ᠸᠠᠩ ᠶᠦᠩ ᠮᠠᠨ ᠤ ᠲᠤᠭᠤᠷᠢᠭ ᠤᠨ ᠬᠦᠳᠡᠭᠡ ᠳᠤᠰᠬᠤᠨ ᠢ  ᠬᠦᠭᠵᠢᠭᠦᠯᠬᠦ ᠵᠢᠱᠢᠶ᠎ᠡ  ᠦᠵᠡᠭᠦᠯᠬᠦ ᠤᠷᠤᠨ ᠪᠦᠰᠡ ᠶᠢᠨ ᠪᠠᠶᠢᠭᠤᠯᠤᠯᠲᠠ ᠶᠢᠨ ᠠᠵᠢᠯ ᠢ ᠲᠤᠰᠬᠠᠢ ᠲᠦᠷᠥᠯ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018/7/9
    7 ᠰᠠᠷ᠎ᠠ ᠶᠢᠨ3᠎ ᠤ  ᠡᠳᠦᠷ᠂  ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ ᠸᠠᠩ ᠶᠦᠩ ᠮᠡᠶᠢᠷᠡᠨ ᠭᠤᠣᠯ ᠪᠠᠯᠭᠠᠰᠤ᠂ ᠰᠢᠶᠤᠤ ᠦᠵᠢᠶᠠ ᠰᠢᠶᠠᠩ᠂ ᠶᠤᠸᠠᠨ ᠪᠤᠤ ᠱᠠᠨ ᠪᠠᠯᠭᠠᠰᠤ᠂  ᠹᠧᠩ ᠱᠦᠢ ᠭᠧᠦ ᠪᠠᠯᠭᠠᠰᠤ ᠵᠡᠷᠭᠡ ᠭᠠᠵᠠᠷ ᠤᠷᠤᠨ ᠳᠤ ᠭᠦᠨᠵᠡᠭᠡᠶᠢᠷᠡᠨ᠂ ᠮᠠᠨ ᠤ ᠲᠤᠭᠤᠷᠢᠭ ᠤᠨ ᠬᠦᠳᠡᠭᠡ ᠳᠤᠰᠬᠤᠨ ᠢ  ᠬᠦᠭᠵᠢᠭᠦᠯᠬᠦ ᠵᠢᠱᠢᠶ᠎ᠡ ᠦᠵᠡᠭᠦᠯᠬᠦ ᠤᠷᠤᠨ ᠪᠦᠰᠡ ᠶᠢᠨ ᠪᠠᠶᠢᠭᠤᠯᠤᠯᠲᠠ ᠶᠢᠨ ᠠᠵᠢᠯ ᠢ ᠲᠤᠰᠬᠠᠢ ᠲᠦᠷᠥᠯ ᠢᠶᠠᠷ ᠪᠠᠶᠢᠴᠠᠭᠠᠨ ᠰᠤᠳᠤᠯᠪᠠ᠃  ᠲᠤᠭᠤᠷᠢᠭ ᠤᠨ ᠨᠠᠮ ᠤᠨ ᠬᠤᠷᠢᠶᠠᠨ ᠤ   ᠪᠠᠶᠢᠩᠭᠤ ᠶᠢᠨ ᠭᠡᠰᠢᠭᠦᠨ᠂ ᠶᠤᠸᠠᠨ ᠪᠤᠤ ᠱᠠᠨ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠵᠧᠦ ᠵᠠᠨ ᠯᠢ᠂ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠴᠧᠩ ᠷᠦᠢ ᠪᠤᠤ᠂ ᠠᠯᠪᠠᠨ ᠭᠡᠷ  ᠤᠨ ᠡᠷᠬᠢᠯᠡᠭᠴᠢ  ᠴᠧᠦ ᠬᠠᠢ ᠪᠦᠸᠧ ᠪᠠᠷ᠎ᠠ ᠪᠤᠯᠵᠣ ᠪᠠᠶᠢᠴᠠᠭᠠᠨ ᠰᠤᠳᠤᠯᠵᠠᠢ᠃
    ᠸᠠᠩ ᠶᠦᠩ ᠤᠷᠢᠳ ᠬᠤᠵᠢᠳ ᠲᠤᠮᠤ ᠮᠠᠯᠵᠢᠯ ᠤᠨ ᠲᠠᠯᠠᠪᠠᠢ ᠮᠠᠯᠵᠢᠬᠤ ᠦᠢᠯᠡᠰ ᠤᠨ ᠬᠢᠵᠠᠭᠠᠷᠲᠦ ᠬᠠᠷᠢᠭᠤᠴᠠᠯᠭᠠᠲᠤ ᠺᠤᠮᠫᠠᠨᠢ᠂  ᠸᠧᠢ ᠽᠦᠩ  ᠰᠦ ᠶᠢᠨ ᠦᠢᠯᠡᠰ ᠤᠨ ᠲᠦᠷᠥᠯ ᠵᠦᠢᠯ ᠤᠨ ᠪᠠᠶᠢᠭᠤᠯᠤᠯᠲᠠ ᠶᠢᠨ ᠲᠤᠬᠠᠢ ᠶᠢᠨ ᠭᠠᠵᠠᠷ᠂  ᠲᠠᠯ᠎ᠠ ᠨᠤᠲᠤᠭ ᠤᠨ ᠹᠦ᠋ ᠮᠸᠢ ᠢᠳᠡᠭᠡᠨ ᠤ ᠲᠦᠷᠥᠯ ᠵᠦᠢᠯ ᠤᠨ ᠪᠠᠶᠢᠭᠤᠯᠤᠯᠲᠠ ᠶᠢᠨ  ᠲᠤᠬᠠᠢ ᠵᠢᠨ‌ᠭᠠᠵᠠᠷ᠂  ᠲᠠᠯ᠎ᠠ ᠨᠤᠲᠤᠭ ᠤᠨ ᠾᠦᠢ ᠰᠢᠶᠠᠩ ᠢᠳᠡᠭᠡᠨ ᠤ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠤᠮᠫᠠᠨᠢ᠂ ᠱᠦᠢ ᠮᠦ ᠶᠤᠸᠠᠨ ᠲᠠᠷᠢᠶᠠᠯᠠᠩ ᠤᠨ  ᠰᠢᠨᠵᠢᠯᠠᠬᠦ ᠮᠡᠷᠭᠡᠵᠢᠯ ᠤᠨ ᠬᠢᠵᠠᠭᠠᠷᠲᠤ ᠺᠤᠮᠫᠠᠨᠢ᠂  ᠾᠧ  ᠰᠢᠩ ᠲᠠᠷᠢᠶᠠᠯᠠᠩ ᠤᠨ ᠦᠷ᠎ᠡ ᠴᠢᠬᠢ ᠮᠤᠳᠤ  ᠪᠣᠶᠢᠵᠢᠭᠤᠯᠬᠤ ᠲᠦᠷᠥᠯ ᠵᠦᠢᠯ ᠤᠨ ᠪᠠᠶᠢᠭᠤᠯᠤᠯᠲᠠ ᠶᠢᠨ ᠲᠤᠬᠠᠢ ᠶᠢᠨ ᠭᠠᠵᠠᠷ᠂  ᠯᠢᠩᠱᠠᠨ ᠶᠦᠨ ᠱᠧᠩ ᠠᠮᠢ ᠠᠬᠤᠢ ᠶᠢᠨ ᠵᠢᠭᠤᠯᠴᠢᠯᠠᠯ ᠵᠤᠭᠠᠴᠠᠯ ᠤᠨ ᠲᠤᠭᠤᠷᠢᠭ᠂  ᠳ᠋ᠠ ᠪᠸᠢ ᠬᠠᠢ ᠤᠳᠤᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠵᠡᠷᠭᠡ ᠭᠠᠵᠠᠷ ᠤᠷᠤᠨ ᠳᠤ ᠬᠦᠷᠴᠦ᠂  ᠲᠦᠷᠥᠯ ᠵᠦᠢᠯ ᠤᠨ ᠠᠬᠢᠴᠠ ᠶᠢᠨ ᠪᠠᠶᠢᠳᠠᠯ᠂  ᠤᠷᠤᠰᠢᠵᠤ ᠪᠠᠶᠢᠬᠤ ᠬᠦᠴᠢᠷᠳᠡᠯ ᠪᠠ ᠠᠰᠠᠭᠤᠳᠠᠯ ᠵᠡᠷᠭᠡ ᠶᠢ ᠤᠶᠢᠯᠠᠭᠠᠭᠰᠠᠨ ᠪᠠᠶᠢᠨ᠎ᠠ᠃
   ᠸᠠᠩ ᠶᠦᠩ ᠴᠢᠬᠤᠯᠠᠴᠢᠯᠠᠬᠤ ᠳᠠᠭᠠᠨ᠂ ᠬᠦᠳᠡᠭᠡ ᠳᠤᠰᠬᠤᠨ ᠢ  ᠬᠦᠭᠵᠢᠭᠦᠯᠬᠦ ᠵᠢᠱᠢᠶ᠎ᠡ ᠦᠵᠡᠭᠦᠯᠬᠦ ᠤᠷᠤᠨ ᠪᠦᠰᠡ ᠶᠢᠨ ᠪᠠᠶᠢᠭᠤᠯᠤᠯᠲᠠ  ᠪᠣᠯ ᠬᠦᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠣᠳᠤᠯᠭ᠎ᠠ ᠎ ᠢ ᠬᠡᠷᠡᠭᠵᠢᠭᠦᠯᠬᠦ ᠶᠢᠨ ᠴᠢᠬᠤᠯᠠ ᠠᠪᠤᠳᠠᠯ ᠶᠤᠮ᠃ ᠡᠯ᠎ᠡ ᠭᠠᠵᠠᠷ ᠤᠷᠤᠨ᠂ ᠰᠠᠯᠠᠭ᠎ᠠ ᠮᠦᠴᠢᠷ ᠨᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠤᠨᠤᠪᠴᠢᠲᠠᠢ ᠪᠠᠷ ᠪᠠᠶᠢᠷᠢ ᠲᠤᠭᠲᠠᠭᠠᠨ᠂ ᠬᠦᠳᠡᠭᠡ ᠳᠤᠰᠬᠤᠨ ᠢ  ᠬᠦᠭᠵᠢᠭᠦᠯᠬᠦ ᠵᠢᠱᠢᠶ᠎ᠡ ᠦᠵᠡᠭᠦᠯᠬᠦ ᠤᠷᠤᠨ ᠪᠦᠰᠡ ᠶᠢᠨ ᠪᠠᠶᠢᠭᠤᠯᠤᠯᠲᠠ  ᠪᠠ ᠠᠵᠤ ᠠᠬᠤᠢ ᠶᠢᠨ ᠬᠡᠯᠪᠡᠷᠢ ᠶᠢ ᠬᠤᠪᠢᠷᠠᠭᠠᠨ ᠬᠦᠭᠵᠢᠭᠦᠯᠬᠦ ᠯᠤᠭ᠎ᠠ ᠤᠷᠭᠠᠨᠢᠭ ᠢᠶᠠᠷ ᠤᠶᠠᠯᠳᠤᠭᠤᠯᠤᠨ᠂ ᠭᠤᠷᠪᠠᠨ ᠠᠵᠤ ᠠᠬᠤᠶᠢᠯᠠᠯ ᠤᠨ ᠠᠭᠤᠰᠤᠯᠴᠠᠨ ᠬᠦᠭᠵᠢᠬᠦ ᠶᠢ ᠪᠠᠲᠤᠲᠠᠢ ᠠᠬᠢᠭᠤᠯᠵᠤ᠂  ᠬᠦᠳᠡᠭᠡ ᠲᠤᠰᠬᠤᠨ ᠤ ᠬᠦᠭᠵᠢᠯᠲᠡ ᠶᠢᠨ ᠬᠢᠷᠢ ᠲᠦᠪᠰᠢᠨ ᠢ ᠨᠡᠶᠢᠳᠡᠮ ᠳᠤ ᠨᠢ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ᠃  ᠪᠦᠬᠦ ᠲᠤᠭᠤᠷᠢᠭ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂  ᠳᠡᠭᠡᠳᠦ  ᠪᠠᠷᠢᠮᠵᠢᠶ᠎ᠠ ᠲᠠᠢ ᠲᠦᠰᠦᠪᠯᠡᠨ᠂  ᠦᠨᠳᠦᠷ ᠡᠬᠢᠯᠡᠯᠲᠡ ᠲᠠᠢ ᠪᠠᠷ ᠪᠠᠶᠢᠭᠤᠯᠬᠤ ᠬᠡᠷᠡᠭᠲᠡᠢ᠃  ᠬᠠᠮᠢᠶ᠎ᠠ ᠪᠦᠬᠦᠢ ᠰᠠᠯᠠᠭ᠎ᠠ ᠮᠦᠴᠢᠷ ᠨᠢ ᠥᠳᠲᠦᠷ ᠲᠦᠷᠭᠡᠨ ᠬᠦᠳᠡᠯᠦᠯᠴᠡᠵᠦ᠂ ᠤᠷᠤᠰᠢᠵᠤ ᠪᠠᠶᠢᠬᠤ ᠠᠰᠠᠭᠤᠳᠠᠯ ᠢ ᠴᠠᠭ ᠲᠤᠬᠠᠢ ᠳᠤ ᠨᠢ ᠵᠤᠬᠢᠴᠠᠭᠤᠯᠤᠨ ᠰᠢᠢᠳᠪᠦᠷᠢᠯᠡᠵᠦ᠂ ᠲᠦᠷᠥᠯ ᠵᠦᠢᠯ ᠤᠨ ᠪᠠᠶᠢᠭᠤᠯᠤᠯᠲᠠ ᠶᠢ  ᠲᠦᠯᠬᠢᠨ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂  ᠵᠢᠱᠢᠶ᠎ᠡ ᠦᠵᠡᠭᠦᠯᠬᠦ ᠤᠷᠤᠨ ᠪᠦᠰᠡ ᠶᠢᠨ ᠪᠠᠶᠢᠭᠤᠯᠤᠯᠲᠠ ᠶᠢᠨ ᠡᠯ᠎ᠡ ᠲᠦᠷᠥᠯ ᠤᠨ ᠠᠵᠢᠯ ᠢ  ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1