ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ ᠤᠨ 2019 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019/4/11
 ᠡᠯ᠎ᠡ ᠪᠠᠯᠭᠠᠰᠤ ᠰᠢᠶᠠᠩ  ᠤᠨ ᠠᠷᠠᠳ  ᠤᠨ ᠵᠠᠰᠠᠭ  ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ  ᠠᠯᠪᠠᠨ ᠭᠡᠷ  ᠲᠣᠪᠴᠢᠶ᠎ᠠ᠂ ᠠᠷᠠᠳ  ᠤᠨ ᠪᠦᠯᠬᠦᠮ᠂ ᠨᠡᠭᠡᠭᠡᠨ ᠬᠥᠭᠵᠢᠭᠦᠯᠬᠦ ᠲᠤᠷᠰᠢᠯᠲᠠ ᠶᠢᠨ  ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ  ᠠᠴᠠ ᠲᠤᠭᠤᠷᠢᠭ ᠲᠤ  ᠰᠠᠭᠤᠭ᠎ᠠ  ᠵᠤᠷᠪᠤᠰᠯᠠᠨ ᠬᠠᠮᠢᠶᠠᠷᠤᠯᠲᠠ ᠬᠢᠭᠡᠳ ᠠᠵᠤ  ᠠᠬᠤᠶᠢᠯᠠᠯ ᠠᠵᠢᠯ ᠦᠢᠯᠡᠰ  ᠤᠨ ᠨᠢᠭᠡᠴᠡ᠄    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽2019 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ﹀᠎ ᠤᠨ ᠠᠵᠢᠯᠯᠠᠭ᠎ᠠ ᠶᠢ ᠰᠠᠶᠢᠲᠤᠷ ᠬᠢᠬᠦ ᠲᠤᠬᠠᠢ ᠮᠡᠳᠡᠭᠳᠡᠯ︾᠎ ᠳᠤ᠄ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠬᠢᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠲᠠᠪᠴᠠᠩ  ᠢ ᠪᠠᠶᠢᠭᠤᠯᠬᠤ ᠨᠢ  ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ᠂  ᠨᠡᠶᠢᠭᠡᠮ‌‍ᠦᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤ ᠬᠠᠮᠲᠤᠪᠠᠷ ᠣᠷᠣᠯᠴᠠᠬᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠬᠡᠷᠡᠭᠴᠡᠭᠡ ᠶᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠ ᠦᠢᠯᠡ ᠠᠵᠢᠯᠯᠠᠭ᠎ᠠ  ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2019 ᠣᠨ ᠤ ︽ᠲᠦᠭᠡᠮᠡᠯ ᠬᠠᠶᠢᠷ᠎ᠠ ᠎ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠬᠢᠨᠠᠮᠠᠭᠠᠶ ᠰᠠᠶᠢᠲᠤᠷ ᠵᠣᠬᠢᠶᠠᠨ  ᠪᠠᠶᠢᠭᠤᠯᠬᠤ ᠬᠡᠷᠡᠭᠲᠡᠶ᠃ ᠡᠳᠦᠭᠡ ᠮᠠᠨ ᠤ  ᠲᠤᠭᠤᠷᠢᠭ ᠤᠨ 2019 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠎ ᠤᠨ ᠠᠵᠢᠯᠯᠠᠭ᠎ᠠ ᠶᠢᠨ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄          ᠨᠢᠭᠡ᠂ ᠠᠵᠢᠯᠯᠠᠭ᠎ᠠ ᠶᠢᠨ ᠵᠣᠷᠢᠯᠭ᠎ᠠ ᠪᠠ ᠠᠴᠢ ᠬᠤᠯᠪᠣᠭᠳᠠᠯ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠮᠠᠨ ᠤ ᠤᠯᠤᠰ ᠠᠴᠠ  ᠨᠡᠶᠢᠭᠡᠮ  ᠤᠨ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ  ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠤᠨ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠤᠨ ᠬᠤᠪᠢᠷᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠬᠤ ᠶᠢᠨ ᠬᠠᠮᠲᠤ᠂ ᠪᠦᠬᠦ ᠨᠠᠮ ᠪᠦᠬᠦ  ᠨᠡᠶᠢᠭᠡᠮ ᠤᠨ ᠬᠦᠴᠦᠨ ᠢ  ᠳᠠᠶᠢᠴᠢᠯᠠᠵᠤ᠂ 2020 ᠣᠨ ᠪᠣᠯᠬᠤ ᠳᠤ ᠮᠠᠨ ᠤ ᠤᠯᠤᠰ ‍ᠤᠨ‌ᠣᠳᠣ ᠶᠢᠨ ᠬᠡᠷᠡᠭᠵᠢᠭᠦᠯᠵᠦ  ᠪᠠᠶᠢᠭ᠎ᠠ  ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠡᠶ᠎ᠡ ᠵᠣᠬᠢᠴᠠᠯ ᠲᠠᠢ  ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ  ᠠᠶᠢᠭᠤᠯᠬᠤ ᠠᠬᠢᠴᠠ ᠶᠢ ᠲᠦᠷᠭᠡᠳᠬᠡᠬᠦ ᠴᠢᠬᠤᠯᠠ ᠠᠷᠭ᠎ᠠ ᠬᠡᠮᠵᠢᠶ᠎ᠡ ᠮᠥᠨ᠂ ᠬᠠᠶᠢᠷ᠎ᠠ ᠬᠠᠯᠠᠮᠵᠢ ᠶᠢᠨ ᠲᠠᠪᠴᠠᠩ  ᠪᠠᠶᠢᠭᠤᠯᠬᠤ ᠪᠠᠷ ᠳᠠᠮᠵᠢᠭᠤᠯᠤᠨ ᠬᠥᠮᠦᠯᠢᠭ ᠦᠵᠡᠯ ᠢᠶᠠᠨ ᠬᠦᠴᠦᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠬᠤ᠂  ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂  ᠨᠡᠶᠢᠭᠡᠮ ᠤᠨ ᠳᠠᠪᠰᠢᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃  ᠬᠤᠶᠠᠷ᠂ ᠴᠠᠭ ᠤᠨ ᠲᠣᠬᠢᠷᠠᠭᠤᠯᠤᠯᠲᠠ     ︵ᠨᠢᠭᠡ︶ ᠠᠵᠢᠯᠯᠠᠭᠠᠨ ᠤ ᠴᠠᠭ᠄ 3 ᠳ᠋ᠤᠭᠠᠷ ᠰᠠᠷ᠎ᠠ ᠶᠢᠨ ᠰᠡᠭᠦᠯᠴᠢ ᠠᠴᠠ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠃    ( ᠬᠤᠶᠠᠷ ) ᠠᠵᠢᠯᠯᠠᠭ᠎ᠠ  ᠶᠢᠨ ᠭᠤᠣᠯ ᠰᠡᠳᠦᠪ᠄ ᠲᠠᠨ  ᠤ ᠨᠢᠭᠡ ᠡᠳᠦᠷ  ᠤᠨ ᠣᠷᠣᠯᠭ᠎ᠠ  ᠪᠠᠨ ᠬᠠᠨᠳᠢᠪᠯᠠᠵᠤ᠂ ᠲᠠᠨ ᠟  ᠤ ᠦᠨᠡᠨ ᠰᠡᠳᠬᠢᠯ  ᠪᠠᠨ ᠬᠠᠨᠳᠢᠪᠯᠠᠨ᠎ᠠ᠃   ( ᠭᠤᠷᠪᠠ ) ᠬᠠᠨᠳᠢᠪ ᠴᠤᠭᠯᠠᠭᠤᠯᠬᠤ ᠬᠡᠪᠴᠢᠶ᠎ᠡ᠄ ᠪᠥᠬᠦ  ᠲᠤᠭᠤᠷᠢᠭ ᠤᠨ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠤ  ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠢᠭᠡᠮ ᠤᠨ ᠪᠦᠯᠬᠦᠮ᠂  ᠵᠣᠷᠪᠤᠰᠯᠠᠨ‌ᠬᠠᠮᠢᠶᠠᠷᠬᠤ ᠨᠢᠭᠡᠴᠡ᠂ ᠬᠤᠪᠢ ᠶᠢᠨ ᠦᠢᠯᠡᠳᠪᠦᠷᠢ ᠬᠤᠳᠠᠯᠳᠤᠭᠠᠨ  ᠤ ᠡᠷᠦᠬᠡ ᠬᠢᠭᠡᠳ ᠬᠤᠪᠢ ᠬᠥᠮᠥᠨ᠃ ᠬᠤᠶᠠᠳᠤᠭᠠᠷ ᠲᠡᠰ ᠤᠨ  ᠨᠢᠭᠡᠴᠡ ᠵᠢᠴᠢ ᠰᠠᠯᠪᠤᠷᠢ ᠪᠠᠢᠭᠤᠯᠤᠮᠵᠢ ᠲᠠᠢ  ᠨᠢᠭᠡᠴᠡ ᠪᠤᠶᠤ ᠠᠵᠤ  ᠠᠬᠤᠶᠢᠯᠠᠯ ᠨᠢ ᠬᠠᠨᠳᠢᠪ ᠴᠤᠭᠯᠠᠭᠤᠯᠬᠤ ᠠᠵᠢᠯᠯᠠᠭ᠎ᠠ ᠪᠠᠨ ᠬᠠᠷᠢᠶ᠎ᠠ ᠬᠤᠶᠠᠳᠤᠭᠠᠷ ᠲᠡᠰ ᠤᠨ  ᠨᠢᠭᠡᠴᠡ᠂  ᠰᠠᠯᠪᠤᠷᠢ ᠪᠠᠢᠭᠤᠯᠤᠮᠵᠢ ᠵᠢᠴᠢ ᠬᠠᠷᠢᠶ᠎ᠠ ᠠᠵᠤ  ᠠᠬᠤᠶᠢᠯᠠᠯ ᠳᠤ ᠬᠦᠷᠲᠡᠯ᠎ᠡ ᠦᠷᠭᠦᠯᠵᠢᠯᠡᠭᠦᠯᠬᠦ ᠶᠢᠨ ᠬᠠᠮᠲᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃    ( ᠳᠥᠷᠪᠡ ) ᠲᠤᠰᠠᠯᠠᠭᠰᠠᠨ ᠵᠣᠭᠤᠰ ᠤᠨ ᠲᠤᠭ᠎ᠠ ᠬᠡᠮᠵᠢᠶ᠎ᠡ᠄ ᠬᠥᠮᠥᠨ ᠪᠦᠷᠢ ᠨᠢᠭᠡ ᠡᠳᠦᠷ ᠤᠨ ᠣᠷᠣᠯᠭ᠎ᠠ ( ᠰᠠᠷ᠎ᠠ ᠶᠢᠨ ᠴᠠᠯᠢᠩ  ᠤᠨ ᠪᠦᠬᠦ ᠲᠤᠭ᠎ᠠ / 30 ᠡᠳᠦᠷ ) ᠎ ᠪᠠᠨ ᠲᠤᠰᠠᠯᠠᠵᠤ᠂ ᠠᠵᠤ  ᠠᠬᠤᠶᠢᠯᠠᠯ ᠤᠨ ᠨᠢᠭᠡ ᠡᠳᠦᠷ ᠎ ᠤᠨ ᠠᠰᠢᠭ ᠬᠤᠨᠵᠢᠪᠣᠷᠢ ᠪᠤᠶᠤ ᠠᠷᠪᠢᠯᠠᠭᠰᠠᠨ ᠨᠢᠭᠡ ᠬᠡᠰᠡᠭ ᠵᠠᠷᠤᠯᠭ᠎ᠠ᠃    ( ᠲᠠᠪᠤ ) ᠵᠣᠭᠤᠰ ᠲᠤᠰᠠᠯᠠᠬᠤ ᠬᠡᠷᠡᠭᠴᠡᠭᠡ᠄ ᠪᠠᠶᠢᠭᠠᠯᠢ ᠶᠢᠨ ᠭᠠᠮᠰᠢᠭ ᠪᠠ ᠭᠡᠨᠡᠳᠲᠡ ᠶᠢᠨ ᠬᠡᠷᠡᠭ ᠢ ᠠᠪᠤᠷᠠᠨ ᠲᠤᠰᠠᠯᠠᠬᠤ ᠳᠤ ᠬᠡᠷᠡᠭᠯᠡᠨ᠎ᠡ︔  ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠭᠡᠷ ᠪᠦᠯᠢ᠂ ᠶᠡᠭᠡ ᠡᠪᠡᠳᠴᠢᠨ ᠲᠠᠢ ᠡᠪᠡᠳᠴᠢᠲᠡᠨ ᠢ ᠠᠪᠤᠷᠠᠨ  ᠲᠤᠰᠠᠯᠠᠨ᠎ᠠ︔ 《 ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ 》᠎ ᠪᠠᠷ ᠭᠤᠣᠯ ᠰᠡᠳᠦᠪ ᠪᠣᠯᠭᠠᠭᠰᠠᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ  ᠦᠷᠨᠢᠭᠦᠯᠦᠨ᠎ᠡ︔  ᠪᠤᠰᠤᠳ ᠬᠥᠮᠦᠨ ᠤ ᠶᠣᠰᠣ ᠰᠤᠷᠲᠠᠬᠤᠨ ᠤ ᠨᠡᠶᠢᠲᠡ ᠶᠢᠨ ᠠᠰᠠᠷᠠᠮᠵᠢ ᠶᠢᠨ ᠲᠥᠷᠥᠯ ᠵᠦᠶᠯ ᠳᠤ ᠬᠡᠷᠡᠭᠯᠡᠨ᠎ᠡ  ᠃       ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ    ( ᠨᠢᠭᠡ ) ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠨᠢᠭᠡᠴᠡ ᠨᠦᠭᠦᠳ ᠠᠷᠠᠳ ᠤᠨ ᠠᠮᠢᠳᠤᠷᠠᠯ  ᠢ ᠠᠩᠬᠠᠷᠬᠤ᠂  ᠨᠡᠶᠢᠭᠡᠮ  ᠵᠢᠷᠦᠮᠲᠦ ᠡᠶ᠎ᠡ ᠵᠣᠬᠢᠴᠠᠯ ᠲᠠᠢ  ᠨᠡᠶᠢᠭᠡᠮ ᠢ ᠪᠠᠶᠢᠭᠤᠯᠬᠤ  ᠳᠡᠭᠡᠳᠦ ᠬᠡᠮᠵᠢᠶᠡᠨ ᠠᠴᠠ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ  ᠢ ᠭᠦᠢᠴᠡᠳ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠤᠳᠤᠷᠢᠳᠤᠯᠭ᠎ᠠ ᠪᠠᠨ ᠴᠢᠩᠭᠠᠳᠬᠠᠬᠤ ᠶᠢᠨ ᠬᠠᠮᠲᠤ ᠲᠤᠰᠬᠠᠢ ᠬᠥᠮᠥᠨ ᠵᠢᠭᠠᠨ ᠲᠣᠭᠲᠠᠭᠠᠵᠤ᠂ ᠪᠣᠳᠠᠲᠠᠢ ᠵᠣᠬᠢᠶᠠᠨ ᠪᠠᠶᠢᠭᠤᠯᠤᠨ ᠨᠠᠢᠳᠠᠪᠤᠷᠢᠵᠢᠭᠤᠯᠬᠤ᠂ ᠬᠠᠨᠳᠢᠪ ᠴᠤᠭᠯᠠᠭᠤᠯᠬᠤ ᠪᠡᠯᠡ ᠮᠥᠩᠭᠦ ᠶᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ( ᠬᠤᠶᠠᠷ ) ᠥᠷᠭᠡᠨ ᠳᠡᠯᠭᠡᠷ ᠤᠬᠠᠭᠤᠯᠵᠤ᠂ ᠬᠠᠨᠳᠢᠪ ᠴᠤᠭᠯᠠᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠨ᠎ᠡ ᠃  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠡᠨᠡ ᠬᠦ ᠠᠵᠢᠯ ᠤᠨ ᠤᠬᠠᠭᠤᠯᠭ᠎ᠠ ᠶᠢ ᠴᠢᠬᠤᠯᠠᠴᠢᠯᠠᠵᠤ᠂ ︽ᠬᠥᠮᠥᠡᠯᠢᠭ᠂ ᠲᠦᠭᠡᠮᠡᠯ ᠬᠠᠶᠢᠷ᠎ᠠ᠂ ᠬᠤᠪᠢ ᠨᠡᠮᠡᠷᠢ︾ ᠭᠡᠬᠦ ᠤᠯᠠᠭᠠᠨ  ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠳᠤ  ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠬᠠᠨᠳᠢᠪ ᠴᠤᠭᠯᠠᠭᠤᠯᠬᠤ ᠲᠤᠰᠬᠠᠶ ᠪᠤᠯᠤᠩ ᠭᠠᠷᠭᠠᠵᠤ᠂ ᠨᠡᠶᠢᠲᠡ ᠶᠢᠨ ᠠᠰᠠᠷᠠᠮᠵᠢ ᠶᠢᠨ ᠵᠠᠷ ᠨᠡᠶᠢᠲᠡᠯᠡᠵᠦ᠂ ᠬᠠᠨᠳᠢᠪ ᠴᠤᠭᠯᠠᠭᠤᠯᠬᠤ ᠠᠵᠢᠯᠯᠠᠭ᠎ᠠ ᠶᠢᠨ ᠨᠡᠶᠢᠲᠡᠯᠢᠭ  ᠨᠢᠭᠡᠴᠡ᠂ ᠨᠡᠶᠢᠲᠡᠯᠢᠭ ᠬᠤᠪᠢ ᠬᠥᠮᠦᠨ ᠢ ᠶᠡᠬᠡᠪᠡᠷ ᠤᠬᠠᠭᠤᠯᠵᠤ᠂  ᠨᠡᠶᠢᠭᠡᠮ ᠤᠨ ᠡᠯ᠎ᠡ ᠡᠲᠡᠭᠡᠳ ᠤᠨ ᠬᠥᠮᠦᠰ ᠪᠠ ᠥᠷᠭᠡᠨ ᠤᠯᠠᠨ ᠲᠦᠮᠡᠨ ᠤ ᠪᠡᠯᠡᠭᠯᠡᠨ ᠬᠦᠷᠭᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ᠃    ( ᠭᠤᠷᠪᠠ ) ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠵᠣᠬᠢᠶᠠᠨ  ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃  ᠲᠤᠭᠤᠷᠢᠭ ᠤᠨ ᠤᠯᠠᠭᠠᠨ  ᠵᠠᠭᠠᠯᠮᠠᠶᠢᠲᠠᠨ ᠤ ᠨᠡᠶᠢᠭᠡᠮᠯᠢᠭ  ᠎ ᠨᠢ  ᠬᠤᠯᠪᠣᠭᠳᠠᠯ ᠪᠦᠬᠦᠢ ᠲᠣᠭᠲᠠᠭᠠᠯ  ᠢ ᠴᠢᠩᠭ᠎ᠠ ᠵᠢᠷᠤᠮᠯᠠᠨ᠂ ᠬᠠᠨᠳᠢᠪ ᠴᠤᠭᠯᠠᠭᠤᠯᠬᠤ ᠪᠡᠯᠡ ᠮᠥᠩᠭᠦ  ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠬᠠᠨᠳᠢᠪ ᠴᠤᠭᠯᠠᠭᠤᠯᠬᠤ ᠠᠵᠢᠯᠯᠠᠭ᠎ᠠ  ᠶᠢᠨ ᠵᠢᠱᠢᠭᠰᠡᠨ ᠬᠠᠷᠠᠯᠲᠠ ᠲᠠᠭᠠᠨ ᠬᠦᠷᠬᠦ  ᠶᠢ ᠦᠨᠡᠨᠬᠦ ᠪᠠᠲᠤᠯᠠᠬᠤ ᠬᠡᠷᠡᠭᠲᠡᠢ᠃ ᠬᠠᠨᠳᠢᠪ ᠴᠤᠭᠯᠠᠭᠤᠯᠬᠤ ᠠᠵᠢᠯᠯᠠᠭ᠎ᠠ ᠶᠢᠨ ᠳᠤᠮᠳᠠ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ᠂ ᠬᠠᠨᠳᠢᠪᠯᠠᠨ ᠬᠦᠷᠭᠡᠬᠦ  ᠨᠢᠭᠡᠴᠡ ᠪᠠ ᠬᠤᠪᠢ ᠬᠥᠮᠦᠨ ᠤ ᠨᠡᠷ᠎ᠡ ᠶᠢᠨ ᠭᠠᠷᠴᠠᠭ ᠎ ᠢ ᠴᠠᠭ ᠢᠮᠠᠭᠲᠠ ᠨᠡᠶᠢᠲᠡᠯᠡᠵᠦ᠂  ᠨᠡᠶᠢᠭᠡᠮ ᠤᠨ ᠬᠢᠨᠠᠯᠲᠠ᠂ ᠬᠢᠨᠠᠨ ᠪᠣᠳᠣᠬᠤ ᠬᠢᠨᠠᠯᠲᠠ ᠶᠢ ᠰᠠᠨᠠᠭᠠᠴᠢᠯᠠᠭ᠎ᠠ ᠠᠴᠠ ᠎ ᠪᠠᠨ ᠬᠦᠯᠢᠶᠡᠵᠦ᠂ ᠬᠠᠨᠳᠢᠪᠯᠠᠨ ᠬᠦᠷᠭᠡᠭᠴᠢ ᠶᠢ ᠰᠡᠳᠬᠢᠯ ᠠᠮᠤᠷ ᠪᠠᠶᠢᠯᠭᠠᠵᠤ᠂ ᠨᠡᠶᠢᠭᠡᠮ ᠢ ᠰᠠᠨᠠᠭ᠎ᠠ ᠠᠮᠤᠷ ᠪᠠᠶᠢᠯᠭᠠᠵᠤ᠂ ᠲᠤᠰᠠᠯᠠᠮᠵᠢ ᠬᠦᠷᠲᠡᠭᠴᠢ ᠶᠢ ᠦᠨᠡᠨ ᠬᠦ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠶ᠃    ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃  ᠲᠤᠭᠤᠷᠢᠭ ᠤᠨ ᠵᠠᠰᠠᠭ ‍ᠤᠨ‌ᠣᠷᠳᠣᠨ  ᠤ ᠰᠢᠮᠳᠠᠭᠤᠯᠤᠨ  ᠪᠠᠶᠢᠴᠠᠭᠠᠬᠤ ᠲᠠᠰᠤᠭ ᠨᠢ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠨᠢᠭᠡᠴᠡ  ᠶᠢᠨ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠦᠭᠰᠡᠨ ᠪᠠᠢᠳᠠᠯ  ᠢ ᠰᠢᠮᠳᠠᠭᠤᠯᠤᠨ ᠪᠠᠶᠢᠴᠠᠭᠠᠬᠤ ᠪᠠᠨ ᠨᠡᠮᠡᠭᠳᠡᠭᠦᠯᠵᠦ᠂ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠢ ᠎ ᠲᠤᠨᠢ ᠮᠡᠳᠡᠭᠳᠡᠵᠦ᠂ ᠠᠵᠢᠯᠯᠠᠭ᠎ᠠ  ᠶᠢ ᠭᠦᠨᠵᠡᠭᠡᠢ ᠥᠷᠨᠢᠭᠦᠯᠬᠦ  ᠶᠢ ᠲᠦᠯᠬᠢᠨ ᠠᠬᠢᠭᠤᠯᠬᠤ ᠬᠡᠷᠡᠭᠲᠡᠢ᠃      ᠳᠥᠷᠪᠡ᠂ ᠬᠠᠷᠢᠯᠴᠠᠬᠤ ᠤᠴᠢᠷ ᠶᠠᠪᠤᠳᠠᠯ      ᠬᠠᠨᠳᠢᠪ  ᠢ ᠬᠦᠯᠢᠶᠡᠨ ᠠᠪᠬᠤ ᠨᠢᠭᠡᠴᠡ ︵ᠡᠷᠦᠬᠡ ᠶᠢᠨ ᠨᠡᠷ᠎ᠡ︶᠄ ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠤᠯᠠᠭᠠᠨ  ᠵᠠᠭᠠᠯᠮᠠᠶᠢᠲᠠᠨ ᠤ ᠨᠡᠶᠢᠭᠡᠮᠯᠢᠭ    ᠬᠠᠶ᠋ᠢᠭ᠄ ᠶᠤᠸᠠᠨ ᠪᠤᠤ ᠱᠠᠨ ᠲᠣᠭᠤᠷᠢᠭ  ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ ᠪᠠᠷᠠᠭᠤᠨ ᠲᠠᠯ᠎ᠠ ᠶᠢᠨ ᠬᠤᠶᠠᠳᠤᠭᠠᠷ ᠠᠰᠠᠷ    ᠬᠠᠷᠢᠯᠴᠠᠬᠤ ᠬᠥᠮᠥᠨ᠄ ᠫᠠᠩ ᠰᠢᠶᠣᠤ ᠴᠢ    ᠬᠠᠷᠢᠯᠴᠠᠬᠤ ᠤᠲᠠᠰᠤ᠄ 0476 — 5850375 ᠭᠠᠷ ᠤᠲᠠᠰᠤ᠄ 13947623649    0476 — 5850375    ᠢᠮᠧᠯ᠄ y b s q h s z h @ 163 . c o m     ᠬᠠᠨᠳᠢᠪ ᠢ ᠬᠦᠯᠢᠶᠡᠨ ᠠᠪᠬᠤ  ᠪᠠᠩᠭᠢ ᠶᠢᠨ ᠳᠠᠩᠰᠠᠨ ᠨᠣᠮᠧᠷ᠄ 149200911683    ᠳᠠᠩᠰᠠ  ᠪᠠᠶᠢᠭᠤᠯᠤᠭᠰᠠᠨ  ᠪᠠᠩᠬᠢ᠄ ᠳᠤᠮᠳᠠᠳᠤ ᠤᠯᠤᠰ  ᠶᠢᠨ ᠪᠠᠩᠬᠢ  ᠶᠢᠨ ᠤᠯᠠᠭᠠᠨᠬᠠᠳᠠ ᠬᠤᠲᠠ ᠶᠢᠨ ᠰᠢ ᠴᠧᠩ ᠰᠠᠯᠪᠤᠷᠢ ᠪᠠᠩᠬᠢ                             2019 ᠣᠨ ᠤ 3 ᠰᠠᠷ᠎ᠠ ᠶᠢᠨ 29᠎ ᠤ ᠡᠳᠦᠷ   
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1