| | ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ23 ᠤ ᠡᠳᠦᠷ ᠤᠨ ᠴᠠᠬᠢᠯᠭᠠᠨ ᠮᠡᠳᠡᠭᠡ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠤᠰ ᠲᠦᠷᠥ ᠶᠢᠨ ᠲᠤᠪᠴᠢᠶ᠎ᠠ ᠨᠢ 2 ᠰᠠᠷ᠎ᠠ ᠶᠢᠨ22 ᠤ ᠡᠳᠦᠷ ᠤᠨ | ᠦᠳᠡ ᠶᠢᠨ ᠬᠤᠶᠢᠨ᠎ᠠ ᠮᠦᠩᠭᠦᠨ ᠭᠦᠢᠯᠭᠡᠭᠡᠨ ᠤ ᠦᠢᠯᠡᠴᠢᠯᠡᠭᠡᠨ ᠢ ᠲᠡᠭᠦᠯᠳᠡᠷᠵᠢᠭᠦᠯᠬᠦ᠂ ᠮᠦᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠬᠦ ᠲᠤᠬᠠᠢ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠡᠷᠬᠢᠯᠡᠵᠡᠢ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠱᠢ ᠶᠢᠨ ᠫᠢᠩ ᠰᠤᠷᠤᠯᠴᠠᠯᠭ᠎ᠠ ᠶᠢ ᠡᠷᠬᠢᠯᠡᠵᠦ | ᠴᠢᠬᠤᠯᠠᠴᠢᠯᠠᠬᠤ ᠳᠠᠭᠠᠨ᠂ ᠤᠯᠤᠰ ᠤᠨ ᠳᠤᠳᠤᠭᠠᠳᠤ ᠭᠠᠳᠠᠭᠠᠳᠤ ᠶᠢᠨ ᠮᠦᠩᠭᠦᠨ ᠭᠦᠢᠯᠭᠡᠭᠡᠨ ᠤ ᠪᠠᠶᠢᠳᠠᠯ ᠤᠨ | ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠮᠦᠩᠭᠦᠨ ᠭᠦᠢᠯᠭᠡᠭᠡᠨ ᠤ ᠮᠦᠨ ᠴᠢᠨᠠᠷ ᠢ ᠵᠥᠪ ᠤᠨᠤᠪᠴᠢᠲᠠᠢ | ᠡᠵᠡᠮᠰᠢᠨ᠂ ᠮᠦᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠤ᠂ ᠲᠤᠭᠲᠠᠭᠤᠨ ᠢᠶᠠᠷ ᠨᠡᠮᠡᠭᠳᠡᠬᠦ ᠪᠠ ᠲᠦᠭᠰᠢᠭᠦᠷᠢ ᠶᠢ ᠰᠡᠷᠭᠡᠶᠢᠯᠡᠬᠦ ᠯᠤᠭ᠎ᠠ ᠶᠢᠨ ᠬᠠᠷᠢᠴᠠᠭ᠎ᠠ ᠶᠢ | ᠲᠡᠩᠴᠡᠭᠦᠷᠢ ᠲᠠᠢ ᠪᠠᠶᠢᠯᠭᠠᠨ᠂ ᠭᠤᠤᠯᠳᠠᠯᠭ᠎ᠠ ᠲᠠᠢ ᠴᠠᠷ᠎ᠠ ᠬᠦᠷᠢᠶ᠎ᠡ ᠳᠠᠬᠢ ᠲᠦᠭᠰᠢᠭᠦᠷᠢ ᠶᠢ ᠤᠨᠤᠪᠴᠢᠲᠠᠢ ᠦᠷ᠎ᠡ | ᠪᠦᠲᠦᠮᠵᠢ ᠲᠠᠢ ᠪᠠᠷ ᠰᠢᠢᠳᠪᠦᠷᠢᠯᠡᠵᠦ᠂ ᠮᠦᠩᠭᠦᠨ ᠭᠦᠢᠯᠭᠡᠭᠡᠨ ᠤ ᠦᠭᠡᠷᠡᠴᠢᠯᠡᠯᠲᠡ ᠨᠡᠭᠡᠭᠡᠯᠲᠠ ᠶᠢ | ᠭᠦᠨᠵᠡᠭᠡᠶᠢᠷᠡᠭᠦᠯᠦᠨ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠪᠤᠳᠠᠳᠤ ᠴᠤᠭᠴᠠ ᠶᠢᠨ ᠠᠵᠤ ᠠᠬᠤᠢ ᠶᠢᠨ | ᠴᠢᠳᠠᠪᠤᠷᠢ ᠶᠢ ᠴᠢᠩᠭᠠᠳᠬᠠᠵᠤ᠂ ᠮᠦᠩᠭᠦᠨ ᠭᠦᠢᠯᠭᠡᠭᠡᠨ ᠤ ᠲᠦᠭᠰᠢᠭᠦᠷᠢ ᠶᠢ ᠪᠠᠭᠲᠠᠭᠠᠭᠰᠠᠨ ᠬᠦᠨᠳᠦ ᠶᠡᠭᠡ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠮᠠᠨ ᠤ | ᠤᠯᠤᠰ ᠤᠨ ᠮᠦᠩᠭᠦᠨ ᠭᠦᠢᠯᠭᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ | ᠲᠣᠷᠭᠠᠨ ᠵᠠᠮ ᠤᠨ ᠰᠠᠭᠤᠷᠢ ᠮᠦᠩᠭᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠨᠠᠮ ᠤᠨ | ᠬᠤᠷᠢᠶᠠᠨ ᠤ ᠱᠦᠵᠢ᠂ ᠬᠡᠷᠡᠭ ᠮᠡᠳᠡᠭᠴᠢ ᠶᠢᠨ ᠳᠠᠷᠤᠭ᠎ᠠ ᠱᠢᠶᠧ ᠳ᠋ᠦᠸᠧ ᠨᠦᠬᠦᠷ ᠠᠴᠠ ᠡᠨᠡ ᠠᠰᠠᠭᠤᠳᠠᠯ ᠤᠨ | ᠲᠤᠬᠠᠢ ᠶᠠᠷᠢᠶ᠎ᠠ ᠲᠠᠶᠢᠯᠤᠮᠵᠢ ᠬᠢᠵᠦ ᠰᠠᠨᠠᠯ ᠰᠠᠨᠠᠭᠤᠯᠭ᠎ᠠ ᠪᠠᠨ ᠶᠠᠷᠢᠵᠠᠢ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ ᠂ ᠲᠡᠷᠡᠲ᠋ᠤᠷᠠᠳᠤᠭᠰᠠᠨ ᠨᠢ᠄ | ᠮᠥᠩᠭᠦᠨ ᠭᠦᠢᠯᠭᠡᠭᠡ ᠪᠣᠯ ᠤᠯᠤᠰ ᠤᠨ ᠴᠢᠬᠤᠯᠠ ᠪᠦᠬᠦᠢ ᠭᠤᠣᠯᠯᠠᠭᠴᠢ ᠦᠷᠢᠰᠦᠯᠳᠦᠬᠦ ᠬᠦᠴᠦᠨ ᠮᠦᠨ᠂ | ᠮᠥᠩᠭᠦᠨ ᠭᠦᠢᠯᠭᠡᠭᠡᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠪᠦᠷᠢᠯᠳᠦᠬᠦᠨ ᠬᠡᠰᠡᠭ | ᠮᠥᠨ᠂ ᠮᠥᠩᠭᠦᠨ ᠭᠦᠢᠯᠭᠡᠭᠡᠨ ᠤ ᠲᠦᠷᠢᠮ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ | ᠴᠢᠨᠠᠷᠲᠠᠢ ᠲᠦᠷᠢᠮ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠮᠠᠨ ᠤ ᠤᠯᠤᠰ ᠤᠨ ᠮᠥᠩᠭᠦᠨ | ᠭᠦᠢᠯᠭᠡᠭᠡᠨ ᠤ ᠦᠢᠯᠡᠰ ᠤᠨ ᠬᠥᠭᠵᠢᠯᠲᠡ ᠲᠡᠤᠬᠡᠲᠦ ᠴᠢᠨᠠᠷᠲᠠᠶ ᠠᠮᠵᠢᠯᠲᠠ ᠣᠯᠵᠠᠶ᠃ ᠢᠯᠠᠩᠭᠤᠶ᠎ᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠢᠳᠡ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠮᠥᠩᠭᠦᠨ | ᠭᠦᠢᠯᠭᠡᠭᠡᠨ ᠤ ᠥᠭᠡᠷᠡᠴᠢᠯᠡᠯᠲᠡ ᠬᠥᠭᠵᠢᠭᠦᠯᠦᠯᠲᠡ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠵᠠᠰᠠᠬᠤ᠂ | ᠮᠥᠩᠭᠦᠨ ᠭᠦᠢᠯᠭᠡᠭᠡᠨ ᠤ ᠦᠢᠯᠡᠰ ᠲᠦᠷᠭᠡᠨ ᠬᠥᠭᠵᠢᠵᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠨᠡᠭᠡᠭᠡᠯᠳᠡ ᠶᠢ | ᠡᠮᠬᠢ ᠵᠢᠷᠤᠮ ᠲᠠᠢ ᠲᠦᠯᠬᠢᠨ ᠠᠬᠢᠭᠤᠯᠵᠤ᠂ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠡᠳᠦᠷ ᠢᠷᠡᠬᠦᠶ᠎ᠡ ᠡᠯᠪᠡᠭ | ᠪᠠᠶᠠᠯᠢᠭ ᠪᠣᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠦᠭᠡᠮᠡᠯ ᠬᠠᠷᠠᠭᠠᠯᠵᠠᠯ ᠤᠨ ᠴᠢᠨᠠᠷ ᠨᠡᠮᠡᠭᠳᠡᠵᠦ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠶᠢᠨ ᠬᠠᠮᠲᠤ ᠮᠠᠨ ᠤ | ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠪᠦᠲᠦᠴᠡ᠂ ᠡᠵᠡᠩᠨᠡᠯᠲᠡ ᠶᠢᠨ | ᠣᠶᠢᠯᠠᠭᠠᠭᠳᠠᠬᠤᠨ᠂ ᠰᠢᠨ᠎ᠡ ᠶᠢ ᠡᠭᠦᠳᠬᠦ ᠴᠢᠳᠠᠪᠤᠷᠢ᠂ ᠦᠢᠯᠡᠴᠢᠯᠡᠭᠡᠨ ᠤ ᠬᠢᠷᠢ ᠬᠡᠮᠵᠢᠶ᠎ᠡ ᠨᠢ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠲᠠᠢ ᠬᠠᠷᠠᠬᠠᠨ ᠵᠣᠬᠢᠴᠠᠬᠤ ᠦᠭᠡᠢ ᠪᠠᠶᠢᠭᠰᠠᠭᠠᠷ᠂ ᠮᠠᠰᠢ ᠤᠯᠠᠨ | ᠵᠥᠷᠢᠴᠡᠯ ᠪᠠ ᠠᠰᠠᠭᠤᠳᠠᠯ ᠮᠥᠨ ᠲᠤᠪᠤᠶᠢᠮ᠎ᠠ ᠪᠠᠶᠢᠨ᠎ᠠ᠃ ᠪᠢᠳᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠡᠨᠡᠬᠦ ᠭᠤᠣᠯᠳᠠᠯᠭ᠎ᠠ ᠶᠢ | ᠠᠳᠬᠤᠵᠤ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠶ᠃ | ᠰᠢ ᠶᠢᠨ ᠫᠢᠩ ᠴᠢᠬᠤᠯᠠᠴᠢᠯᠠᠭᠰᠠᠨ ᠨᠢ᠄ ᠮᠥᠩᠭᠦᠨ ᠭᠦᠢᠯᠭᠡᠭᠡᠨ ᠨᠢ ᠪᠣᠳᠠᠲᠤ ᠴᠣᠭᠴᠠ ᠶᠢᠨ ᠠᠵᠤ | ᠠᠬᠤᠢ ᠳᠤ ᠦᠢᠯᠡᠴᠢᠯᠡᠬᠦ ᠬᠡᠷᠡᠭᠲᠡᠶ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠯᠠᠨ ᠤ ᠬᠡᠷᠡᠭᠴᠡᠭᠡ ᠶᠢ | ᠬᠠᠩᠭᠠᠬᠤ ᠬᠡᠷᠡᠭᠲᠡᠶ᠃ ᠮᠥᠩᠭᠦᠨ ᠭᠦᠢᠯᠭᠡᠭᠡ ᠠᠮᠢᠵᠢᠷᠠᠯ ᠲᠠᠢ ᠪᠣᠯ ᠠᠵᠤ ᠠᠬᠤᠢ ᠠᠮᠢᠵᠢᠷᠠᠯ ᠲᠠᠢ ᠪᠣᠯᠤᠨ᠎ᠠ ᠃ | ᠮᠥᠩᠭᠦᠨ ᠭᠦᠢᠯᠭᠡᠭᠡ ᠲᠣᠭᠲᠠᠪᠤᠷᠢᠲᠠᠢ ᠪᠣᠯ ᠠᠵᠤ ᠠᠬᠤᠢ ᠲᠣᠭᠲᠠᠪᠤᠷᠢᠲᠠᠢ ᠪᠣᠯᠤᠨ᠎ᠠ ᠃ ᠠᠵᠤ ᠠᠬᠤᠶ ᠬᠥᠭᠵᠢᠨ | ᠮᠠᠨᠳᠤᠪᠠᠯ ᠮᠥᠩᠭᠦᠨ ᠭᠦᠢᠯᠭᠡᠭᠡᠨ ᠮᠠᠨᠳᠤᠨ᠎ᠠ᠂ ᠠᠵᠤ ᠠᠬᠤᠶ ᠶᠢᠨ ᠬᠦᠴᠦᠷᠬᠡᠭ ᠪᠤᠯ ᠮᠥᠩᠭᠦᠨ ᠭᠦᠢᠯᠭᠡᠭᠡᠨ ᠤ | ᠬᠦᠴᠦᠷᠬᠡᠭ ᠪᠠᠶᠢᠳᠠᠭ᠃ ᠠᠵᠤ ᠠᠬᠤᠶ ᠪᠣᠯ ᠮᠠᠬᠠᠪᠣᠳ ᠮᠥᠨ᠂ ᠮᠥᠩᠭᠦᠨ ᠭᠦᠢᠯᠭᠡᠭᠡ ᠪᠣᠯ ᠴᠢᠰᠤᠨ ᠰᠤᠳᠠᠰᠤ | ᠮᠥᠨ᠂ ᠡᠨᠡ ᠬᠤᠶᠠᠷ ᠬᠠᠮᠲᠤ ᠪᠠᠷ ᠣᠷᠣᠰᠢᠵᠤ ᠬᠠᠮᠲᠤ ᠪᠠᠷ ᠬᠦᠭᠵᠢᠨ᠎ᠡ᠃ ᠪᠢᠳᠡ ᠮᠥᠩᠭᠦᠨ ᠭᠦᠢᠯᠭᠡᠭᠡ ᠶᠢᠨ | ᠮᠥᠨ ᠴᠢᠨᠠᠷ ᠪᠠ ᠵᠢᠮ᠎ᠡ ᠶᠣᠰᠣᠨ ᠤ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠪᠣᠳᠠᠲᠤ | ᠪᠠᠶᠢᠳᠠᠯ ᠳᠤ ᠰᠠᠭᠤᠷᠢᠯᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠮᠥᠩᠭᠦᠨ ᠭᠦᠢᠯᠭᠡᠭᠡᠨ ᠤ ᠬᠥᠭᠵᠢᠯᠲᠡ ᠶᠢᠨ | ᠵᠠᠮ ᠢᠶᠠᠷ ᠵᠠᠮᠨᠠᠬᠤ ᠬᠡᠷᠡᠭᠲᠡᠶ ᠭᠡᠵᠡᠢ᠃ | |