| | 7 ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠪᠢᠩ ᠵᠦᠩ ᠂ ᠮᠠᠨ ᠤ | ᠲᠤᠭᠤᠷᠢᠭ ᠤᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠦᠷᠥᠯ ᠵᠦᠢᠯ ᠤᠨ | ᠠᠬᠢᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠵᠠᠰᠠᠭ ᠤᠨ ᠤᠷᠳᠤᠨ ᠤ ᠳᠡᠳ᠋ ᠳᠠᠷᠤᠭ᠎ᠠ ᠼᠤᠤ ᡁᠢ ᠶᠦᠩ᠂ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ᠂ ᠨᠠᠮ ᠤᠨ ᠬᠤᠷᠢᠶᠠᠨ ᠤ ᠠᠯᠪᠠᠨ | ᠭᠡᠷ ᠤᠨ ᠡᠷᠬᠢᠯᠡᠭᠴᠢ ᠯᠦ ᠯᠢᠶᠠᠨ ᠭᠦᠸᠧ᠂ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠷᠧᠨ | ᠵᠢᠶᠠᠨ ᠬᠤᠸᠠ ᠬᠤᠷᠠᠯ ᠳᠤ ᠰᠠᠭᠠᠲᠠᠵᠠᠢ᠃ ᠲᠤᠭᠤᠷᠢᠭ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ | ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ᠂ ᠠᠵᠤ ᠠᠬᠤᠢ ᠰᠤᠷᠠᠭ ᠵᠠᠩᠭᠢᠵᠢᠯᠠᠯᠲᠠ ᠶᠢᠨ ᠲᠤᠪᠴᠢᠶ᠎ᠠ᠂ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠤᠯᠤᠰ ᠤᠨ ᠭᠠᠵᠠᠷ ᠰᠢᠷᠤᠢ ᠶᠢᠨ ᠲᠤᠪᠴᠢᠶ᠎ᠠ᠂ ᠬᠦᠭᠵᠢᠭᠦᠯᠦᠯᠲᠡ | ᠦᠭᠡᠷᠡᠴᠢᠯᠡᠯᠲᠡ ᠶᠢᠨ ᠲᠤᠪᠴᠢᠶ᠎ᠠ᠂ ᠬᠦᠷᠢᠶᠡᠯᠡᠩ ᠲᠤᠭᠤᠷᠢᠭ ᠤᠨ ᠠᠯᠪᠠᠨ ᠭᠡᠷ᠂ ᠨᠡᠭᠡᠭᠡᠯᠲᠡ ᠶᠢᠨ ᠲᠤᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ᠂ ᠴᠠᠩ ᠲᠠᠢ ᠤᠰᠤᠨ ᠶᠠᠪᠤᠳᠠᠯ ᠤᠨ | ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ | | | | | ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠦᠷᠥᠯ ᠵᠦᠢᠯ ᠤᠨ ᠠᠬᠢᠴᠠ ᠶᠢᠨ | ᠪᠠᠶᠢᠳᠠᠯ ᠢ ᠬᠠᠷᠢᠭᠤ ᠮᠡᠳᠡᠭᠦᠯᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠦᠷᠥᠯ ᠵᠦᠢᠯ ᠤᠨ | ᠪᠠᠶᠢᠭᠤᠯᠤᠯᠲᠠ ᠶᠢᠨ ᠳᠤᠮᠳᠠᠬᠢ ᠤᠷᠤᠰᠢᠵᠤ ᠪᠠᠶᠢᠬᠤ ᠠᠰᠠᠭᠤᠳᠠᠯ ᠪᠠ ᠰᠢᠢᠳᠪᠦᠷᠢᠯᠡᠬᠦ ᠪᠤᠳᠠᠲᠠᠢ ᠠᠷᠭ᠎ᠠ | ᠬᠡᠮᠵᠢᠶ᠎ᠡ ᠶᠢ ᠳᠤᠷᠠᠳᠤᠭᠰᠠᠨ ᠪᠠᠶᠢᠨ᠎ᠠ ᠃ | ᠸᠠᠩ ᠪᠢᠩ ᠵᠦᠩ ᠵᠢᠭᠠᠬᠤ ᠳᠠᠭᠠᠨ᠂ ᠣᠳᠤ ᠪᠣᠯᠬᠤ ᠳᠤ᠂ ᠮᠠᠨ ᠤ ᠤᠷᠤᠨ ᠤ ᠳ᠋ᠦᠩᠰᠢᠭᠤᠷ | ᠲᠦᠭᠦᠷᠢᠭ ᠠᠴᠠ ᠳᠠᠭᠡᠭᠰᠢ ᠠᠵᠤ ᠦᠢᠯᠡᠰ ᠤᠨ 16 ᠲᠦᠷᠥᠯ ᠵᠦᠢᠯ ᠤᠨ ᠪᠠᠶᠢᠭᠤᠯᠤᠯᠲᠠ ᠶᠢᠨ ᠶᠡᠷᠦᠩᠬᠡᠢ ᠪᠠᠶᠢᠳᠠᠯ | ᠳᠠᠪᠠᠭᠤ ᠰᠢᠭ ᠪᠠᠶᠢᠨ᠎ᠠ᠃ ᠭᠡᠪᠡᠴᠦ ᠠᠬᠢᠴᠠ ᠶᠢᠨ ᠬᠤᠷᠳᠤᠴᠠ ᠲᠡᠭᠰᠢ ᠦᠭᠡᠢ᠂ ᠵᠠᠷᠢᠮ ᠲᠦᠷᠥᠯ ᠵᠦᠢᠯ ᠤᠨ | ᠪᠠᠶᠢᠭᠤᠯᠤᠯᠲᠠ ᠨᠢ ᠨᠡᠯᠢᠶᠡᠳ ᠤᠳᠠᠭᠠᠨ ᠪᠠᠶᠢᠨ᠎ᠠ᠃ ᠡᠷᠬᠡᠪᠰᠢ ᠵᠤᠬᠢᠴᠠᠭᠤᠯᠬᠤ ᠬᠦᠴᠦᠯᠡᠴᠡ ᠪᠠᠨ ᠴᠢᠩᠭᠠᠳᠬᠠᠵᠤ᠂ | ᠨᠢᠭᠡᠨᠲᠡ ᠡᠬᠢᠯᠡᠭᠰᠡᠨ ᠲᠦᠷᠥᠯ ᠵᠦᠢᠯ ᠨᠢ ᠡᠷᠲᠡᠬᠡᠨ ᠠᠰᠢᠭᠯᠠᠯᠲᠠ ᠳᠤ ᠣᠷᠣᠬᠤ ᠪᠠᠷ ᠴᠢᠷᠮᠠᠶᠢᠵᠦ᠂ ᠡᠬᠢᠯᠡᠭᠡ | ᠦᠭᠡᠢ ᠲᠦᠷᠦᠯ ᠵᠦᠢᠯ ᠨᠢ ᠴᠠᠭ ᠲᠤᠬᠢᠶᠠᠯ ᠢ ᠵᠠᠪᠳᠤᠨ ᠠᠬᠢᠴᠠ ᠪᠠᠨ ᠲᠦᠷᠭᠡᠳᠬᠡᠬᠦ ᠬᠡᠷᠡᠭᠲᠡᠢ᠃ ᠠᠵᠤ | ᠠᠬᠤᠶᠢᠯᠠᠯ ᠨᠢ ᠦᠵᠡᠯ ᠰᠠᠨᠠᠭ᠎ᠠ ᠪᠠᠨ ᠴᠢᠯᠦᠭᠡᠯᠡᠵᠦ᠂ ᠬᠠᠤᠯᠢ ᠳᠦᠷᠢᠮ ᠢ ᠵᠦᠷᠢᠴᠡᠬᠦ ᠦᠭᠡᠢ ᠤᠷᠢᠳᠠᠯ ᠤᠨ ᠳᠤᠤᠷ᠎ᠠ | ᠂ ᠬᠢᠨᠠᠨ ᠵᠥᠪᠰᠢᠶᠡᠷᠡᠭᠦᠯᠬᠦ ᠶᠠᠪᠤᠴᠠ ᠪᠠ ᠠᠵᠢᠯ ᠤᠨ ᠠᠬᠢᠴᠠ ᠪᠠᠨ ᠨᠡᠶᠢᠳᠡᠮ ᠳᠤ ᠨᠢ ᠵᠤᠬᠢᠴᠠᠭᠤᠯᠵᠤ᠂ ᠲᠦᠷᠥᠯ | ᠵᠦᠢᠯ ᠤᠨ ᠪᠠᠶᠢᠭᠤᠯᠤᠯᠲᠠ ᠶᠢᠨ ᠠᠬᠢᠴᠠ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠨᠢ ᠦᠢᠯᠡᠴᠢᠯᠡᠬᠦ | ᠤᠬᠠᠮᠰᠠᠷ ᠢᠶᠠᠨ ᠦᠨᠡᠩᠬᠦ ᠴᠢᠩᠭᠠᠳᠬᠠᠨ᠂ ᠠᠵᠤ ᠠᠬᠤᠶᠢᠯᠠᠯ ᠤᠨᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ | ᠬᠦᠴᠦᠨ ᠢᠶᠠᠷ ᠢᠶᠠᠨ ᠬᠠᠪᠰᠤᠷᠤᠨ ᠳᠡᠮᠵᠢᠬᠦ ᠬᠡᠷᠡᠭᠲᠡᠢ᠃ ᠲᠤᠭᠤᠷᠢᠭ ᠤᠨ ᠵᠠᠰᠠᠭ ᠤᠨ ᠤᠷᠳᠤᠨ ᠨᠢ ᠬᠠᠮᠢᠶ᠎ᠠ ᠪᠦᠬᠦᠢ | ᠳᠦᠷᠢᠮ ᠲᠤᠭᠲᠠᠭᠠᠯ ᠢ ᠳᠠᠷᠤᠶᠢᠬᠠᠨ ᠲᠤᠭᠲᠠᠭᠠᠵᠤ᠂ ᠤᠷᠤᠰᠢᠵᠤ ᠪᠠᠶᠢᠬᠤ ᠠᠰᠠᠭᠤᠳᠠᠯ ᠪᠠ ᠬᠦᠴᠢᠷᠳᠡᠯ ᠢ ᠴᠠᠭ | ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠲᠦᠷᠥᠯ ᠵᠦᠢᠯ ᠤᠨ ᠪᠠᠶᠢᠭᠤᠯᠤᠯᠲᠠ ᠶᠢᠨ | ᠬᠠᠮᠢᠶᠠᠷᠤᠯᠲᠠ ᠪᠠᠨ ᠴᠢᠩᠭᠠᠳᠬᠠᠨ᠂ ᠡᠳᠦᠷ ᠪᠦᠷᠢ ᠵᠤᠬᠢᠴᠠᠭᠤᠯᠬᠤ ᠳᠦᠷᠢᠮ ᠢ ᠬᠡᠷᠡᠭᠵᠢᠭᠦᠯᠵᠦ᠂ ᠪᠠᠶᠢᠴᠠᠭᠠᠨ | ᠱᠠᠭᠠᠷᠳᠠᠬᠤ ᠪᠠᠨ ᠴᠢᠩᠭᠠᠷᠠᠭᠤᠯᠬᠤ ᠬᠡᠷᠡᠭᠲᠡᠢ ᠭᠡᠵᠡᠢ᠃ | |