ᠶᠤᠸᠠᠨ ᠪᠤᠤ ᠱᠠᠨ ᠲᠤᠭᠤᠷᠢᠭ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ 2019 ᠣᠨ ᠤ ᠰᠠᠯᠠᠭ᠎ᠠ ᠮᠦᠴᠢᠷ ᠤᠨ  ᠡᠳ᠋ ᠤᠨ ᠵᠠᠰᠠᠭ ᠤᠨ  ᠲᠦᠰᠦᠪ ᠤᠨ ᠭᠦᠢᠴᠡᠳᠬᠡᠯ ᠤᠨ ᠰᠤᠷᠠᠭ ᠵᠠᠩᠭᠢ ᠶᠢᠨ ᠢᠯᠡ  ᠨᠡᠶᠢᠲᠡᠯᠡᠯ
ᠨᠡᠶᠢᠲᠡᠯᠡᠭᠰᠡᠨ ᠴᠠᠭ᠄
2019/3/7
    ᠨᠢᠭᠡᠳᠦᠭᠡᠷ ᠪᠦᠯᠦᠭ    ᠰᠠᠯᠠᠭ᠎ᠠ ᠮᠦᠴᠢᠷ ᠤᠨ ᠲᠤᠶᠢᠮᠤ ᠪᠠᠶᠢᠳᠠᠯ      ᠨᠢᠭᠡ᠂ ᠭᠤᠣᠯ  ᠡᠭᠦᠷᠭᠡ ᠲᠤᠰᠢᠶᠠᠯ (1)ᠰᠠᠯᠠᠭ᠎ᠠ ᠮᠦᠴᠢᠷ ᠤᠨ ᠡᠭᠦᠷᠭᠡ ᠲᠤᠰᠢᠶᠠᠯ     ᠲᠤᠭᠤᠷᠢᠭ ᠤᠨ ᠲᠤᠭ᠎ᠠ ᠪᠦᠷᠢᠳᠬᠡᠯ ᠤᠨ ᠲᠤᠪᠴᠢᠶ᠎ᠠ ᠨᠢ ᠵᠠᠰᠠᠭ ᠤᠨ ᠤᠷᠳᠤᠨ  ᠤ  ᠰᠠᠯᠠᠭ᠎ᠠ ᠮᠦᠴᠢᠷ  ᠮᠦᠨ ᠂  ᠵᠢᠩᠭᠢᠨᠢ ᠰᠠᠯᠠᠭᠠᠨ ᠳᠡᠰ ᠤᠨ ᠵᠠᠰᠠᠭ ᠵᠠᠬᠢᠷᠭᠠᠨ ᠤ ᠨᠢᠭᠡᠴᠡ᠃  (2)ᠭᠤᠣᠯ ᠡᠭᠦᠷᠭᠡ ᠲᠤᠰᠢᠶᠠᠯ    1、ᠤᠯᠤᠰ ᠤᠨ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ᠂  ᠲᠦᠷᠥ ᠶᠢᠨ ᠪᠣᠳᠣᠯᠭ᠎ᠠ ᠪᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃    2、ᠪᠦᠬᠦ  ᠲᠤᠭᠤᠷᠢᠭ ᠤᠨ  ᠪᠦᠷᠢᠳᠬᠡᠨ ᠪᠠᠶᠢᠴᠠᠭᠠᠬᠤ  ᠲᠦᠷᠥᠯ ᠵᠦᠢᠯ ᠢ ᠵᠤᠬᠢᠶᠠᠨ ᠪᠠᠶᠢᠭᠤᠯᠵᠤ ᠬᠠᠮᠢᠶᠠᠷᠤᠨ᠂  ᠡᠯ᠎ᠡ ᠰᠠᠯᠠᠭ᠎ᠠ ᠮᠦᠴᠢᠷ ᠤᠨ ᠪᠦᠷᠢᠳᠬᠡᠨ ᠪᠠᠶᠢᠴᠠᠭᠠᠬᠤ ᠲᠦᠰᠦᠪ᠂  ᠪᠠᠶᠢᠴᠠᠭᠠᠬᠤ ᠲᠦᠯᠦᠪᠯᠡᠯᠭᠡ ᠶᠢ ᠬᠢᠨᠠᠨ ᠵᠥᠪᠰᠢᠶᠡᠷᠡᠨ᠎ᠡ᠃    3、ᠡᠯ᠎ᠡ ᠪᠠᠯᠭᠠᠰᠤ ᠰᠢᠶᠠᠩ ᠵᠡᠭᠡᠯᠢ᠂  ᠡᠯ᠎ᠡ ᠰᠠᠯᠠᠭ᠎ᠠ ᠮᠦᠴᠢᠷ ᠤᠨ ᠨᠡᠶᠢᠭᠡᠮ ᠠᠵᠤ ᠠᠬᠤᠢ ᠶᠢᠨ ᠪᠠᠶᠢᠴᠠᠭᠠᠯᠲᠠ ᠶᠢ ᠨᠢᠭᠡᠲᠦᠯᠲᠡᠢ ᠵᠤᠬᠢᠶᠠᠨ ᠪᠠᠶᠢᠭᠤᠯᠵᠤ᠂  ᠪᠦᠬᠦ ᠲᠤᠭᠤᠷᠢᠭ ᠤᠨ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ  ᠬᠤᠷᠢᠶᠠᠩᠭᠤᠶᠢᠯᠠᠨ ᠡᠮᠬᠢᠯᠡᠨ᠎ᠡ᠃    4、ᠨᠡᠶᠢᠭᠡᠮ ᠤᠨ ᠪᠠᠶᠢᠳᠠᠯ ᠢ ᠪᠠᠶᠢᠴᠠᠭᠠᠵᠤ᠂   ᠠᠷᠠᠳ ᠤᠯᠠᠨ ᠤ ᠬᠠᠯᠠᠮᠵᠢᠯᠠᠵᠤ ᠪᠠᠶᠢᠭ᠎ᠠ ᠬᠠᠯᠠᠮᠰᠢᠯ᠂  ᠬᠦᠴᠢᠷᠲᠡᠢ ᠪᠠ ᠠᠩᠬᠠᠷᠤᠯ ᠳᠠᠭᠠᠨ ᠠᠪᠴᠤ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠳᠡᠭᠡᠷ᠎ᠡ ᠱᠠᠲᠤᠨ ᠳᠤ ᠳᠤᠰᠬᠠᠨ᠎ᠠ᠃    5、ᠤᠯᠤᠰ ᠠᠷᠠᠳ  ᠤᠨ ᠠᠵᠤ ᠠᠬᠤᠢ᠂  ᠰᠢᠨᠵᠢᠯᠡᠬᠦ ᠮᠡᠷᠭᠡᠵᠢᠯ ᠤᠨ  ᠠᠬᠢᠯᠲᠠ ᠪᠠ ᠨᠡᠶᠢᠭᠡᠮ ᠤᠨ ᠬᠥᠭᠵᠢᠯᠲᠡ ᠵᠡᠷᠭᠡ ᠪᠠᠶᠢᠳᠠᠯ ᠢ ᠪᠦᠷᠢᠳᠬᠡᠨ ᠵᠠᠳᠠᠯᠠᠵᠤ᠂  ᠪᠦᠷᠢᠳᠬᠡᠨ ᠵᠢᠱᠢᠵᠦ᠂ ᠪᠦᠷᠢᠳᠬᠡᠨ  ᠬᠢᠨᠠᠵᠤ᠂  ᠲᠤᠭᠤᠷᠢᠭ ᠤᠨ ᠨᠠᠮ ᠤᠨ ᠬᠤᠷᠢᠶ᠎ᠠ᠂  ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠤᠷᠠᠭ ᠵᠠᠩᠭᠢ ᠪᠠ ᠯᠠᠪᠯᠠᠯᠲᠠ ᠰᠠᠨᠠᠭᠤᠯᠭ᠎ᠠ ᠬᠠᠩᠭᠠᠨ᠎ᠠ᠃    6、ᠪᠦᠬᠦ ᠲᠤᠭᠤᠷᠢᠭ ᠤᠨ ᠴᠢᠨᠠᠷᠲᠠᠢ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠲᠦᠯᠲᠡᠢ ᠬᠠᠮᠢᠶᠠᠷᠤᠨ ᠨᠡᠶᠢᠲᠡᠯᠡᠵᠦ᠂ ᠲᠤᠭᠲᠠᠭᠰᠠᠨ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠪᠦᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠪᠦᠷᠢᠳᠬᠡᠯ ᠤᠨ ᠰᠤᠷᠠᠭ ᠵᠠᠩᠭᠢ ᠶᠢ ᠨᠡᠶᠢᠲᠡᠯᠡᠨ᠎ᠡ᠃    7、 ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠰᠤᠷᠠᠭ ᠵᠠᠩᠭᠢᠵᠢᠯᠠᠯᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃      ᠬᠤᠶᠠᠷ᠂  ᠰᠠᠯᠠᠭ᠎ᠠ ᠮᠦᠴᠢᠷ ᠤᠨ  ᠲᠦᠰᠦᠪ ᠤᠨ ᠨᠢᠭᠡᠴᠡ ᠶᠢᠨ ᠪᠦᠷᠢᠯᠳᠦᠯ      ᠲᠤᠭ᠎ᠠ ᠪᠦᠷᠢᠳᠬᠡᠯ ᠤᠨ ᠲᠤᠪᠴᠢᠶᠠᠨ  ᠤ ᠰᠠᠯᠠᠭ᠎ᠠ ᠮᠦᠴᠢᠷ  ᠤᠨ ᠪᠠᠶᠢᠭᠤᠯᠤᠮᠵᠢ ᠵᠢᠴᠢ ᠠᠵᠢᠯᠲᠠᠨ ᠤ ᠦᠨᠳᠦᠰᠦᠨ ᠪᠠᠶᠢᠳᠠᠯ     1、 ᠲᠤᠪᠴᠢᠶᠠᠨ ᠤ ᠳᠤᠤᠷ᠎ᠠ  ᠪᠡᠶ᠎ᠡ ᠪᠠᠨ ᠳᠠᠭᠠᠭᠠᠭᠰᠠᠨ ᠲᠦᠰᠦᠪ ᠤᠨ ᠨᠢᠭᠡᠴᠡ1  ᠪᠠᠶᠢᠵᠤ᠂  ᠡᠭᠦᠨ ᠳᠤ ᠂  ᠡᠳ᠋ ᠤᠨ ᠵᠠᠰᠠᠭ ᠠᠴᠠ  ᠪᠡᠯᠡ ᠪᠠᠭᠤᠯᠭᠠᠵᠤ ᠪᠠᠶᠢᠭ᠎ᠠ ᠵᠠᠰᠠᠭ ᠵᠠᠬᠢᠷᠭᠠᠨ ᠤ ᠨᠢᠭᠡᠴᠡ 1  ᠂  ᠠᠯᠪᠠᠲᠠᠨ ᠤ ᠬᠠᠤᠯᠢ ᠪᠠᠷ ᠬᠠᠮᠢᠶᠠᠷᠤᠯᠲᠠ ᠬᠢᠵᠦ ᠪᠠᠶᠢᠭ᠎ᠠ ᠠᠵᠢᠯ ᠦᠢᠯᠡᠰ ᠤᠨ ᠨᠢᠭᠡᠴᠡ 1᠂  ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠥᠯ ᠤᠨ ᠠᠵᠢᠯ ᠦᠢᠯᠡᠰ ᠤᠨ ᠨᠢᠭᠡᠴᠡ 0  ᠂ ᠨᠡᠶᠢᠲᠡ ᠶᠢᠨ ᠠᠰᠠᠷᠠᠮᠵᠢ ᠶᠢᠨ  ᠬᠤᠶᠠᠳᠤᠭᠠᠷ ᠲᠦᠷᠥᠯ ᠤᠨ ᠠᠵᠢᠯ ᠦᠢᠯᠡᠰ ᠤᠨ ᠨᠢᠭᠡᠴᠡ 0  ᠪᠠᠶᠢᠨ᠎ᠠ᠃     2、 ᠠᠵᠢᠯᠲᠠᠨ ᠤ ᠦᠨᠳᠦᠰᠦᠨ  ᠪᠠᠶᠢᠳᠠᠯ  ᠄ ᠵᠠᠰᠠᠭ ᠵᠠᠬᠢᠷᠭᠠᠨ ᠤ  ᠲᠤᠭᠲᠠᠭᠰᠠᠨ ᠤᠷᠤᠨ  ᠲᠤᠭ᠎ᠠ 7  ᠨᠡᠷ᠎ᠡ᠂  ᠠᠵᠢᠯᠴᠢᠨ ᠤ ᠤᠷᠣᠨ ᠲᠤᠭ᠎ᠠ 1  ᠨᠡᠷ᠎ᠡ  ᠪᠤᠢ᠃  ᠡᠭᠦᠨ ᠳᠤ ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠭ᠎ᠠ 3  ᠨᠡᠷ᠎ᠡ  ︵1 ᠵᠢᠩᠭᠢᠨᠢ2 ᠳᠡᠳ᠋︶ ᠪᠤᠢ᠂  ᠬᠠᠷᠢᠶ᠎ᠠ ᠶᠢᠨ ᠠᠵᠢᠯ ᠦᠢᠯᠡᠰ ᠤᠨ ᠪᠠᠶᠢᠭᠤᠯᠤᠮᠵᠢ ᠶᠢᠨ  ᠲᠤᠭᠲᠠᠭᠰᠠᠨ ᠤᠷᠤᠨ ᠲᠤᠭ᠎ᠠ 13 ᠨᠡᠷ᠎ᠡ᠂  ᠡᠭᠦᠨ ᠳᠤ᠂  ᠠᠯᠪᠠᠲᠠᠨ ᠤ ᠬᠠᠤᠯᠢ ᠪᠠᠷ ᠬᠠᠮᠢᠶᠠᠷᠴᠤ ᠪᠠᠶᠢᠭ᠎ᠠ 10 ᠨᠡᠷ᠎ᠡ᠂  ᠲᠤᠰᠬᠠᠢ ᠮᠡᠷᠭᠡᠵᠢᠯ ᠤᠨ ᠴᠢᠳᠠᠪᠤᠷᠢᠲᠠᠨ 3  ᠨᠡᠷ᠎ᠡ᠂  ᠨᠡᠶᠢᠲᠡ 21 ᠨᠡᠷ᠎ᠡ ᠪᠤᠢ᠃  ᠤᠳᠣ ᠡᠩ ᠤᠨ ᠤᠯᠠᠨ ᠨᠡᠶᠢᠲᠡ ᠶᠢᠨ ᠲᠦᠰᠦᠪ ᠤᠨ ᠡᠳ᠋ ᠤᠨ ᠵᠠᠰᠠᠭ ᠠᠴᠠ  ᠪᠡᠯᠡ  ᠪᠠᠭᠤᠯᠭᠠᠵᠤ ᠪᠠᠶᠢᠭ᠎ᠠ ᠨᠢ 18 ᠬᠦᠮᠦᠨ ᠪᠠᠶᠢᠨ᠎ᠠ᠃    3、 ᠠᠵᠢᠯ ᠤᠨ   ᠡᠭᠦᠷᠭᠡ ᠲᠤᠰᠢᠶᠠᠯ ᠢ ᠦᠨᠳᠦᠰᠦᠯᠡᠵᠦ᠂ ᠲᠤᠭᠤᠷᠢᠭ ᠤᠨ ᠲᠤᠭ᠎ᠠ ᠪᠦᠷᠢᠳᠬᠡᠯ ᠤᠨ ᠲᠤᠪᠴᠢᠶ᠎ᠠ  ᠶᠢᠨ ᠬᠠᠷᠢᠶᠠᠲᠤ ᠰᠠᠯᠠᠭᠠᠨ ᠳᠡᠰ ᠤᠨ ᠠᠵᠢᠯ ᠦᠢᠯᠡᠰ ᠤᠨ ᠪᠠᠶᠢᠭᠤᠯᠤᠮᠵᠢ 1  ᠪᠠ  ᠲᠤᠳᠤᠭᠠᠳᠤ ᠳᠠᠭᠠᠨ ᠰᠠᠯᠠᠭ᠎ᠠ ᠲᠠᠰᠤᠭ 5   ᠪᠠᠶᠢᠭᠤᠯᠵᠠᠢ᠃  ᠰᠠᠯᠠᠭ᠎ᠠ ᠳᠡᠰ ᠤᠨ ᠠᠵᠢᠯ ᠦᠢᠯᠡᠰ ᠤᠨ ᠪᠠᠶᠢᠭᠤᠯᠤᠮᠵᠢ ᠪᠤᠯ  ᠲᠤᠭᠤᠷᠢᠭ ᠤᠨ ᠪᠦᠷᠢᠳᠬᠡᠨ ᠪᠠᠶᠢᠴᠠᠭᠠᠬᠤ ᠠᠩᠭᠢ ᠪᠤᠯᠤᠨ᠎ᠠ᠃  ᠲᠠᠪᠤᠨ ᠰᠠᠯᠠᠭ᠎ᠠ ᠲᠠᠰᠤᠭ ᠨᠢ ᠲᠤᠰ ᠪᠦᠷᠢ  ᠠᠯᠪᠠᠨ ᠭᠡᠷ᠂  ᠪᠦᠷᠢᠳᠬᠡᠨ ᠲᠦᠰᠦᠪᠯᠡᠬᠦ ᠬᠠᠤᠯᠢ ᠳᠦᠷᠢᠮ ᠤᠨ ᠰᠠᠯᠠᠭ᠎ᠠ᠂  ᠶᠡᠷᠦᠩᠬᠡᠶᠢᠯᠡᠭᠰᠡᠨ ᠲᠠᠰᠤᠯᠠᠨ ᠪᠤᠳᠤᠬᠤ ᠪᠦᠷᠢᠳᠬᠡᠯ ᠤᠨ  ᠰᠠᠯᠠᠭ᠎ᠠ᠂  ᠠᠵᠤ ᠠᠬᠤᠢ ᠶᠢᠨ ᠪᠦᠷᠢᠳᠬᠡᠯ ᠤᠨ ᠰᠠᠯᠠᠭ᠎ᠠ ᠪᠠ  ᠨᠡᠶᠢᠭᠡᠮ ᠤᠨ ᠪᠦᠷᠢᠳᠬᠡᠯ ᠤᠨ ᠰᠠᠯᠠᠭ᠎ᠠ ᠪᠤᠯᠤᠨ᠎ᠠ᠃       ᠬᠤᠶᠠᠳᠤᠭᠠᠷ ᠪᠦᠯᠦᠭ    2019 ᠣᠨ ᠤ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠲᠦᠰᠥᠪ ᠢ ᠪᠠᠶᠢᠷᠢᠯᠠᠭᠤᠯᠤᠭᠰᠠᠨ ᠲᠤᠬᠠᠢ ᠲᠤᠳᠤᠷᠬᠠᠶᠢᠯᠠᠯᠲᠠ      ᠨᠢᠭᠡ、ᠰᠠᠯᠠᠭ᠎ᠠ ᠮᠦᠴᠢᠷ  ᠤᠨ ᠡᠳ᠋  ᠤᠨ ᠵᠠᠰᠠᠭ ᠤᠨ ᠲᠦᠰᠦᠪ ᠤᠨ ᠣᠷᠣᠯᠭ᠎ᠠ ᠵᠠᠷᠣᠯᠭ᠎ᠠ ᠶᠢᠨ ᠶᠡᠷᠦᠩᠬᠡᠢ ᠪᠠᠶᠢᠳᠠᠯ ᠤᠨ ᠲᠤᠬᠠᠢ ᠲᠤᠳᠤᠷᠬᠠᠶᠢᠯᠠᠯᠲᠠ      ᠤᠷᠣᠯᠭ᠎ᠠ ᠶᠢᠨ ᠲᠦᠰᠦᠪ 271.6 ᠲᠦᠮᠡᠨ ᠲᠦᠭᠦᠷᠢᠭ᠂ 2018 ᠣᠨ ᠤ ᠲᠦᠰᠦᠪ ᠠᠴᠠ 2.84 ᠲᠦᠮᠡᠨ ᠲᠦᠭᠦᠷᠢᠭ ᠨᠡᠮᠡᠭᠳᠡᠭᠦᠯᠵᠡᠢ᠃  ᠨᠡᠮᠡᠭᠳᠡᠭᠰᠡᠨ ᠨᠤᠷᠮ᠎ᠠ ᠨᠢ 1.06%᠃  ᠭᠤᠤᠯᠳᠠᠭᠤ ᠵᠠᠰᠠᠭ ᠤᠨ ᠤᠷᠳᠤᠨ ᠠᠴᠠ ᠲᠤᠭ᠎ᠠ ᠪᠦᠷᠢᠳᠬᠡᠯ ᠤᠨ ᠶᠠᠩᠵᠤ ᠠᠪᠴᠤ ᠪᠠᠶᠢᠴᠠᠭᠠᠬᠤ ᠦᠢᠯᠡᠴᠢᠯᠡᠭᠡᠨ ᠤ ᠰᠦᠢᠳᠬᠡᠯ ᠢ ᠬᠤᠳᠠᠯᠳᠤᠨ ᠠᠪᠤᠭᠰᠠᠨ ᠲᠦᠰᠥᠪ ᠤᠨ ᠲᠦᠷᠥᠯ ᠵᠦᠢᠯ  ᠢ ᠨᠡᠮᠡᠭᠳᠡᠭᠦᠯᠦᠭᠰᠡᠨ ᠶᠠᠪᠤᠳᠠᠯ ᠪᠤᠯᠤᠨ᠎ᠠ᠃  ᠵᠠᠷᠤᠯᠭ᠎ᠠ ᠶᠢᠨ ᠲᠦᠰᠦᠪ 271.6 ᠲᠦᠮᠡᠨ ᠲᠦᠭᠦᠷᠢᠭ᠂ 2018 ᠣᠨ ᠤ ᠲᠦᠰᠦᠪ ᠠᠴᠠ 2.84 ᠲᠦᠮᠡᠨ ᠲᠦᠭᠦᠷᠢᠭ ᠨᠡᠮᠡᠭᠳᠡᠭᠦᠯᠵᠡᠢ᠃ ᠨᠡᠮᠡᠭᠳᠡᠭᠰᠡᠨ ᠨᠤᠷᠮ᠎ᠠ ᠨᠢ 1.06%᠃  ᠭᠤᠤᠯᠳᠠᠭᠤ ᠵᠠᠰᠠᠭ ᠤᠨ ᠤᠷᠳᠤᠨ ᠠᠴᠠ ᠲᠤᠭ᠎ᠠ ᠪᠦᠷᠢᠳᠬᠡᠯ ᠤᠨ ᠶᠠᠩᠵᠤ ᠠᠪᠴᠤ ᠪᠠᠶᠢᠴᠠᠭᠠᠬᠤ ᠦᠢᠯᠡᠴᠢᠯᠡᠭᠡᠨ ᠤ ᠰᠦᠢᠳᠬᠡᠯ ᠢ ᠬᠤᠳᠠᠯᠳᠤᠨ ᠠᠪᠤᠭᠰᠠᠨ ᠲᠦᠰᠥᠪ ᠤᠨ ᠲᠦᠷᠥᠯ ᠵᠦᠢᠯ  ᠢ ᠨᠡᠮᠡᠭᠳᠡᠭᠦᠯᠦᠭᠰᠡᠨ ᠶᠠᠪᠤᠳᠠᠯ ᠪᠤᠯᠤᠨ᠎ᠠ᠃   (1)ᠰᠠᠯᠠᠭ᠎ᠠ ᠮᠦᠴᠷᠢ ᠶᠢᠨ ᠲᠦᠰᠦᠪ ᠤᠨ  ᠣᠷᠣᠯᠭ᠎ᠠ ᠶᠢᠨ ᠪᠠᠶᠢᠳᠠᠯ ᠤᠨ ᠲᠤᠬᠠᠢ ᠲᠤᠳᠤᠷᠬᠠᠶᠢᠯᠠᠯᠲᠠ     ᠰᠠᠯᠠᠭ᠎ᠠ ᠮᠦᠴᠢᠷ ᠤᠨ ᠤᠷᠣᠯᠭ᠎ᠠ ᠶᠢᠨ ᠲᠦᠰᠦᠪ 271.6 ᠲᠦᠮᠡᠨ ᠲᠦᠭᠦᠷᠢᠭ᠃  ᠡᠭᠦᠨ ᠳᠤ᠂  ᠡᠩ ᠤᠨ ᠤᠯᠠᠨ ᠨᠡᠶᠢᠲᠡ ᠶᠢᠨ ᠲᠦᠰᠦᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠶᠢᠨ ᠣᠷᠣᠯᠭ᠎ᠠ 271.6 ᠲᠦᠮᠡᠨ ᠲᠦᠭᠦᠷᠢᠭ᠂ 100%᠎ ᠢ ᠡᠵᠡᠯᠡᠵᠦ ᠪᠤᠢ᠃  ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠪᠠᠭᠤᠯᠭᠠᠭᠰᠠᠨ ᠪᠡᠯᠡ ᠮᠦᠩᠭᠦ ᠶᠢᠨ ᠣᠷᠣᠯᠭ᠎ᠠ 0  ᠲᠦᠭᠦᠷᠢᠭ᠃ 0%᠎ ᠶᠢ ᠡᠵᠡᠯᠡᠵᠦ ᠪᠤᠢ᠃  ᠠᠵᠢᠯ ᠦᠢᠯᠡᠰ ᠤᠨ ᠣᠷᠣᠯᠭ᠎ᠠ 0  ᠲᠦᠭᠦᠷᠢᠭ᠃ 0%᠎ ᠶᠢ ᠡᠵᠡᠯᠡᠵᠦ ᠪᠤᠢ᠃  ᠠᠵᠢᠯ ᠦᠢᠯᠡᠰ ᠤᠨ  ᠪᠠᠶᠢᠭᠤᠯᠭ᠎ᠠ ᠶᠢᠨ ᠡᠵᠡᠩᠨᠡᠯᠲᠡ ᠶᠢᠨ ᠣᠷᠣᠯᠭ᠎ᠠ 0  ᠲᠦᠭᠦᠷᠢᠭ᠃ 0%᠎ ᠶᠢ ᠡᠵᠡᠯᠡᠵᠦ ᠪᠤᠢ᠃ ᠪᠤᠰᠤᠳ ᠣᠷᠣᠯᠭ᠎ᠠ 0  ᠲᠦᠭᠦᠷᠢᠭ᠃ 0%᠎ ᠶᠢ ᠡᠵᠡᠯᠡᠵᠦ ᠪᠤᠢ᠃  ᠳᠡᠭᠡᠷ᠎ᠡ ᠵᠢᠯ ᠤᠨ ᠦᠯᠡᠳᠬᠡᠯ 0  ᠲᠦᠭᠦᠷᠢᠭ᠃ 0%᠎ ᠶᠢ ᠡᠵᠡᠯᠡᠵᠦ ᠪᠤᠢ᠃ (2)ᠰᠠᠯᠠᠭ᠎ᠠ ᠮᠦᠴᠢᠷ ᠤᠨ ᠲᠦᠰᠦᠪ ᠎ ᠤᠨ ᠵᠠᠷᠣᠯᠭ᠎ᠠ ᠶᠢᠨ ᠪᠠᠶᠢᠳᠠᠯ ᠤᠨ ᠲᠤᠳᠤᠷᠬᠠᠶᠢᠯᠠᠯᠲᠠ   ᠰᠠᠯᠠᠭ᠎ᠠ ᠮᠦᠴᠢᠷ ᠤᠨ ᠲᠦᠰᠦᠪ ᠎ ᠤᠨ ᠵᠠᠷᠣᠯᠭ᠎ᠠ 271.6ᠲᠦᠮᠡᠨ ᠲᠦᠭᠦᠷᠢᠭ᠂  ᠡᠭᠦᠨ ᠳᠤ᠂  ᠦᠨᠳᠦᠰᠦᠨ ᠵᠠᠷᠣᠯᠭ᠎ᠠ 271.6 ᠲᠦᠮᠡᠨ ᠲᠦᠭᠦᠷᠢᠭ᠂ 100 %᠎ ᠎ ᠶᠢ ᠡᠵᠡᠯᠡᠵᠦ ᠪᠤᠢ᠃  ᠲᠦᠷᠥᠯ ᠵᠦᠢᠯ ᠤᠨ ᠵᠠᠷᠣᠯᠭ᠎ᠠ 0  ᠲᠦᠭᠦᠷᠢᠭ᠂ 0%᠎ ᠢ ᠡᠵᠡᠯᠡᠵᠦ ᠪᠤᠢ᠃ ᠠᠵᠢᠯ ᠦᠢᠯᠡᠰ ᠤᠨ  ᠪᠠᠶᠢᠭᠤᠯᠭ᠎ᠠ ᠶᠢᠨ ᠡᠵᠡᠩᠨᠡᠯᠲᠡ ᠶᠢᠨ  ᠵᠠᠷᠤᠯᠭ᠎ᠠ 0  ᠲᠦᠭᠦᠷᠢᠭ᠃ 0%᠎ ᠶᠢ ᠡᠵᠡᠯᠡᠵᠦ ᠪᠤᠢ᠃       ᠬᠤᠶᠠᠷ᠂  ᠡᠩ ᠤᠨ  ᠤᠯᠠᠨ ᠨᠡᠶᠢᠲᠡ ᠶᠢᠨ  ᠲᠦᠰᠦᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠶᠢᠨ ᠤᠷᠣᠯᠭ᠎ᠠ ᠵᠠᠷᠣᠯᠭ᠎ᠠ ᠶᠢᠨ ᠪᠠᠶᠢᠳᠠᠯ ᠤᠨ ᠲᠤᠬᠠᠢ ᠲᠤᠳᠤᠷᠬᠠᠶᠢᠯᠠᠯᠲᠠ   (1)ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠶᠢᠨ  ᠬᠡᠪᠴᠢᠶᠡᠨ ᠤ ᠲᠤᠬᠠᠢ ᠪᠠᠶᠢᠳᠠᠯ     ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠶᠢᠨ ᠤᠷᠣᠯᠭ᠎ᠠ ᠵᠠᠷᠤᠯᠭ᠎ᠠ ᠶᠢᠨ ᠲᠦᠰᠦᠪ  271.6 ᠲᠦᠮᠡᠨ ᠲᠦᠭᠦᠷᠢᠭ᠂  ᠡᠭᠦᠨ ᠳᠤ᠂  ᠡᠩ ᠤᠨ ᠤᠯᠠᠨ ᠨᠡᠶᠢᠲᠡ ᠶᠢᠨ ᠲᠦᠰᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ 271.6 ᠲᠦᠮᠡᠨ ᠲᠦᠭᠦᠷᠢᠭ᠂  ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ‍ᠦ‌‍ᠲ᠋ᠦ᠋ᠰᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ 0 ᠲᠦᠮᠡᠨ ᠲᠦᠭᠦᠷᠢᠭ  ᠂  ᠳᠡᠭᠡᠷ᠎ᠡ ᠵᠢᠯ ᠤᠨ ᠦᠯᠡᠳᠬᠡᠯ 0 ᠲᠦᠮᠡᠨ ᠲᠦᠭᠦᠷᠢᠭ ᠪᠤᠯᠤᠨ᠎ᠠ᠃   (2) ᠡᠩ ᠤᠨ ᠤᠯᠠᠨ ᠨᠡᠶᠢᠲᠡ ᠶᠢᠨ ᠲᠦᠰᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠢ ᠪᠤᠳᠠᠲᠠᠢ ᠲᠤᠬᠢᠷᠠᠭᠤᠯᠤᠨ ᠬᠡᠷᠡᠭᠯᠡᠭᠰᠡᠨ  ᠪᠠᠶᠢᠳᠠᠯ      ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 271.6 ᠲᠦᠮᠡᠨ ᠲᠦᠭᠦᠷᠢᠭ᠂  ᠳᠡᠭᠡᠷ᠎ᠡ ᠵᠢᠯ ᠤᠨ ᠲᠦᠰᠦᠪ  ᠎ ᠲᠠᠢ ᠠᠳᠠᠯᠢᠳᠬᠠᠪᠠᠯ 2.84 ᠲᠦᠮᠡᠨ ᠲᠦᠭᠦᠷᠢᠭ ᠨᠡᠮᠡᠭᠳᠡᠵᠡᠢ᠃ ᠭᠤᠤᠯᠳᠠᠭᠤ ᠵᠠᠰᠠᠭ ᠤᠨ ᠤᠷᠳᠤᠨ ᠠᠴᠠ ᠲᠤᠭ᠎ᠠ ᠪᠦᠷᠢᠳᠬᠡᠯ ᠤᠨ ᠶᠠᠩᠵᠤ ᠠᠪᠴᠤ ᠪᠠᠶᠢᠴᠠᠭᠠᠬᠤ ᠦᠢᠯᠡᠴᠢᠯᠡᠭᠡᠨ ᠤ ᠰᠦᠢᠳᠬᠡᠯ ᠢ ᠬᠤᠳᠠᠯᠳᠤᠨ ᠠᠪᠤᠭᠰᠠᠨ ᠲᠦᠰᠥᠪ ᠤᠨ ᠲᠦᠷᠥᠯ ᠵᠦᠢᠯ  ᠳᠤ ᠬᠡᠷᠡᠭᠯᠡᠵᠡᠢ᠃      ᠭᠤᠷᠪᠠ᠂  ᠵᠠᠰᠠᠭ ᠤᠨ ᠤᠷᠳᠤᠨ ᠤ  ᠴᠢᠨᠠᠷᠲᠠᠢ ᠰᠠᠭᠤᠷᠢ ᠮᠦᠩᠭᠦᠨ ᠤ ᠲᠦᠰᠦᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠶᠢᠨ ᠵᠠᠷᠤᠯᠭ᠎ᠠ ᠶᠢᠨ ᠪᠠᠶᠢᠳᠠᠯ ᠤᠨ ᠲᠤᠬᠠᠢ ᠲᠤᠳᠤᠷᠬᠠᠶᠢᠯᠠᠯᠲᠠ     ᠵᠠᠰᠠᠭ ᠤᠨ ᠤᠷᠳᠤᠨ ᠤ  ᠴᠢᠨᠠᠷᠲᠠᠢ ᠰᠠᠭᠤᠷᠢ ᠮᠦᠩᠭᠦᠨ ᠤ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠦᠭᠡᠢ᠃     ᠳᠥᠷᠪᠡ᠂  ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠶᠢᠨ ︽ ᠭᠤᠷᠪᠠᠨ ᠠᠯᠪᠠᠨ  ᠵᠠᠷᠤᠳᠠᠯ︾ ᠎ ᠤᠨ ᠲᠦᠰᠦᠪ ᠤᠨ ᠲᠤᠬᠠᠢ ᠲᠲᠤᠳᠤᠷᠬᠠᠶᠢᠯᠠᠯᠲᠠ     ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠦᠩᠭᠦ ᠶᠢᠨ ︽ ᠭᠤᠷᠪᠠᠨ ᠠᠯᠪᠠᠨ  ᠵᠠᠷᠤᠳᠠᠯ︾ ᠎ ᠤᠨ ᠵᠠᠷᠤᠯᠭ᠎ᠠ ᠶᠢᠨ ᠲᠦᠰᠦᠪ 10 ᠲᠦᠮᠡᠨ ᠲᠦᠭᠦᠷᠢᠭ᠂  ᠳᠡᠭᠡᠷ᠎ᠡ ᠵᠢᠯ ᠠᠴᠠ 0.5 ᠲᠦᠮᠡᠨ ᠲᠦᠭᠦᠷᠢᠭ ᠬᠠᠰᠤᠭᠳᠠᠵᠤ ᠂ 4.8 %᠎ ᠢᠶᠠᠷ ᠪᠠᠭᠤᠷᠠᠭᠰᠠᠨ ᠪᠠᠶᠢᠨ᠎ᠠ᠃  ᠡᠭᠦᠨ ᠳᠤ᠄    1、ᠠᠯᠪᠠᠨ ᠶᠠᠪᠤᠳᠠᠯ ᠢᠶᠠᠷ ᠤᠯᠤᠰ ᠤᠨ ᠭᠠᠳᠠᠨ᠎ᠠ  ᠭᠠᠷᠤᠭᠰᠠᠨ ᠵᠠᠷᠤᠯᠭ᠎ᠠ 0  ᠲᠦᠮᠡᠨ ᠲᠦᠭᠦᠷᠢᠭ᠃    2、ᠠᠯᠪᠠᠨ ᠵᠣᠴᠢᠯᠠᠭ᠎ᠠ ᠶᠢᠨ  ᠵᠠᠷᠤᠳᠠᠯ 2.5  ᠲᠦᠮᠡᠨ ᠲᠦᠭᠦᠷᠢᠭ᠂ ᠳᠡᠭᠡᠷ᠎ᠡ ᠵᠢᠯ ᠠᠴᠠ 0  ᠲᠦᠮᠡᠨ ᠲᠦᠭᠦᠷᠢᠭ ᠬᠠᠰᠤᠭᠳᠠᠵᠤ᠂ 4.8 %᠎ ᠢᠶᠠᠷ ᠪᠠᠭᠤᠷᠠᠭᠰᠠᠨ ᠪᠠᠶᠢᠨ᠎ᠠ᠃     3、ᠠᠯᠪᠠᠨ ᠳᠤ ᠬᠡᠷᠡᠭᠯᠡᠬᠦ ᠲᠡᠷᠭᠡ ᠶᠢ ᠬᠤᠳᠠᠯᠳᠤᠨ ᠠᠪᠤᠭᠰᠠᠨ ᠪᠠ  ᠵᠠᠰᠠᠨ ᠡᠵᠡᠩᠨᠡᠭᠰᠡᠨ ᠵᠠᠷᠤᠳᠠᠯ 7.5  ᠲᠦᠮᠡᠨ  ᠲᠦᠭᠦᠷᠢᠭ᠃ ᠳᠡᠭᠡᠷ᠎ᠡ ᠵᠢᠯ ᠠᠴᠠ 0.5 ᠲᠦᠮᠡᠨ ᠲᠦᠭᠦᠷᠢᠭ ᠬᠠᠰᠤᠭᠳᠠᠵᠤ᠂ 6.3 %᠎ ᠢᠶᠠᠷ ᠪᠠᠭᠤᠷᠠᠭᠰᠠᠨ ᠪᠠᠶᠢᠨ᠎ᠠ᠃  ᠡᠭᠦᠨ ᠳᠤ᠂  ᠠᠯᠪᠠᠨ ᠳᠤ ᠬᠡᠷᠡᠭᠯᠡᠬᠦ ᠲᠡᠷᠭᠡ ᠬᠤᠳᠠᠯᠳᠤᠨ ᠠᠪᠤᠭᠰᠠᠨ ᠵᠠᠷᠤᠳᠠᠯ  0  ᠲᠦᠮᠡᠨ ᠲᠦᠭᠦᠷᠢᠭ᠃ ᠳᠡᠭᠡᠷ᠎ᠡ ᠵᠢᠯ ᠠᠴᠠ 0  ᠲᠦᠮᠡᠨ ᠲᠦᠭᠦᠷᠢᠭ ︵ ᠨᠡᠮᠡᠭᠳᠡᠵᠦ︶ ᠬᠠᠰᠤᠭᠳᠠᠵᠤ᠂ 0 %᠎ ᠢᠶᠠᠷ ᠪᠠᠭᠤᠷᠠᠭᠰᠠᠨ ᠪᠠᠶᠢᠨ᠎ᠠ᠃     ᠠᠯᠪᠠᠨ ᠳᠤ ᠬᠡᠷᠡᠭᠯᠡᠬᠦ ᠲᠡᠷᠭᠡ ᠶᠢᠨ ᠵᠠᠰᠠᠨ ᠡᠵᠡᠩᠨᠡᠬᠦ ᠵᠠᠷᠤᠳᠠᠯ 7.5  ᠲᠦᠮᠡᠨ ᠲᠦᠭᠦᠷᠢᠭ᠂ ᠳᠡᠭᠡᠷ᠎ᠡ ᠵᠢᠯ ᠠᠴᠠ 0.5  ᠲᠦᠮᠡᠨ ᠲᠦᠭᠦᠷᠢᠭ ᠬᠠᠰᠤᠭᠳᠠᠵᠤ᠂ 6.3 %᠎ ᠢᠶᠠᠷ ᠪᠠᠭᠤᠷᠠᠭᠰᠠᠨ ᠪᠠᠶᠢᠨ᠎ᠠ᠃  ᠭᠤᠤᠯᠳᠠᠭᠤ ᠠᠯᠪᠠᠨ ᠲᠡᠷᠭᠡ ᠶᠢ ᠬᠡᠷᠡᠭᠯᠡᠬᠦ ᠨᠤᠷᠮ᠎ᠠ ᠪᠠᠭᠠᠰᠤᠭᠰᠠᠨ ᠳᠤ ᠪᠠᠶᠢᠨ᠎ᠠ᠃      ᠭᠤᠷᠪᠠᠳᠤᠭᠠᠷ ᠪᠦᠯᠦᠭ     ᠪᠤᠰᠤᠳ ᠢᠯᠡ ᠪᠤᠯᠭᠠᠬᠤ  ᠬᠡᠷᠡᠭ ᠶᠠᠪᠤᠳᠠᠯ ᠤᠨ ᠲᠤᠬᠠᠢ ᠲᠤᠳᠤᠷᠬᠠᠶᠢᠯᠠᠯᠲᠠ     1、ᠪᠠᠶᠢᠭᠤᠯᠭ᠎ᠠ ᠶᠢᠨ ᠡᠵᠡᠩᠨᠡᠯᠲᠡ ᠶᠢᠨ ᠵᠠᠷᠤᠳᠠᠯ ᠢ ᠲᠤᠬᠢᠷᠠᠭᠤᠯᠤᠭᠰᠠᠨ ᠪᠠᠶᠢᠳᠠᠯ ᠤᠨ ᠲᠤᠬᠠᠢ ᠲᠤᠳᠤᠷᠬᠠᠶᠢᠯᠠᠯᠲᠠ    2019ᠣᠨ ᠳᠤ᠂  ᠮᠠᠨ ᠤ ᠲᠤᠪᠴᠢᠶ᠎ᠠ ᠶᠢᠨ ᠪᠠᠶᠢᠭᠤᠯᠭ᠎ᠠ ᠶᠢᠨ ᠡᠵᠡᠩᠨᠡᠯᠲᠡ ᠶᠢᠨ ᠵᠠᠷᠤᠳᠠᠯ ᠡᠳ᠋ ᠤᠨ ᠵᠠᠰᠠᠭ ᠠᠴᠠ ᠪᠠᠭᠤᠯᠭᠠᠬᠤ  ᠪᠡᠯᠡ ᠮᠦᠩᠭᠦ ᠶᠢᠨ ᠲᠦᠰᠦᠪ 103.36 ᠲᠦᠮᠡᠨ ᠲᠦᠭᠦᠷᠢᠭ᠃  ᠳᠡᠭᠡᠷ᠎ᠡ ᠵᠢᠯ ᠲᠠᠢ ᠠᠳᠠᠯᠢᠳᠬᠠᠪᠠᠯ 20.2 ᠲᠦᠮᠡᠨ ᠲᠦᠭᠦᠷᠢᠭ ᠨᠡᠮᠡᠭᠳᠡᠵᠡᠢ᠃  ᠨᠡᠮᠡᠭᠳᠡᠭᠰᠡᠨ ᠨᠤᠷᠮ᠎ᠠ ᠨᠢ 24.29 % ᠪᠤᠯᠤᠨ᠎ᠠ᠃  ᠭᠤᠤᠯᠳᠠᠭᠤ ᠵᠠᠰᠠᠭ ᠤᠨ ᠤᠷᠳᠤᠨ ᠠᠴᠠ ᠲᠤᠭ᠎ᠠ ᠪᠦᠷᠢᠳᠬᠡᠯ ᠤᠨ ᠶᠠᠩᠵᠤ ᠠᠪᠴᠤ ᠪᠠᠶᠢᠴᠠᠭᠠᠬᠤ ᠦᠢᠯᠡᠴᠢᠯᠡᠭᠡᠨ ᠤ ᠰᠦᠢᠳᠬᠡᠯ ᠢ ᠬᠤᠳᠠᠯᠳᠤᠨ ᠠᠪᠤᠭᠰᠠᠨ ᠲᠦᠰᠥᠪ ᠤᠨ ᠲᠦᠷᠥᠯ ᠵᠦᠢᠯ  ᠢ ᠨᠡᠮᠡᠭᠳᠡᠭᠦᠯᠦᠭᠰᠡᠨ ᠶᠠᠪᠤᠳᠠᠯ ᠪᠤᠯᠤᠨ᠎ᠠ᠃ 2019 ᠣᠨ ᠤ ᠮᠠᠨ ᠤ ᠨᠢᠭᠡᠴᠡ ᠶᠢᠨ ᠴᠠᠯᠢᠩ ᠨᠦᠬᠦᠪᠦᠷᠢ ᠶᠢᠨ ᠵᠠᠷᠤᠳᠠᠯ 168.24 ᠲᠦᠮᠡᠨ ᠲᠦᠭᠦᠷᠢᠭ᠃  ᠡᠭᠦᠨ ᠳᠤ᠂  ᠦᠨᠳᠦᠰᠦᠨ ᠴᠠᠯᠢᠩ 150.21 ᠲᠦᠮᠡᠨ ᠲᠦᠭᠦᠷᠢᠭ᠂  ᠤᠷᠤᠨ ᠰᠠᠭᠤᠴᠠ ᠶᠢᠨ ᠨᠡᠶᠢᠲᠡ ᠶᠢᠨ ᠠᠰᠠᠷᠠᠮᠵᠢ ᠶᠢᠨ ᠮᠦᠩᠭᠦ 18.03 ᠲᠦᠮᠡᠨ ᠲᠦᠭᠦᠷᠢᠭ᠃   ᠡᠳ᠋ ᠪᠠᠷᠠᠭ᠎ᠠ ᠪᠠ  ᠦᠢᠯᠡᠴᠢᠯᠡᠭᠡᠨ ᠤ ᠵᠠᠷᠣᠳᠠᠯ 103.36 ᠲᠦᠮᠡᠨ ᠲᠦᠭᠦᠷᠢᠭ᠃  ᠡᠭᠦᠨ ᠳᠤ᠂  ᠠᠯᠪᠠᠨ ᠵᠠᠷᠤᠳᠠᠯ 16.41 ᠲᠦᠮᠡᠨ ᠲᠦᠭᠦᠷᠢᠭ  ᠂ ᠵᠠᠰᠠᠨ ᠰᠡᠯᠪᠢᠬᠦ ᠵᠠᠷᠣᠳᠠᠯ 1.7ᠲᠦᠮᠡᠨ ᠲᠦᠭᠦᠷᠢᠭ  ᠂  ᠬᠤᠷᠠᠯ ᠴᠤᠭᠯᠠᠭᠠᠨ ᠤ ᠵᠠᠷᠤᠳᠠᠯ 0.8 ᠲᠦᠮᠡᠨ ᠲᠦᠭᠦᠷᠢᠭ᠂  ᠪᠤᠯᠪᠠᠰᠤᠷᠠᠯ ‍ᠤᠨ‌ᠵᠠᠷᠤᠳᠠᠯ 5.32 ᠲᠦᠮᠡᠨ ᠲᠦᠭᠦᠷᠢᠭ᠂   ᠬᠦᠳᠡᠯᠮᠦᠷᠢ ᠦᠢᠯᠡᠴᠢᠯᠡᠭᠡᠨ ᠤ ᠵᠠᠷᠤᠳᠠᠯ 69.28 ᠲᠦᠮᠡᠨ ᠲᠦᠭᠦᠷᠢᠭ᠂   ᠠᠵᠢᠯᠴᠢᠨ ᠤ ᠡᠪᠯᠡᠯ ᠤᠨ ᠵᠠᠷᠤᠳᠠᠯ 1.8 ᠲᠦᠮᠡᠨ ᠲᠦᠭᠦᠷᠢᠭ᠂  ᠠᠵᠢᠯᠴᠢᠨ ᠤ ᠨᠦᠬᠦᠪᠦᠷᠢ  ᠶᠢᠨ ᠵᠠᠷᠤᠳᠠᠯ 2.25 ᠲᠦᠮᠡᠨ ᠲᠦᠭᠦᠷᠢᠭ᠂   ᠪᠤᠰᠤᠳ ᠵᠠᠷᠤᠳᠠᠯ 0  ᠲᠦᠮᠡᠨ ᠲᠦᠭᠦᠷᠢᠭ ᠪᠤᠯᠤᠨ᠎ᠠ    2 、ᠵᠠᠰᠠᠭ ᠤᠨ ᠤᠷᠳᠤᠨ ᠤ ᠬᠤᠳᠠᠯᠳᠤᠨ ᠠᠪᠤᠭᠰᠠᠨ ᠲᠦᠰᠦᠪ ᠤᠨ ᠪᠠᠶᠢᠳᠠᠯ ᠤᠨ ᠲᠤᠬᠠᠢ ᠲᠤᠳᠤᠷᠬᠠᠶᠢᠯᠠᠯᠲᠠ    ᠵᠠᠰᠠᠭ ᠤᠨ ᠤᠷᠳᠤᠨ ᠤ ᠬᠤᠳᠠᠯᠳᠤᠨ ᠠᠪᠤᠭᠰᠠᠨ ᠲᠦᠰᠦᠪ ᠪᠠᠶᠢᠬᠤ ᠦᠭᠡᠢ᠃    3、ᠤᠯᠤᠰ  ᠤᠨ ᠥᠪ ᠬᠦᠷᠦᠩᠭᠡ ᠶᠢ ᠡᠵᠡᠯᠡᠨ ᠬᠡᠷᠡᠭᠯᠡᠭᠰᠡᠨ ᠪᠠᠶᠢᠳᠠᠯ ᠤᠨ ᠲᠤᠬᠠᠢ ᠳᠤᠳᠤᠷᠬᠠᠶᠢᠯᠠᠯᠲᠠ     2018ᠣᠨ ᠤ ᠵᠢᠯ ᠤᠨ ᠡᠴᠦᠰ ᠪᠤᠯᠲᠠᠯ᠎ᠠ᠂  ᠠᠯᠪᠠᠨ ᠤ ᠲᠡᠷᠭᠡ 1  ᠪᠤᠢ᠃  ᠡᠭᠦᠨ ᠳᠤ  ᠪᠠᠴᠢᠮ ᠢ ᠠᠷᠭᠠᠴᠠᠭᠠᠬᠤ ᠳᠤ ᠬᠡᠷᠡᠭᠯᠡᠬᠦ ᠲᠡᠷᠭᠡ 1  ᠪᠤᠢ᠃    4、ᠠᠵᠢᠯ ᠤᠨ ᠠᠮᠵᠢᠯᠲᠠ ᠪᠦᠲᠦᠭᠡᠯ ᠤᠨ ᠬᠠᠷᠠᠯᠲᠠ ᠶᠢ ᠲᠤᠬᠢᠷᠠᠭᠤᠯᠤᠭᠰᠠᠨ  ᠪᠠᠶᠢᠳᠠᠯ2019ᠣᠨ ᠤ ᠰᠠᠯᠠᠭ᠎ᠠ ᠮᠦᠴᠢᠷ ᠤᠨ ᠲᠦᠰᠦᠪ ᠤᠨ ᠤᠷᠤᠨ ᠲᠣᠭᠠᠨ ᠤ ᠱᠠᠭᠠᠷᠳᠠᠯᠭ᠎ᠠ ᠶᠤᠰᠤᠭᠠᠷ᠂  ᠨᠢᠭᠡ ᠳᠤ  ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂  ᠠᠵᠢᠯ ᠤᠨ ᠠᠮᠵᠢᠯᠲᠠ ᠪᠦᠲᠦᠭᠡᠯ ᠤᠨ ᠬᠠᠮᠢᠶᠠᠷᠤᠯᠲᠠ ᠶᠢᠨ ᠠᠵᠢᠯ ᠢ ᠰᠢᠨᠵᠢᠯᠡᠬᠦ  ᠤᠬᠠᠭᠠᠨᠴᠢ ᠵᠤᠬᠢᠰᠲᠠᠢ ᠦᠷ᠎ᠡ ᠠᠰᠢᠭ ᠲᠠᠢ ᠦᠷᠨᠢᠭᠦᠯᠵᠡᠢ᠃  ᠬᠤᠶᠠᠷ ᠲᠤ ᠠᠵᠢᠯ ᠤᠨ ᠠᠮᠵᠢᠯᠲᠠ ᠪᠦᠲᠦᠭᠡᠯ ᠢ ᠨᠠᠷᠢᠯᠢᠭ ᠤᠨᠤᠪᠴᠢᠲᠠᠢ ᠬᠠᠮᠢᠶᠠᠷᠪᠠ᠃     ᠳᠥᠷᠪᠡᠳᠦᠭᠡᠷ ᠪᠦᠯᠦᠭ   ᠨᠡᠷ᠎ᠡ ᠦᠭᠡᠰ ᠤᠨ ᠲᠠᠶᠢᠯᠪᠤᠷᠢ      ᠳᠦᠭᠦᠮᠴᠢᠯᠡᠪᠡ    ᠲᠠᠪᠤᠳᠤᠭᠠᠷ ᠪᠦᠯᠦᠭ   ᠲᠦᠰᠦᠪ ᠤᠨ ᠭᠦᠢᠴᠡᠳᠬᠡᠯ ᠤᠨ ᠬᠦᠰᠦᠨᠦᠭᠲᠦ
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1