ᠸᠠᠩ ᠶᠦᠩ  ᠲᠤᠭᠤᠷᠢᠭ ᠤᠨ ᠳᠠᠷᠤᠭ᠎ᠠ ᠮᠠ ᠯᠢᠨ ᠥᠩᠭᠡᠲᠦ ᠲᠡᠮᠦᠷᠯᠢᠭ ᠤᠨ ᠦᠢᠯᠡᠰ ᠤᠨ ᠬᠦᠷᠢᠶᠡᠯᠡᠩ  ᠲᠤᠭᠤᠷᠢᠭ ᠤᠨ ᠲᠠᠲᠠᠪᠤᠷᠢᠯᠠᠨ ᠨᠡᠭᠦᠯᠭᠡᠬᠦ ᠠᠵᠢᠯ ᠎ ᠎ ᠢ ᠲᠤᠬᠠᠢ ᠶᠢᠨ ᠲᠠᠯᠠᠪᠤᠷ ᠲᠤ ᠨᠢ ᠱᠠᠭᠠᠷᠳᠠᠨ ᠵᠢᠯᠤᠭᠤᠳᠪᠠ
ᠨᠡᠶᠢᠲᠡᠯᠡᠭᠰᠡᠨ ᠴᠠᠭ᠄
2018/7/9
  7 ᠰᠠᠷ᠎ᠠ ᠶᠢᠨ4᠎ ᠤ ᠡᠳᠦᠷ᠂  ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ ᠸᠠᠩ ᠶᠦᠩ᠂ ᠳᠡᠳ᠋ ᠳᠠᠷᠤᠭ᠎ᠠ ᠷᠧᠨ ᠵᠢᠶᠠᠨ ᠬᠤᠸᠠ ᠲᠤᠭᠤᠷᠢᠭ ᠤᠨ  ᠵᠠᠰᠠᠭ ᠤᠨ ᠤᠷᠳᠤᠨ ᠤ ᠠᠯᠪᠠᠨ ᠭᠡᠷ  ᠵᠢᠴᠢ ᠮᠠ ᠯᠢᠨ ᠵᠡᠭᠡᠯᠢ ᠭᠤᠳᠤᠮᠵᠢ ᠎ ᠤᠨ ᠬᠠᠷᠢᠭᠤᠴᠠᠯᠭᠠᠲᠠᠨ ᠲᠠᠢ ᠬᠠᠮᠲᠤ ᠪᠠᠷ᠂ ᠮᠠ ᠯᠢᠨ ᠥᠩᠭᠡᠲᠦ ᠲᠡᠮᠦᠷᠯᠢᠭ ᠤᠨ ᠦᠢᠯᠡᠰ ᠤᠨ ᠬᠦᠷᠢᠶᠡᠯᠡᠩ  ᠲᠤᠭᠤᠷᠢᠭ ᠤᠨ ᠲᠠᠲᠠᠪᠤᠷᠢᠯᠠᠨ ᠨᠡᠭᠦᠯᠭᠡᠬᠦ ᠠᠵᠢᠯ ᠢ ᠲᠤᠬᠠᠢ ᠶᠢᠨ ᠲᠠᠯᠠᠪᠤᠷ ᠲᠤ ᠨᠢ ᠱᠠᠭᠠᠷᠳᠠᠨ ᠵᠢᠯᠤᠭᠤᠳᠪᠠ᠃
   ᠸᠠᠩ ᠶᠦᠩ ᠵᠡᠷᠭᠡ ᠤᠳᠤᠷᠢᠳᠤᠯᠭ᠎ᠠ ᠲᠠᠳᠠᠪᠤᠷᠢᠯᠠᠨ  ᠨᠡᠭᠦᠯᠭᠡᠬᠦ ᠠᠬᠢᠴᠠ ᠶᠢᠨ ᠪᠠᠶᠢᠳᠠᠯ ᠵᠢᠴᠢ ᠤᠷᠤᠰᠢᠵᠤ ᠪᠠᠶᠢᠭ᠎ᠠ ᠠᠰᠠᠭᠤᠳᠠᠯ ᠢ ᠨᠠᠷᠢᠯᠢᠭ ᠤᠶᠢᠯᠠᠭᠠᠨ᠂ ᠳᠠᠷᠠᠭᠠᠴᠢ ᠶᠢᠨ ᠠᠯᠬᠤᠮ ᠤᠨ ᠠᠵᠢᠯ ᠳᠤ ᠲᠤᠬᠢᠷᠠᠭᠤᠯᠤᠯᠲᠠ ᠬᠢᠭᠰᠡᠨ ᠪᠠᠶᠢᠨ᠎ᠠ᠃    ᠸᠠᠩ ᠶᠦᠩ ᠴᠢᠬᠤᠯᠠᠴᠢᠯᠠᠬᠤ ᠳᠠᠭᠠᠨ᠂  ᠮᠠ ᠯᠢᠨ ᠵᠡᠭᠡᠯᠢ ᠭᠤᠳᠤᠮᠵᠢ  ᠎ ᠨᠢ ᠬᠠᠷᠢᠭᠤᠴᠠᠯᠭᠠᠲᠤ  ᠰᠡᠳᠬᠢᠯᠭᠡ ᠪᠠᠨ ᠤᠯᠠᠮ ᠴᠢᠩᠭᠠᠳᠬᠠᠵᠤ᠂  ᠠᠶᠢᠵᠠᠮ ᠴᠣᠬᠢᠯᠭ᠎ᠠ  ᠢ ᠠᠩᠬᠠᠷᠴᠤ᠂  ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂  ᠴᠠᠭ ᠢ  ᠵᠠᠪᠳᠤᠨ  ᠠᠬᠢᠴᠠ ᠶᠢ  ᠠᠳᠬᠤᠵᠤ᠂   ᠦᠷ᠎ᠡ ᠪᠦᠲᠦᠭᠡᠯ ᠭᠠᠷᠭᠠᠬᠤ ᠬᠡᠷᠡᠭᠲᠡᠢ᠃  ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯᠲᠡᠢ ᠭᠤᠣᠯᠳᠠᠯᠭ᠎ᠠ ᠲᠠᠢ ᠠᠰᠠᠭᠤᠳᠠᠯ ᠢ ᠵᠤᠬᠢᠰᠲᠠᠢ ᠰᠢᠢᠳᠪᠦᠷᠢᠯᠡᠨ᠂  ᠲᠦᠷᠥᠯ ᠵᠦᠢᠯ ᠤᠨ ᠴᠠᠭ ᠲᠠᠭᠠᠨ ᠡᠬᠢᠯᠡᠬᠦ ᠶᠢ ᠪᠠᠲᠤᠯᠠᠬᠤ ᠬᠡᠷᠡᠭᠲᠡᠢ᠃  ᠬᠠᠤᠯᠢ ᠳᠦᠷᠢᠮ ᠢ ᠴᠢᠩᠭ᠎ᠠ ᠵᠢᠷᠤᠮᠯᠠᠵᠦ᠂  ᠲᠠᠲᠠᠪᠤᠷᠢᠯᠠᠬᠤ  ᠨᠡᠭᠦᠯᠭᠡᠬᠦ ᠠᠵᠢᠯ ᠢ ᠠᠯᠬᠤᠮ ᠳᠠᠷᠠᠭ᠎ᠠ ᠲᠠᠢ ᠪᠡᠶᠡᠯᠡᠭᠦᠯᠬᠦ ᠬᠡᠷᠡᠭᠲᠡᠢ᠃  ᠤᠯᠠᠨ ᠲᠦᠮᠡᠨ ᠤ ᠠᠵᠢᠯ ᠢ  ᠰᠠᠶᠢᠲᠤᠷ ᠬᠢᠵᠦ᠂  ᠲᠠᠲᠠᠪᠤᠷᠢᠯᠠᠨ ᠨᠠᠭᠦᠯᠭᠡᠬᠦ ᠠᠵᠢᠯ ᠤᠨ ᠡᠭᠦᠷᠭᠡ ᠪᠠᠨ ᠲᠤᠭᠲᠠᠭᠰᠠᠨ ᠴᠠᠭ ᠲᠤ ᠨᠢ ᠪᠡᠶᠡᠯᠡᠭᠦᠯᠬᠦ ᠬᠡᠷᠡᠭᠲᠡᠢ ᠭᠡᠵᠡᠢ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1