ᠮᠠᠨ ᠤ ᠲᠤᠭᠤᠷᠢᠭ ᠨᠢ ᠬᠤᠶᠠᠳᠤᠭᠠᠷ ᠬᠤᠭᠤᠴᠠᠭᠠᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠢ ᠬᠦᠴᠦᠯᠡᠨ ᠳᠡᠮᠵᠢᠬᠦ ᠰᠤᠯᠤᠩᠭ᠎ᠠ ᠠᠵᠢᠯᠯᠠᠭᠠᠨ ᠢ ᠡᠬᠢᠯᠡᠭᠦᠯᠪᠡ
ᠨᠡᠶᠢᠲᠡᠯᠡᠭᠰᠡᠨ ᠴᠠᠭ᠄
2018/7/9
   7 ᠰᠠᠷ᠎ᠠ ᠶᠢᠨ 3᠎ ᠤ ᠡᠳᠦᠷ᠂  ᠲᠤᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂  ᠶᠠᠳᠠᠭᠤ ᠶᠢ ᠲᠡᠳᠬᠦᠬᠦ ᠠᠯᠪᠠᠨ ᠭᠡᠷ  ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ ᠬᠠᠮᠲᠤᠷᠠᠨ ᠡᠭᠦᠰᠬᠡᠭᠰᠡᠨ᠂  ᠤᠯᠠᠭᠠᠨᠬᠠᠳᠠ ᠶᠢᠨ ᠬᠠᠯᠠᠮᠵᠢ ᠶᠢᠨ ᠬᠦᠷᠢᠶᠡᠯᠡᠩ ᠰᠠᠶᠢᠨ ᠳᠤᠷᠠᠴᠤᠳ ᠤᠨ ᠨᠡᠶᠢᠭᠡᠮᠯᠢᠭ ᠠᠴᠠ ᠪᠤᠳᠠᠳᠠᠢ ᠬᠡᠷᠡᠭᠵᠢᠭᠦᠯᠦᠭᠰᠡᠨ ︽ ᠶᠠᠳᠠᠭᠤ ᠶᠢ ᠲᠡᠳᠬᠦᠵᠦ ᠵᠣᠷᠢᠭ ᠢ ᠨᠢ ᠬᠦᠪᠴᠢᠯᠡᠨ ᠬᠠᠯᠠᠮᠵᠢ  ᠬᠦᠷᠲᠡᠭᠡᠵᠦ  ᠬᠦᠰᠡᠯ  ᠲᠡᠷᠭᠡᠯᠰᠢᠭᠦᠯᠬᠦ︾ ᠬᠤᠶᠠᠳᠤᠭᠠᠷ ᠬᠤᠭᠤᠴᠠᠭᠠᠨ ᠤ ᠡᠪ ᠬᠠᠮᠲᠤ ᠵᠠᠯᠠᠭᠤᠴᠤᠳ ᠎ ᠤᠨ ᠡᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠢ ᠬᠦᠴᠦᠯᠡᠨ ᠳᠡᠮᠵᠢᠬᠦ ᠰᠤᠯᠤᠩᠭ᠎ᠠ ᠠᠵᠢᠯᠯᠠᠭᠠᠨ ᠤ ᠡᠬᠢᠯᠡᠯᠲᠡ ᠶᠢᠨ ᠶᠤᠰᠤᠯᠠᠯ ᠨᠢ ᠫᠢᠩᠵᠤᠸᠠᠩ ᠳᠤᠮᠳᠠᠳᠤ ᠰᠤᠷᠭᠠᠭᠤᠯᠢ ᠳᠤ ᠶᠠᠪᠤᠭᠳᠠᠵᠠᠢ᠃
   ᠶᠤᠰᠤᠯᠠᠯ ᠳᠡᠭᠡᠷ᠎ᠡ᠂  ᠫᠢᠩᠵᠤᠸᠠᠩ ᠳᠤᠮᠳᠠᠳᠤ  ᠰᠤᠷᠭᠠᠭᠤᠯᠢ ᠶᠢᠨ 38 ᠨᠡᠷ᠎ᠡ ᠠᠮᠢᠳᠤᠷᠠᠯ ᠨᠢ ᠬᠦᠴᠢᠷᠳᠡᠯᠲᠡᠢ  ᠰᠤᠷᠤᠭᠴᠢᠳ ᠎ ᠤᠨ ᠵᠢᠵᠢᠭ ᠬᠦᠰᠡᠯ ᠢ ᠨᠢ ᠲᠡᠷᠭᠡᠯᠰᠢᠭᠦᠯᠵᠦ᠂ ᠶᠤᠸᠠᠨ ᠪᠤᠤ ᠱᠠᠨ ᠲᠤᠭᠤᠷᠢᠭ ᠤᠨ ᠵᠢᠶᠠ ᠾᠦᠢ ᠭᠡᠷ  ᠬᠦᠷᠦᠩᠭᠡ ᠶᠢᠨ ᠬᠢᠵᠠᠭᠠᠷᠲᠤ ᠺᠤᠮᠫᠠᠨᠢ ᠠᠴᠠ ᠪᠡᠯᠡ ᠭᠠᠷᠭᠠᠨ ᠬᠤᠳᠠᠯᠳᠤᠨ ᠠᠪᠤᠭᠰᠠᠨ  ᠨᠣᠮ ᠪᠢᠴᠢᠭ᠂ ᠱᠠᠬᠠᠢ᠂  ᠪᠢᠴᠢᠭ ᠤᠨ ᠬᠡᠷᠡᠭᠰᠡᠯ ᠵᠡᠷᠭᠡ ᠲᠤᠷᠠᠰᠬᠠᠯ ᠎ ᠤᠨ ᠪᠤᠳᠠᠰ ᠢ ᠭᠠᠷᠳᠠᠭᠤᠯᠤᠨ᠂  ᠲᠤᠭᠤᠷᠢᠭ ᠤᠨ ᠡᠪᠯᠡᠯ ᠤᠨ ᠬᠤᠷᠢᠶ᠎ᠠ ᠠᠴᠠ  ᠬᠠᠯᠠᠮᠵᠢ ᠶᠢᠨ ᠰᠡᠳᠬᠢᠯᠲᠦ ᠨᠢᠭᠡᠴᠡ ᠳᠤ ᠢᠷᠠᠭᠤ ᠠᠯᠳᠠᠷ ᠤᠨ ᠦᠨᠡᠮᠯᠡᠯ ᠤᠯᠭᠤᠵᠠᠢ᠃     ᠡᠨᠡ ᠤᠳᠠᠭᠠᠨ ᠤ ᠠᠵᠢᠯᠯᠠᠭᠠᠨ ᠨᠢ᠂  ᠲᠤᠭᠤᠷᠢᠭ ᠤᠨ ᠰᠤᠷᠭᠠᠭᠤᠯᠢ ᠨᠤᠭᠤᠳ ᠢᠶᠠᠷ ᠰᠤᠷᠤᠯᠴᠠᠵᠤ ᠪᠠᠶᠢᠭ᠎ᠠ ᠳᠠᠩᠰᠠ ᠺᠠᠷᠲ ᠲᠠᠢ ᠬᠦᠴᠢᠷᠳᠡᠯᠲᠡᠢ ᠡᠷᠦᠬᠡ ᠶᠢᠨ 354 ᠨᠡᠷ᠎ᠡ ᠰᠤᠷᠤᠭᠴᠢᠳ ᠠᠴᠠ ᠵᠢᠵᠢᠭ ᠬᠦᠰᠡᠯ ᠢ ᠨᠢ ᠴᠤᠭᠯᠠᠭᠤᠯᠵᠤ᠂ ᠶᠤᠸᠠᠨ ᠪᠤᠤ ᠱᠠᠨ ᠲᠤᠭᠤᠷᠢᠭ ᠤᠨ ᠵᠢᠶᠠ ᠾᠦᠢ ᠭᠡᠷ  ᠬᠦᠷᠦᠩᠭᠡ ᠶᠢᠨ ᠬᠢᠵᠠᠭᠠᠷᠲᠤ ᠺᠤᠮᠫᠠᠨᠢ ᠂  ᠶᠤᠸᠠᠨ ᠪᠤᠤ ᠱᠠᠨ ᠲᠠᠷᠢᠶᠠᠯᠠᠩ ᠤᠨ ᠠᠷᠠᠯᠵᠢᠶᠠᠨ ᠤ  ᠪᠠᠩᠬᠢ ᠪᠠ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶᠠᠨ ᠤ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠬᠤᠷᠢᠶ᠎ᠠ ᠵᠡᠷᠭᠡ ᠭᠤᠷᠪᠠᠨ ᠪᠠᠶᠢᠭᠤᠯᠭ᠎ᠠ ᠠᠴᠠ  ᠡᠳᠡᠭᠡᠷ ᠵᠢᠵᠢᠭ ᠬᠦᠰᠡᠯ ᠢ ᠨᠢ  ᠲᠡᠷᠭᠡᠯᠰᠢᠭᠦᠯᠬᠦ ᠪᠤᠯᠤᠨ᠎ᠠ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1