ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠤᠯᠭ᠎ᠠ ᠮᠠᠨ ᠤ ᠲᠤᠭᠤᠷᠢᠭ ᠲᠤ ᠢᠷᠡᠵᠦ  ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠳᠠ ᠶᠢ  ᠡᠭᠦᠳᠦᠨ ᠪᠠᠶᠢᠭᠤᠯᠬᠤ ᠠᠵᠢᠯ ᠢ ᠱᠠᠭᠠᠷᠳᠠᠨ ᠵᠢᠯᠤᠭᠤᠳᠪᠠ
ᠨᠡᠶᠢᠲᠡᠯᠡᠭᠰᠡᠨ ᠴᠠᠭ᠄
2018/7/9
   7  ᠰᠠᠷ᠎ᠠ ᠶᠢᠨ4᠎ ᠤ ᠡᠳᠦᠷ᠂  ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ    ᠬᠡᠤ ᠵᠢᠩ ᠵᠠᠨ ᠪᠦᠯᠬᠦᠮ ᠳᠠᠭᠠᠭᠤᠯᠤᠨ ᠮᠠᠨ ᠤ ᠲᠤᠭᠤᠷᠢᠭ ᠲᠤ ᠢᠷᠡᠵᠦ  ᠂  ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠳᠠ ᠶᠢ  ᠡᠭᠦᠳᠦᠨ ᠪᠠᠶᠢᠭᠤᠯᠬᠤ ᠠᠵᠢᠯ ᠢ ᠱᠠᠭᠠᠷᠳᠠᠨ ᠵᠢᠯᠤᠭᠤᠳᠪᠠ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠤᠭᠤᠷᠢᠭ ᠤᠨ ᠵᠠᠰᠠᠭ ᠤᠨ  ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠢᠦᠢ ᠵᠢᠶᠠᠨ ᠾᠦᠢ ᠪᠠᠷ᠎ᠠ   ᠪᠣᠯᠵᠤ ᠪᠠᠶᠢᠴᠠᠭᠠᠪᠠ᠃
   ᠬᠡᠤ ᠵᠢᠩ ᠵᠠᠨ  ᠵᠡᠷᠭᠡ ᠤᠳᠤᠷᠢᠳᠤᠯᠭ᠎ᠠ ᠤᠷᠢᠳ ᠬᠤᠵᠢᠳ ᠲᠤᠭᠤᠷᠢᠭ ᠤᠨ ᠵᠠᠰᠠᠭ ᠎ ᠤᠨ ᠶᠠᠪᠤᠳᠠᠯ ᠤᠨ ᠦᠢᠯᠡᠴᠢᠯᠡᠭᠡᠨ ᠤ ᠲᠥᠪ᠂  ᠫᠢᠩᠵᠦᠸᠠᠩ ᠠᠭᠤᠷᠬᠠᠢ ᠶᠢᠨ ᠲᠤᠭᠤᠷᠢᠭ ᠤᠨ ᠶᠡᠷᠦᠩᠬᠡᠢ ᠡᠮᠨᠡᠯᠭᠡ ᠶᠢᠨ  ᠬᠤᠷᠢᠶ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠤᠭ᠎ᠠ ᠶᠢᠨ ᠫᠢᠩᠵᠤᠸᠠᠩ  ᠡᠵᠡᠩᠨᠡᠨ ᠪᠤᠷᠤᠯᠠᠭᠤᠯᠬᠤ  ᠲᠥᠪ᠂  ᠬᠤᠶᠠᠳᠤᠭᠠᠷ ᠳᠤᠮᠳᠠᠳᠤ ᠰᠤᠷᠭᠠᠭᠤᠯᠢ᠂ ᠫᠢᠩᠵᠤᠸᠠᠩ ᠤᠨ ᠰᠢᠨ ᠹᠠ ᠳ᠋ᠢ ᠲᠠᠷᠢᠶᠠᠯᠩ ᠤᠨ ᠪᠦᠲᠦᠭᠡᠭᠳᠡᠭᠦᠨ ᠤ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂  ᠯᠢᠶᠣᠤ ᠾᠧ ᠨᠡᠶᠢᠭᠡᠮ ᠲᠤᠭᠤᠷᠢᠭ᠂  ᠫᠢᠩᠵᠤᠸᠠᠩ ᠭᠠᠯᠲᠤ ᠲᠡᠷᠭᠡᠨ ᠤ ᠦᠷᠲᠡᠭᠡ ᠵᠡᠷᠭᠡ ᠭᠠᠵᠠᠷ ᠲᠤ  ᠱᠠᠭᠠᠷᠳᠠᠨ  ᠪᠠᠶᠢᠴᠠᠭᠠᠵᠤ᠂  ᠢᠲᠡᠭᠡᠯ ᠢ ᠡᠷᠬᠢᠮᠯᠡᠬᠦ ᠰᠢᠰᠲ᠋ᠧᠮ ᠤᠨ ᠪᠠᠶᠢᠭᠤᠯᠤᠯᠲᠠ ᠶᠢᠨ ᠬᠠᠷᠢᠯᠴᠠᠨ ᠬᠤᠯᠪᠤᠭᠳᠠᠨ ᠨᠡᠪᠲᠡᠷᠡᠯᠴᠡᠬᠦ  ᠰᠤᠯᠢᠯᠴᠠᠵᠤ ᠬᠤᠪᠢᠶᠠᠯᠴᠠᠬᠤ ᠲᠠᠪᠴᠠᠩ ᠤᠨ ᠪᠠᠶᠢᠭᠤᠯᠤᠯᠲᠠ᠂   ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠶᠢᠲᠡᠯᠡᠬᠦ᠂  ᠵᠡᠮᠳᠡᠭ ᠬᠦᠮᠦᠨ ᠤ ᠬᠠᠷᠰᠢ ᠰᠠᠭᠠᠳ ᠦᠭᠡᠢ ᠶᠠᠪᠤᠬᠤ ᠲᠦᠬᠦᠭᠡᠷᠡᠮᠵᠢ᠂  ᠪᠠᠷᠢᠮᠵᠢᠶᠠᠲᠤ ᠦᠢᠯᠡᠴᠢᠯᠡᠭᠡ ᠬᠢᠬᠦ᠂  ᠪᠤᠯᠪᠠᠰᠤᠨ ᠬᠤᠳᠠ ᠶᠢ  ᠡᠭᠦᠳᠦᠨ ᠪᠠᠶᠢᠭᠤᠯᠬᠤ  ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠬᠤ ᠵᠡᠷᠭᠡ ᠬᠠᠮᠢᠶ᠎ᠠ ᠪᠦᠬᠦᠢ ᠠᠵᠢᠯ ᠤᠨ ᠲᠤᠬᠠᠢ ᠨᠠᠷᠢᠯᠢᠭ  ᠤᠶᠢᠯᠠᠭᠠᠵᠤ᠂  ᠵᠢᠯᠤᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃
   ᠰᠠᠭᠤᠳᠠᠯ ᠤᠨ ᠬᠤᠷᠠᠯ ᠳᠡᠭᠡᠷ᠎ᠡ᠂  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠬᠡᠰᠡᠭ ᠪᠦᠯᠦᠭ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠠᠷᠢᠭᠤᠴᠠᠯᠭᠠᠲᠤ ᠨᠢᠭᠡᠴᠡ ᠠᠴᠠ  ᠠᠵᠢᠯ ᠤᠨ ᠠᠬᠢᠴᠠ ᠶᠢᠨ ᠲᠤᠬᠠᠢ ᠬᠠᠷᠢᠭᠤ ᠮᠡᠳᠡᠭᠦᠯᠦᠯᠲᠡ  ᠬᠢᠵᠡᠢ᠃ ᠬᠡᠤ ᠵᠢᠩ ᠵᠠᠨ  ᠴᠢᠬᠤᠯᠠᠴᠢᠯᠠᠬᠤ ᠳᠠᠭᠠᠨ᠂  ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂  ᠬᠠᠨᠳᠤᠯᠭ᠎ᠠ ᠲᠠᠢ ᠪᠠᠷ ᠡᠯ᠎ᠡ ᠲᠦᠷᠥᠯ ᠤᠨ ᠠᠵᠢᠯ ᠢᠶᠠᠨ ᠦᠷᠨᠢᠭᠦᠯᠬᠦ ᠬᠡᠷᠡᠭᠲᠡᠢ᠃  ᠨᠠᠶᠢᠳᠠᠪᠤᠷᠢᠵᠢᠭᠤᠯᠤᠯᠲᠠ ᠶᠢ ᠠᠳᠬᠤᠨ᠂ ᠬᠠᠷᠢᠭᠤᠴᠠᠯᠭ᠎ᠠ ᠶᠢ  ᠳᠤᠳᠤᠷᠬᠠᠶᠢᠯᠠᠵᠤ᠂  ᠳᠡᠭᠡᠷ᠎ᠡ ᠳᠤᠤᠷ᠎ᠠ ᠱᠠᠲᠤ  ᠨᠢᠭᠡᠲᠦᠯ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃  ᠲᠤᠰᠬᠠᠢ ᠲᠦᠷᠥᠯ ᠢᠶᠠᠷ ᠵᠠᠰᠠᠨ ᠴᠡᠭᠴᠡᠯᠡᠵᠦ᠂  ᠨᠠᠷᠢᠯᠢᠭ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂  ᠬᠢᠨᠠᠨ ᠱᠠᠭᠠᠷᠳᠠᠬᠤ ᠪᠠᠨ ᠴᠢᠩᠭᠠᠳᠬᠠᠵᠤ᠂ ᠢᠯᠡᠷᠡᠭᠰᠡᠨ ᠠᠰᠠᠭᠤᠳᠠᠯ ᠢ ᠳᠠᠷᠤᠶᠢᠬᠠᠨ ᠰᠢᠢᠳᠪᠦᠷᠢᠯᠡᠬᠦ ᠬᠡᠷᠡᠭᠲᠡᠢ᠃  ᠪᠤᠯᠪᠠᠰᠤᠷᠠᠯ ᠢ ᠠᠳᠬᠤᠵᠤ᠂  ᠵᠥᠭᠡᠯᠡᠨ ᠲᠤᠨᠤᠭ ᠳᠡᠭᠡᠷ᠎ᠡ ᠬᠤᠪᠢ ᠠᠯᠳᠠᠵᠤ ᠪᠣᠯᠬᠤ ᠦᠭᠡᠢ᠃  ᠢᠳᠡᠪᠬᠢᠲᠡᠢ ᠪᠠᠷ ᠰᠢᠨ᠎ᠡ ᠶᠢ ᠡᠭᠦᠳᠴᠦ᠂  ᠠᠵᠢᠯᠯᠠᠬᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃  ᠬᠡᠪ ᠤᠨ ᠲᠤᠭᠲᠠᠯᠴᠠᠭ᠎ᠠ ᠶᠢ ᠡᠭᠦᠳᠦᠨ ᠪᠠᠶᠢᠭᠤᠯᠵᠤ᠂  ᠲᠦᠰᠥᠪ ᠲᠦᠯᠦᠪᠵᠢᠭᠦᠯᠭᠡ ᠪᠠᠨ ᠲᠡᠭᠦᠯᠳᠡᠷᠵᠢᠭᠦᠯᠬᠦ ᠬᠡᠷᠡᠭᠲᠡᠢ᠃  ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠵᠦ᠂  ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃  ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ  ᠡᠷᠬᠢᠨ ᠲᠤᠭᠤᠷᠢᠨ ᠳᠠᠬᠢ ᠬᠦᠳᠡᠭᠡ ᠲᠤᠰᠬᠤᠨ ᠵᠦᠭ  ᠦᠷᠭᠡᠳᠬᠡᠵᠦ᠂  ᠬᠦᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠣᠳᠤᠯᠭ᠎ᠠ ᠎ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
   ᠰᠢᠦᠢ ᠵᠢᠶᠠᠨ ᠾᠦᠢ ᠰᠠᠭᠤᠳᠠᠯ ᠤᠨ ᠬᠤᠷᠠᠯ ᠢ  ᠡᠷᠬᠢᠯᠡᠨ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1