ᠲᠤᠭᠤᠷᠢᠭ ᠤᠨ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ ᠨᠢ ᠴᠧ ᠭᠦᠢ ᠳ᠋ᠦᠩ ᠨᠦᠬᠦᠷ ᠤᠨ ᠦᠨᠡᠨ ᠶᠤᠰᠤᠨ ᠤ ᠲᠦᠯᠦᠭᠡ ᠡᠷᠡᠯᠬᠡᠭᠯᠡᠨ  ᠲᠡᠮᠡᠴᠡᠭᠰᠡᠨ ᠲᠡᠷᠢᠭᠦᠨ ᠤ ᠦᠢᠯᠡ ᠠᠵᠢᠯᠯᠠᠭ᠎ᠠ ᠶᠢ ᠬᠦᠬᠢᠭᠦᠯᠦᠨ ᠱᠠᠩᠨᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/7/9
    7  ᠰᠠᠷ᠎ᠠ ᠶᠢᠨ 3᠎ ᠤ ᠡᠳᠦᠷ᠂ ᠲᠤᠭᠤᠷᠢᠭ ᠤᠨ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ ᠨᠢ ᠬᠤᠶᠠᠳᠤᠭᠠᠷ ᠳᠤᠮᠳᠠᠳᠤ ᠰᠤᠷᠭᠠᠭᠤᠯᠢ ᠳᠤ᠂ ᠴᠧ ᠭᠦᠢ ᠳ᠋ᠦᠩ ᠨᠦᠬᠦᠷ ᠤᠨ ᠦᠨᠡᠨ ᠶᠤᠰᠤᠨ ᠤ ᠲᠦᠯᠦᠭᠡ ᠡᠷᠡᠯᠬᠡᠭᠯᠡᠨ  ᠲᠡᠮᠡᠴᠡᠭᠰᠡᠨ ᠲᠡᠷᠢᠭᠦᠨ ᠤ ᠦᠢᠯᠡ ᠠᠵᠢᠯᠯᠠᠭ᠎ᠠ ᠶᠢ ᠬᠦᠬᠢᠭᠦᠯᠦᠨ ᠱᠠᠩᠨᠠᠬᠤ ᠬᠤᠷᠠᠯ ᠬᠤᠷᠠᠯᠳᠤᠭᠤᠯᠪᠠ  ᠃ ᠲᠤᠭᠤᠷᠢᠭ ᠤᠨ ᠨᠠᠮ ᠎ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂  ᠤᠯᠤᠰ ᠲᠦᠷᠥ ᠬᠠᠤᠯᠢ ᠴᠠᠭᠠᠵᠠ ᠶᠢᠨ ᠵᠥᠪᠯᠡᠯ ᠎ ᠤᠨ ᠱᠦᠵᠢ ᠸᠠᠩ ᠪᠢᠩ ᠬᠤᠷᠠᠯ ᠳᠤ ᠰᠠᠭᠠᠲᠠᠵᠠᠢ᠃     ᠬᠤᠷᠠᠯ ᠳᠡᠭᠡᠷ᠎ᠡ᠂  ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ ᠎ ᠤᠨ ᠪᠦᠬᠦ ᠤᠷᠤᠨ ᠤ ᠦᠨᠡᠨ ᠶᠤᠰᠤᠨ ᠤ ᠲᠦᠯᠦᠭᠡ ᠡᠷᠡᠯᠬᠡᠭᠯᠡᠨ  ᠲᠡᠮᠡᠴᠡᠭᠰᠡᠨ ᠲᠡᠷᠢᠭᠦᠨ ᠤ ᠬᠦᠮᠦᠰ ᠢ ᠱᠠᠩᠨᠠᠨ ᠬᠦᠬᠢᠭᠦᠯᠬᠦ ᠲᠤᠬᠠᠢ ᠲᠤᠭᠲᠠᠭᠠᠯ ᠂  ᠶᠤᠸᠠᠨ ᠪᠤᠤ ᠱᠠᠨ ᠲᠤᠭᠤᠷᠢᠭ ‍ᠤᠨ‌ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ ᠎ ᠤᠨ ᠴᠧ ᠭᠦᠢ ᠳ᠋ᠦᠩ ᠨᠦᠬᠦᠷ ᠤᠨ ᠦᠨᠡᠨ ᠶᠤᠰᠤᠨ ᠤ ᠲᠦᠯᠦᠭᠡ ᠡᠷᠡᠯᠬᠡᠭᠯᠡᠨ  ᠲᠡᠮᠡᠴᠡᠭᠰᠡᠨ ᠲᠡᠷᠢᠭᠦᠨ ᠤ ᠦᠢᠯᠡ ᠠᠵᠢᠯᠯᠠᠭ᠎ᠠ ᠶᠢ ᠬᠦᠬᠢᠭᠦᠯᠦᠨ ᠱᠠᠩᠨᠠᠬᠤ  ᠲᠤᠬᠠᠢ ᠲᠤᠭᠲᠠᠭᠠᠯ ᠢ ᠣᠩᠰᠢᠨ ᠨᠡᠶᠢᠲᠡᠯᠡᠪᠠ᠃ ᠸᠠᠩ ᠪᠢᠩ ᠨᠦᠬᠦᠷ ᠠᠴᠠ  ᠴᠧ ᠭᠦᠢ ᠳ᠋ᠦᠩ ᠨᠦᠬᠦᠷ ᠳᠤ᠂ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ  ᠪᠤᠯᠤᠨ‌ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠦᠨᠡᠨ ᠶᠤᠰᠤᠨ ᠤ ᠲᠦᠯᠦᠭᠡ ᠡᠷᠡᠯᠬᠡᠭᠯᠡᠨ   ᠲᠡᠮᠡᠴᠡᠬᠦ ᠰᠠᠭᠤᠷᠢ ᠮᠦᠩᠭᠦ ᠶᠢᠨ ᠨᠡᠶᠢᠭᠡᠮᠯᠢᠭ ᠠᠴᠠ ᠣᠯᠭᠤᠭᠰᠠᠨ ︽ ᠪᠦᠬᠦ ᠤᠷᠤᠨ ᠤ ᠦᠨᠡᠨ ᠶᠤᠰᠤᠨ ᠤ ᠲᠦᠯᠦᠭᠡ ᠡᠷᠡᠯᠬᠡᠭᠯᠡᠨ  ᠲᠡᠮᠡᠴᠡᠭᠰᠡᠨ ᠲᠡᠷᠢᠭᠦᠨ ᠤ ᠬᠦᠮᠦᠨ︾ ᠎ ᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠫᠠᠶᠢᠰᠠ ᠶᠢ ᠭᠠᠷᠳᠠᠭᠤᠯᠵᠠᠢ᠃     ᠸᠠᠩ ᠪᠢᠩ ᠵᠢᠭᠠᠵᠤ ᠭᠠᠷᠭᠠᠭᠰᠠᠨ ᠨᠢ᠂  ᠰᠢᠨ᠎ᠡ ᠴᠠᠭ ᠦᠶ᠎ᠡ ᠳᠤ ᠳᠤᠮᠳᠠᠳᠤ ᠶᠢᠨ ᠵᠣᠷᠢᠭ ᠰᠠᠨᠠᠭ᠎ᠠ ᠴᠢᠬᠤᠯᠠᠲᠠᠢ᠂ ᠦᠨᠡᠨ ᠶᠤᠰᠤᠨ ᠢ ᠲᠦᠯᠦᠭᠡ ᠡᠷᠡᠯᠬᠡᠭᠰᠡᠨ ᠲᠡᠮᠡᠴᠡᠬᠦ ᠴᠢᠬᠤᠯᠠᠲᠠᠢ᠃  ᠡᠯ᠎ᠡ ᠪᠠᠶᠢᠭᠤᠯᠭ᠎ᠠ ᠨᠢᠭᠡᠴᠡ ᠶᠢ ᠬᠦᠰᠡᠬᠦ ᠨᠢ᠂  ᠡᠭᠦᠷᠢᠳᠡ ᠭᠦᠨ ᠵᠣᠵᠠᠭᠠᠨ ᠬᠠᠶᠢᠷ᠎ᠠ ᠰᠡᠳᠬᠢᠯᠭᠡ ᠶᠢ ᠦᠪᠤᠷᠯᠡᠨ᠂ ᠦᠨᠡᠨ ᠶᠤᠰᠤᠨ ᠤ ᠲᠦᠯᠦᠭᠡ ᠡᠷᠡᠯᠬᠡᠭᠯᠡᠨ ᠲᠡᠮᠡᠴᠡᠭᠰᠡᠳ ᠢ ᠴᠠᠭ ᠦᠷᠭᠦᠯᠵᠢ ᠠᠩᠬᠠᠷᠤᠨ ᠬᠠᠯᠠᠮᠵᠢᠯᠠᠵᠤ᠂  ᠲᠡᠳᠡᠨᠡᠷ ᠤᠨ ᠬᠠᠤᠯᠢ ᠶᠤᠰᠤᠨ ᠤ ᠡᠷᠬᠡ ᠠᠰᠢᠭ ᠶᠢ ᠪᠠᠲᠤᠯᠠᠬᠤ ᠪᠠ ᠠᠮᠢᠳᠤᠷᠠᠯ ᠤᠨ ᠬᠦᠴᠢᠷᠳᠡᠯ ᠢ ᠨᠢ  ᠬᠠᠪᠰᠤᠷᠤᠨ‌‍ᠰᠢᠢᠳᠪᠦᠷᠢᠯᠡᠬᠦ  ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂  ᠨᠠᠮ  ᠵᠠᠰᠠᠭ ᠤᠨ ᠬᠠᠶᠢᠷ᠎ᠠ ᠬᠠᠯᠠᠮᠵᠢ ᠪᠠ  ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠭᠦᠯᠵᠦ᠂  ᠦᠨᠡᠨ ᠶᠤᠰᠤᠨ ᠤ ᠲᠦᠯᠦᠭᠡ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠤᠸᠠᠨ ᠪᠤᠤ ᠱᠠᠨ ᠲᠤᠭᠤᠷᠢᠭ ᠲᠤ ᠮᠠᠨᠳᠤᠬᠤ ᠪᠤᠯᠲᠤᠭᠠᠢ ᠭᠡᠵᠡᠢ᠃     ᠤᠶᠢᠯᠠᠭᠠᠭᠰᠠᠨ ᠢᠶᠠᠷ᠂ 2017 ᠣᠨ ᠤ 12 ᠰᠠᠷ᠎ᠠ ᠶᠢᠨ 25᠎ ᠤ ᠡᠳᠦᠷ᠂  ᠲᠤᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠮᠤᠷ ᠢ ᠬᠠᠮᠠᠭᠠᠯᠠᠭᠴᠢ  ᠴᠧ ᠭᠦᠢ ᠳ᠋ᠦᠩ ᠬᠡᠪ ᠤᠨ ᠪᠠᠶᠢᠴᠠᠭᠠᠯᠲᠠ ᠶᠢᠨ ᠳᠤᠮᠳᠠ᠂ ᠨᠢᠭᠡᠨ  ᠠᠰᠠᠷ ᠠᠴᠠ ᠬᠠᠷᠠᠶᠢᠵᠤ ᠠᠮᠢ ᠪᠠᠨ ᠬᠤᠣᠷᠯᠠᠬᠤ ᠭᠡᠵᠦ ᠪᠠᠶᠢᠭᠰᠠᠨ‌ᠡᠮᠡᠭᠲᠡᠢ ᠰᠤᠷᠤᠭᠴᠢ ᠎ ᠢ ᠠᠪᠤᠷᠠᠨ ᠠᠪᠤᠵᠤ᠂  ᠭᠤᠨᠢᠭᠲᠤ ᠶᠠᠪᠤᠳᠠᠯ ᠤᠨ ᠡᠭᠦᠰᠬᠦ ᠶᠢ ᠰᠡᠷᠭᠡᠶᠢᠯᠡᠵᠦ ᠴᠢᠳᠠᠵᠠᠢ᠃  ᠡᠭᠦᠨ ᠠᠴᠠ ᠪᠣᠯᠵᠤ  ᠲᠡᠭᠦᠨ ᠳᠤ  ᠂ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ᠂ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠦᠨᠡᠨ ᠶᠤᠰᠤᠨ ᠤ ᠲᠦᠯᠦᠭᠡ ᠡᠷᠡᠯᠬᠡᠭᠯᠡᠨ   ᠲᠡᠮᠡᠴᠡᠬᠦ ᠰᠠᠭᠤᠷᠢ ᠮᠦᠩᠭᠦ ᠶᠢᠨ ᠨᠡᠶᠢᠭᠡᠮᠯᠢᠭ ᠠᠴᠠ ᠬᠠᠮᠲᠤᠷᠠᠨ ︽ᠪᠦᠬᠦ ᠤᠷᠤᠨ ᠤ ᠦᠨᠡᠨ ᠶᠤᠰᠤᠨ ᠤ ᠲᠦᠯᠦᠭᠡ ᠡᠷᠡᠯᠬᠡᠭᠯᠡᠨ  ᠲᠡᠮᠡᠴᠡᠭᠰᠡᠨ ᠲᠡᠷᠢᠭᠦᠨ ᠤ ᠬᠦᠮᠦᠨ︾ ᠎ ᠤ ᠢᠷᠠᠭᠤ ᠠᠯᠳᠠᠷ ᠢ ᠣᠯᠭᠤᠵᠤ᠂ 5000 ᠲᠦᠭᠦᠷᠢᠭ ᠢᠶᠠᠷ ᠱᠠᠩᠨᠠᠵᠠᠢ᠃ ᠶᠤᠸᠠᠨ ᠪᠤᠤ ᠱᠠᠨ ᠲᠤᠭᠤᠷᠢᠭ ‍ᠤᠨ‌ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ ᠠᠴᠠ ︽ ᠶᠤᠸᠠᠨ ᠪᠤᠤ ᠱᠠᠨ ᠲᠤᠭᠤᠷᠢᠭ ‍ᠤᠨ‌ᠦᠨᠡᠨ ᠶᠤᠰᠤᠨ ᠤ ᠲᠦᠯᠦᠭᠡ ᠡᠷᠡᠯᠬᠡᠭᠯᠡᠨ  ᠲᠡᠮᠡᠴᠡᠭᠰᠡᠨ ᠲᠡᠷᠢᠭᠦᠨ ᠤ ᠬᠦᠮᠦᠨ︾᠎ ᠤ ᠢᠷᠠᠭᠤ ᠠᠯᠳᠠᠷ ᠢ ᠣᠯᠭᠤᠵᠤ᠂ 2000 ᠲᠦᠭᠦᠷᠢᠭ ᠢᠶᠠᠷ ᠱᠠᠩᠨᠠᠵᠠᠢ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1