠡᠳᠡᠨᠡᠷ ᠤᠨ ᠬᠠᠤᠯᠢ ᠶᠢᠨ ᠡᠷᠬᠡ ᠠᠰᠢᠭ ᠢ ᠨᠢ ᠬᠠᠮᠠᠭᠠᠯᠠᠬᠤ ᠪᠠᠷ ᠠᠵᠢᠯ ᠤᠨ ᠭᠤᠤᠯᠳᠠᠯᠭ᠎ᠠ ᠪᠠᠨ ᠪᠤᠯᠭᠠᠵᠤ ᠂  ᠠᠵᠢᠯ ᠤᠨ ᠠᠭᠤᠯᠭ᠎ᠠ ᠪᠠᠨ ᠪᠠᠶᠠᠯᠢᠭᠵᠢᠭᠤᠯᠤᠨ᠂  ᠲᠡᠳᠡᠨᠡᠷ ᠲᠤ ᠰᠢᠯᠢᠳᠡᠭ ᠪᠦᠲᠦᠮᠵᠢᠲᠡᠢ᠂  ᠳᠦᠭᠦᠮ   ᠲᠦᠷᠭᠡᠨ ᠢᠶᠠᠷ ᠦᠢᠯᠡᠴᠢᠯᠡᠭᠡ ᠦᠵᠡᠭᠦᠯᠬᠦ ᠪᠠᠷ  ᠴᠢᠷᠮᠠᠶᠢᠵᠤ᠂  ᠣᠬᠢ  ᠰᠠᠶᠢᠨ ᠨᠡᠶᠢᠭᠡᠮ ᠤᠨ ᠦᠷ᠎ᠡ ᠠᠰᠢᠭ ᠢ  ᠣᠯᠵᠤ ᠪᠤᠢ᠃  ᠣᠳᠤ  ᠪᠣᠯᠬᠤ ᠳᠤ᠂  ᠠᠰᠠᠷᠠᠨ ᠲᠡᠵᠢᠭᠡᠬᠦ᠂  ᠭᠡᠮᠲᠦᠯ ᠰᠢᠷᠬᠠᠳᠤᠯ ᠤᠨ ᠲᠦᠯᠦᠪᠦᠷᠢ ᠠᠪᠬᠤ᠂  ᠵᠠᠮ ᠬᠠᠷᠢᠯᠴᠠᠭᠠᠨ ᠤ  ᠠᠳᠦᠯ ᠤᠨ ᠲᠦᠯᠦᠪᠦᠷᠢ ᠠᠪᠬᠤ᠂  ᠭᠠᠵᠠᠷ ᠰᠢᠷᠤᠢ  ᠳᠠᠭᠠᠭᠠᠴᠢᠯᠠᠬᠤ ᠵᠡᠷᠭᠡ ᠲᠠᠯ᠎ᠠ ᠪᠠᠷ ᠬᠢ ᠡᠷᠬᠡ ᠠᠰᠢᠭ ᠢ ᠬᠠᠮᠠᠭᠠᠯᠠᠬᠤ ᠬᠡᠷᠡᠭ ᠢ 18  ᠬᠤᠪᠢ ᠬᠦᠯᠢᠶᠡᠵᠦ᠂  ᠲᠤᠰᠠᠯᠠᠮᠵᠢ ᠬᠦᠷᠲᠡᠭᠰᠡᠨ ᠬᠦᠮᠦᠨ 26  ᠬᠦᠷᠪᠡ᠃  ᠡᠯ᠎ᠡ ᠵᠦᠢᠯ ᠤᠨ ᠬᠠᠤᠯᠢ ᠴᠠᠭᠠᠵᠠ ᠶᠢᠨ ᠵᠥᠪᠯᠡᠯᠭᠡ ᠦᠭᠭᠦᠭᠰᠡᠨ 30 ᠭᠠᠷᠤᠢ ᠤᠳᠠᠭ᠎ᠠ ᠪᠠᠶᠢᠵᠤ᠂  ᠤᠬᠠᠭᠠᠯᠠᠭ᠎ᠠ ᠶᠢᠨ ᠮᠠᠲ᠋ᠧᠷᠢᠶᠠᠯ  ᠨᠢᠭᠡ ᠲᠦᠮᠡ ᠢᠯᠡᠭᠦᠦ ᠬᠤᠪᠢ ᠲᠠᠷᠬᠠᠭᠠᠨ᠂  ᠨᠡᠯᠢᠶᠡᠳ‌‍ᠰᠠᠶᠢᠨ ᠦᠷ᠎ᠡ ᠪᠦᠲᠦᠮᠵᠢ ᠶᠢ ᠤᠯᠵᠠᠢ᠃
    ᠨᠢᠭᠡ ᠳᠤ᠂ ᠨᠠᠰᠤᠲᠠᠶᠢᠴᠤᠳ ᠲᠤ ᠤᠷᠢᠳᠠᠪᠡᠷ ᠬᠦᠯᠢᠶᠡᠨ ᠪᠠᠶᠢᠬᠤ᠂ ᠤᠷᠢᠳᠴᠢᠯᠠᠨ  ᠬᠠᠷᠢᠭᠤᠯᠲᠠ ᠥᠭᠬᠦ᠂ ᠤᠷᠢᠳᠠᠪᠡᠷ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠲᠤᠰᠠᠯᠠᠮᠵᠢ ᠶᠢᠨ ᠦᠢᠯᠡᠴᠢᠯᠡᠭᠡᠨ ᠢ  ᠬᠠᠩᠭᠠᠵᠠᠢ᠃ ᠨᠠᠰᠤᠲᠠᠶᠢᠴᠤᠳ  ᠬᠠᠤᠯᠢ ᠴᠠᠭᠠᠵᠠ ᠶᠢᠨ  ᠲᠤᠰᠠᠯᠠᠮᠵᠢ ᠡᠷᠡᠮᠡᠯᠵᠢᠯᠡᠬᠦ ᠦᠶᠡᠰ ᠲᠤ᠂  ᠤᠶᠢᠷᠠᠯᠴᠠᠭ᠎ᠠ ᠪᠠᠶᠢᠭ᠎ᠠ ᠠᠵᠢᠯᠯᠠᠬᠤ ᠦᠷᠲᠡᠭᠡ ᠨᠢ ᠬᠦᠯᠢᠶᠡᠨ ᠠᠪᠴᠤ᠂ ᠠᠩᠬ᠎ᠠ ᠬᠢᠨᠠᠨ ᠪᠠᠶᠢᠴᠠᠭᠠᠯᠲᠠ ᠶᠢ  ᠬᠢᠭᠰᠡᠨ ᠤ ᠳᠠᠷᠠᠭ᠎ᠠ᠂ ᠲᠤᠭᠤᠷᠢᠭ ᠤᠨ ᠲᠤᠰᠠᠯᠠᠮᠵᠢ ᠶᠢᠨ ᠲᠥᠪ ᠲᠤ ᠮᠡᠳᠡᠭᠦᠯᠦᠨ ᠵᠥᠪᠰᠢᠶᠡᠷᠡᠭᠦᠯᠵᠦ ᠲᠤᠬᠠᠢ ᠶᠢᠨ ᠲᠠᠯᠠᠪᠠᠢ ᠳᠤ ᠨᠢ ᠭᠦᠢᠴᠡᠳᠬᠡᠨ᠎ᠡ᠃  ᠦᠨᠳᠦᠷ ᠨᠠᠰᠤᠲᠠᠢ ᠪᠤᠶᠤ  ᠶᠠᠪᠤᠵᠤ ᠰᠠᠭᠤᠬᠤ ᠳᠠᠭᠠᠨ ᠬᠦᠴᠢᠷᠳᠡᠯᠲᠡᠢ  ᠡᠪᠡᠳᠴᠢᠲᠡᠨ ᠵᠡᠮᠳᠡᠭ ᠨᠠᠰᠤᠲᠠᠶᠢᠴᠤᠳ ᠲᠤ ᠤᠳᠠᠰᠤ ᠳᠤ ᠪᠤᠯᠵᠠᠬᠤ ᠪᠤᠶᠤ ᠭᠡᠷ ᠲᠤ ᠨᠢ ᠬᠦᠷᠴᠦ ᠦᠢᠯᠡᠴᠢᠯᠡᠭᠡ  ᠬᠠᠩᠭᠠᠵᠠᠢ᠃  ᠬᠤᠶᠠᠷ ᠲᠤ᠂  ᠲᠤᠰᠠᠯᠠᠮᠵᠢ ᠬᠦᠷᠲᠡᠭᠡᠭᠴᠢ ᠠᠴᠠ ᠨᠠᠰᠤᠲᠠᠶᠢᠴᠤᠳ ᠤᠨ ᠬᠤᠪᠢ ᠪᠡᠶ᠎ᠡ ᠶᠢᠨ ᠡᠷᠬᠡ ᠠᠰᠢᠭ ᠢ ᠬᠠᠮᠠᠭᠠᠯᠠᠬᠤ ᠪᠠᠷ ᠪᠠᠷᠠᠬᠤ ᠦᠭᠡᠢ ᠭᠡᠷ ᠪᠦᠯᠢ ᠶᠢᠨ ᠡᠶ᠎ᠡ ᠵᠣᠬᠢᠴᠠᠯ ᠢ ᠨᠢ ᠪᠠᠰᠠ ᠭᠦᠢᠴᠡᠳ ᠪᠤᠳᠤᠯᠬᠢᠯᠠᠨ᠂  ᠴᠢᠳᠠᠬᠤ ᠶᠢᠨ ᠲᠤᠳᠤᠷ᠎ᠠ ᠡᠶᠡᠳᠡᠭᠦᠯᠬᠦ ᠠᠷᠭ᠎ᠠ ᠪᠠᠷ ᠠᠰᠠᠭᠤᠳᠠᠯ ᠢ ᠰᠢᠢᠳᠪᠦᠷᠢᠯᠡᠨ᠂  ᠵᠠᠷᠭᠤ ᠵᠠᠭᠠᠯᠳᠤᠭᠠᠨ  ᠪᠣᠯᠬᠤ ᠠᠴᠠ  ᠵᠠᠶᠢᠯᠠᠰᠬᠢᠵᠤ ᠴᠢᠳᠠᠭᠰᠠᠨ ᠪᠠᠶᠢᠨ᠎ᠠ᠃ ᠭᠤᠷᠪᠠ ᠳᠤ᠂  ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠴᠢᠳᠠᠪᠤᠷᠢ ᠦᠨᠳᠦᠷ᠂  ᠠᠵᠢᠯ ᠳᠠᠭᠠᠨ ᠴᠢᠩᠭ᠎ᠠ ᠬᠠᠷᠢᠭᠤᠴᠠᠯᠭ᠎ᠠ ᠲᠠᠢ᠂ ᠨᠠᠰᠤᠲᠠᠶᠢᠴᠤᠳ ᠲᠤ ᠦᠢᠯᠡᠴᠢᠯᠡᠬᠦ ᠬᠠᠯᠠᠭᠤᠨ ᠤᠷᠮ᠎ᠠ ᠲᠠᠢ  ᠺᠠᠳ᠋ᠷ ᠠᠵᠢᠯᠴᠢᠨ ᠢ  ᠲᠤᠮᠢᠯᠠᠬᠤ ᠶᠢᠨ ᠬᠠᠮᠲᠤ᠂  ᠲᠤᠰᠠᠯᠠᠮᠵᠢ ᠶᠢᠨ ᠲᠥᠪ ᠠᠴᠠ ᠬᠡᠷᠡᠭ ᠤᠨ ᠲᠤᠬᠠᠢ ᠴᠠᠭ ᠲᠤᠬᠠᠢ ᠳᠤ ᠨᠢ  ᠮᠦᠷᠳᠡᠨ ᠬᠠᠮᠢᠶᠠᠷᠴᠤ᠂  ᠬᠡᠷᠡᠭ ᠲᠤ ᠬᠤᠯᠪᠤᠭᠳᠠᠬᠤ ᠬᠦᠮᠦᠨ ᠪᠠ ᠬᠡᠷᠡᠭ ᠤᠨ ᠳᠠᠩᠰᠠ ᠡᠪᠬᠡᠮᠡᠯ ᠢ ᠲᠠᠬᠢᠨ ᠳᠠᠪᠲᠠᠨ ᠪᠠᠶᠢᠴᠠᠭᠠᠵᠤ᠂  ᠨᠠᠰᠤᠲᠠᠶᠢᠴᠤᠳ ᠤᠨ ᠡᠷᠬᠡ ᠠᠰᠢᠭ ᠢ ᠦᠨᠡᠩᠬᠦ ᠪᠠᠲᠤᠯᠠᠵᠤ ᠴᠢᠳᠠᠭᠰᠠᠨ ᠪᠠᠶᠢᠨ᠎ᠠ᠃  ᠳᠦᠷᠪᠡ ᠳᠤ᠂  ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠨᠡᠶᠢᠭᠡᠮ ᠨᠡᠶᠢᠲᠡ ᠳᠤ ᠰᠠᠶᠢᠲᠤᠷ ᠲᠠᠨᠢᠭᠤᠯᠬᠤ ᠶᠢᠨ ᠲᠦᠯᠦᠭᠡ᠂  ᠬᠠᠤᠯᠢ ᠴᠠᠭᠠᠵᠠ ᠶᠢᠨ ᠤᠬᠠᠭᠤᠯᠭ᠎ᠠ ᠶᠢᠨ ᠡᠳᠦᠷ᠂  ᠪᠠᠶᠠᠷ ᠳᠤᠷᠠᠰᠬᠠᠯ ᠤᠨ ᠡᠳᠦᠷ  ᠵᠡᠷᠭᠡ ᠪᠠᠷ ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠲᠤᠰᠬᠠᠢ ᠰᠡᠳᠦᠪ ᠢᠶᠠᠷ ᠤᠬᠠᠭᠤᠯᠤᠭᠰᠠᠨ ᠪᠠᠶᠢᠨ᠎ᠠ᠃  ᠲᠤᠬᠠᠢ ᠶᠢᠨ ᠲᠠᠯᠠᠪᠤᠷ ᠤᠨ ᠠᠰᠠᠭᠤᠯᠲᠠ ᠬᠠᠷᠢᠭᠤᠯᠲᠠ᠂  ᠬᠡᠷᠡᠭ ᠤᠨ ᠵᠠᠳᠠᠯᠤᠯᠲᠠ ᠬᠢᠬᠦ᠂  ᠬᠠᠤᠯᠢ ᠴᠠᠭᠠᠵᠠ ᠶᠢᠨ ᠶᠠᠷᠢᠶ᠎ᠠ ᠢᠯᠡᠳᠬᠡᠯ ᠬᠢᠬᠦ ᠵᠡᠷᠭᠡ ᠠᠷᠭ᠎ᠠ ᠬᠡᠯᠪᠡᠷᠢ ᠪᠠᠷ᠂  ᠨᠠᠰᠤᠲᠠᠶᠢᠴᠤᠳ ᠲᠤ ᠰᠢᠭᠤᠳ ᠬᠤᠯᠪᠤᠭᠳᠠᠬᠤ ᠠᠰᠠᠷᠠᠵᠤ ᠲᠡᠵᠢᠭᠡᠬᠦ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠎ ᠬᠢ ᠬᠠᠤᠯᠢ ᠴᠠᠭᠠᠵᠠ ᠲᠦᠷᠥ ᠶᠢᠨ ᠪᠣᠳᠤᠯᠭ᠎ᠠ ᠶᠢ  ᠥᠷᠭᠡᠨ ᠢᠶᠠᠷ ᠤᠬᠠᠭᠤᠯᠵᠤ᠂  ᠨᠠᠰᠤᠲᠠᠶᠢᠴᠤᠳ ᠤᠨ ᠦᠪᠡᠷ ᠤᠨ ᠪᠡᠶ᠎ᠡ ᠪᠠᠨ ᠬᠠᠮᠠᠭᠠᠯᠠᠬᠤ ᠤᠬᠠᠮᠰᠠᠷ ᠪᠠ ᠬᠠᠤᠯᠢ ᠴᠠᠭᠠᠵᠠ ᠪᠠᠷ ᠡᠷᠬᠡ ᠠᠰᠢᠭ ᠢᠶᠠᠨ ᠬᠠᠮᠠᠭᠠᠯᠠᠬᠤ ᠲᠠᠨᠢᠯᠲᠠ ᠶᠢ ᠨᠢ ᠳᠡᠭᠡᠭᠰᠢᠯᠡᠭᠦᠯᠪᠡ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1