ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠲᠤᠭᠤᠷᠢᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | 《 ᠶᠤᠸᠠᠨ ᠪᠤᠤ ᠱᠠᠨ ᠲᠣᠭᠤᠷᠢᠭ ᠤᠨ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠶᠢ ᠬᠢᠨᠠᠨ ᠰᠢᠯᠭᠠᠬᠤ ᠠᠷᠭ᠎ᠠ ᠶᠢ ᠲᠤᠭᠤᠷᠢᠭ ᠤᠨ ᠵᠠᠰᠠᠭ | ᠤᠨᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ | ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | 2019 ᠣᠨ ᠤ 4 ᠰᠠᠷ᠎ᠠ ᠶᠢᠨ 8 ᠤ ᠡᠳᠦᠷ | ᠶᠤᠸᠠᠨ ᠪᠤᠤ ᠱᠠᠨ ᠲᠣᠭᠤᠷᠢᠭ ᠤᠨ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠᠲᠤ ᠬᠢᠨᠠᠨ ᠰᠢᠯᠭᠠᠬᠤ ᠠᠷᠭ᠎ᠠ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠶᠯ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ | ᠲᠡᠩᠴᠡᠭᠦᠷᠢᠰᠢᠭᠦᠯᠬᠦ ᠠᠵᠢᠯ ᠢ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠶᠢᠨ ᠡᠪ ᠬᠠᠮᠲᠤ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ﹇2017﹈ 4 ᠳ᠋ᠦ᠋ᠭᠡᠷ | ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ︿ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ | ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠰᠢᠭᠦᠯᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ﹀︾ ︵ᠥᠪᠥᠷ ᠨᠠᠮ ᠲᠠᠷᠬᠠᠭᠠᠭᠰᠠᠨ ﹇2018﹈ 9 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ | ᠭᠠᠵᠠᠷ ᠰᠢᠷᠣᠶ ᠶᠢ ᠠᠷᠪᠢᠯᠠᠨ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠨ᠂ ᠠᠮᠢ ᠠᠬᠤᠢ ᠶᠢᠨ ᠣᠷᠴᠢᠨ | ᠲᠣᠭᠤᠷᠢᠨ ᠪᠠ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠪᠠᠯᠭᠠᠰᠤ ᠰᠢᠶᠠᠩ ᠤᠨ ᠠᠷᠠᠳ ᠤᠨ ᠵᠠᠰᠠᠭ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠠᠮᠠᠭᠠᠯᠠᠬᠤ ᠬᠠᠷᠠᠯᠲᠠᠲᠤ ᠬᠢᠨᠠᠨ ᠰᠢᠯᠭᠠᠬᠤ | ᠳᠦᠷᠢᠮ ᠢ ᠪᠠᠶᠢᠭᠤᠯᠤᠨ᠎ᠠ᠃ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ︾ ︽ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠳᠦᠷᠢᠮ︾ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ᠠᠷᠠᠴᠢᠯᠠᠨ ᠬᠠᠮᠠᠭᠠᠯᠠᠬᠤ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽︿ᠮᠤᠵᠢ ᠶᠢᠨ ᠱᠠᠲᠤᠨ ᠤ ᠵᠠᠰᠠᠭ ᠤᠨ | ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠠᠷᠭ᠎ᠠ﹀ ᠶᠢ | ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠨ ᠮᠡᠳᠡᠭᠳᠡᠯ︾ | ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 71 ᠳ᠋ᠦ᠋ᠭᠡᠷ ᠲᠣᠭᠠᠲᠤ︶᠂ ︽︿ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠶᠢ ᠬᠢᠨᠠᠨ ᠰᠢᠯᠭᠠᠬᠤ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ﹀︾ ᠵᠡᠷᠭᠡ ᠶᠢ | ᠦᠨᠳᠦᠰᠦᠯᠵᠡᠦ᠂ ᠶᠤᠸᠠᠨ ᠪᠤᠤ ᠱᠠᠨ ᠲᠣᠭᠤᠷᠢᠭ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠵᠢᠨᠣᠷᠳᠣᠨ 《 ᠶᠤᠸᠠᠨ | ᠪᠤᠤ ᠱᠠᠨ ᠲᠣᠭᠤᠷᠢᠭ ᠤᠨ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠪᠡ 》 ( ᠳᠣᠷᠣᠭᠰᠢ 《 | ᠲᠥᠯᠥᠪᠵᠢᠭᠦᠯᠪᠡ 》 ᠭᠡᠵᠦ ᠲᠣᠪᠴᠢᠯᠠᠨ᠎ᠠ ) ᠵᠢᠴᠢ ᠲᠡᠭᠦᠨ ᠤ ᠦᠷ᠎ᠡ ᠪᠦᠲᠦᠭᠡᠯ ᠳᠤ ᠲᠣᠭᠲᠠᠭᠠᠭᠰᠠᠨ ᠲᠤᠰ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠪᠠ 《 ᠶᠤᠸᠠᠨ ᠪᠤᠤ ᠱᠠᠨ ᠲᠣᠭᠤᠷᠢᠭ ᠤᠨ | ᠭᠠᠵᠠᠷ ᠰᠢᠷᠣᠶ ᠶᠢ ᠴᠡᠭᠴᠡᠯᠡᠨ ᠵᠠᠰᠠᠬᠤ ᠲᠥᠯᠥᠪᠵᠢᠭᠦᠯᠪᠡ 》 ᠳᠤ ᠲᠣᠭᠲᠠᠭᠠᠭᠰᠠᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠳᠤ ᠬᠠᠷᠢᠭᠤᠴᠠᠵᠤ᠂ ᠪᠠᠯᠭᠠᠰᠤᠨ ᠰᠢᠶᠠᠩ ᠤᠨ | ᠳᠠᠷᠤᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ | ᠭᠤᠷᠪᠠᠳᠤᠭᠠᠷ ᠵᠦᠢᠯ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠡᠯ᠎ᠡ ᠪᠠᠯᠭᠠᠰᠤ ᠰᠢᠶᠠᠩ | ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠢ ᠭᠦᠢᠴᠡᠳᠬᠡᠭᠰᠡᠨ ᠪᠠᠶᠢᠳᠠᠯ ᠳᠤ ᠬᠢᠨᠠᠨ ᠰᠢᠯᠭᠠᠯᠲᠠ ᠬᠢᠵᠦ᠂ ᠲᠤᠭᠤᠷᠢᠭ ᠤᠨ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠲᠤᠭ᠎ᠠ ᠪᠦᠷᠢᠳᠬᠡᠯ ᠤᠨ ᠲᠣᠪᠴᠢᠶ᠎ᠠ ( ᠳᠣᠷᠣᠭᠰᠢ ᠬᠢᠨᠠᠨ ᠰᠢᠯᠭᠠᠬᠤ ᠰᠠᠯᠠᠭ᠎ᠠ ᠮᠥᠴᠢᠷ ᠭᠡᠵᠦ ᠨᠡᠷᠡᠶᠢᠳᠦᠨ᠎ᠡ ) | ᠠᠴᠠ ᠬᠢᠨᠠᠨ ᠰᠢᠯᠭᠠᠵᠤ ᠪᠠᠶᠢᠴᠠᠭᠠᠬᠤ ᠠᠵᠢᠯ ᠢ ᠵᠣᠬᠢᠶᠠᠨ ᠪᠠᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ᠳᠥᠷᠪᠡᠳᠦᠭᠡᠷ ᠵᠦᠢᠯ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠯᠲᠠ ᠶᠢ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠢᠭᠤᠯᠤᠯᠲᠠ ᠵᠡᠷᠭᠡ ᠬᠤᠯᠪᠣᠭᠳᠠᠯ ᠪᠦᠬᠦᠢ ᠬᠢᠨᠠᠨ ᠰᠢᠯᠭᠠᠬᠤ ᠦᠨᠡᠯᠡᠯᠲᠡ ᠶᠢᠨ ᠰᠠᠭᠤᠷᠢᠨ ᠳᠡᠭᠡᠷ᠎ᠡ ᠶᠡᠷᠦᠩᠬᠡᠶᠢᠯᠡᠨ | ᠥᠷᠨᠢᠭᠦᠯᠵᠦ᠂ ᠥᠪᠡᠷ ᠤᠨ ᠪᠠᠶᠢᠴᠠᠭᠠᠯᠲᠠ᠂ ᠬᠤᠭᠤᠴᠠᠭᠠᠨ ᠳᠤᠮᠳᠠᠬᠢ ᠪᠠᠶᠢᠴᠠᠭᠠᠯᠲᠠ᠂ ᠬᠤᠭᠤᠴᠠᠭᠠᠨ ᠡᠴᠦᠰ | ᠤᠨ ᠬᠢᠨᠠᠨ ᠰᠢᠯᠭᠠᠯᠲᠠ ᠶᠢ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠦᠨ᠎ᠡ᠃ | ᠣᠨ ᠤ ᠥᠪᠡᠷ ᠤᠨ ᠪᠠᠶᠢᠴᠠᠭᠠᠯᠲᠠ ᠶᠢ ᠵᠢᠯ ᠪᠦᠷᠢ ᠨᠢᠭᠡ ᠤᠳᠠᠭ᠎ᠠ ᠥᠷᠨᠢᠭᠦᠯᠵᠦ᠂ ᠡᠯ᠎ᠡ ᠪᠠᠯᠭᠠᠰᠤ ᠰᠢᠶᠠᠩ | ᠤᠨ ᠠᠷᠠᠳ ᠤᠨ ᠵᠠᠰᠠᠭ ᠤᠨ ᠣᠷᠳᠣᠨ ᠥᠪᠡᠰᠦᠪᠡᠨ ᠵᠣᠬᠢᠶᠠᠨ ᠪᠠᠶᠢᠭᠤᠯᠵᠤ ᠥᠷᠨᠢᠭᠦᠯᠦᠨ᠎ᠡ︔ 2016 ᠣᠨ | ᠠᠴᠠ ᠡᠬᠢᠯᠡᠨ᠂ ᠲᠠᠪᠤᠨ ᠵᠢᠯ ᠢ ᠨᠢᠭᠡ ᠲᠥᠯᠥᠪᠵᠢᠭᠦᠯᠭᠡ ᠶᠢᠨ ᠬᠤᠭᠤᠴᠠᠭ᠎ᠠ ᠪᠠᠷ ᠲᠣᠭᠲᠠᠭᠠᠵᠤ᠂ ᠬᠤᠭᠤᠴᠠᠭᠠᠨ | ᠳᠤᠮᠳᠠᠬᠢ ᠪᠠᠶᠢᠴᠠᠭᠠᠯᠲᠠ ᠶᠢ ᠲᠥᠯᠥᠪᠵᠢᠭᠦᠯᠭᠡ ᠶᠢᠨ ᠬᠤᠭᠤᠴᠠᠭ᠎ᠠ ᠪᠦᠷᠢ ᠶᠢᠨ ᠭᠤᠷᠪᠠᠳᠤᠭᠠᠷ ᠵᠢᠯ ᠳᠤ ᠨᠢᠭᠡ | ᠤᠳᠠᠭ᠎ᠠ ᠥᠷᠨᠢᠭᠦᠯᠵᠦ᠂ ᠬᠢᠨᠠᠨ ᠰᠢᠯᠭᠠᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠥᠷᠨᠢᠭᠦᠯᠦᠨ᠎ᠡ︔ | ᠬᠤᠭᠤᠴᠠᠭᠠᠨ ᠰᠡᠭᠦᠯᠴᠢ ᠶᠢᠨ ᠬᠢᠨᠠᠨ ᠰᠢᠯᠭᠠᠯᠲᠠ ᠶᠢ ᠲᠥᠯᠥᠪᠵᠢᠭᠦᠯᠭᠡ ᠶᠢᠨ ᠬᠤᠭᠤᠴᠠᠭ᠎ᠠ ᠳᠠᠭᠤᠰᠤᠭᠰᠠᠨ ᠤ | ᠳᠠᠷᠠᠭ᠎ᠠ ᠵᠢᠯ ᠳᠤ ᠨᠢᠭᠡ ᠤᠳᠠᠭ᠎ᠠ ᠥᠷᠨᠢᠭᠦᠯᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠢᠨᠠᠨ | ᠰᠢᠯᠭᠠᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠲᠠᠪᠤᠳᠤᠭᠠᠷ ᠵᠦᠶᠯ ᠰᠢᠯᠭᠠᠨ ᠬᠢᠨᠠᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ᠂ ︽ᠲᠥᠯᠥᠪᠵᠢᠭᠦᠯᠪᠡ︾ ᠳᠤ ᠲᠣᠭᠲᠠᠭᠠᠭᠰᠠᠨ ᠬᠠᠮᠢᠶ᠎ᠠ ᠪᠦᠬᠦᠢ ᠭᠦᠶᠴᠡᠳᠬᠡᠯ ᠲᠤᠭ᠎ᠠ ᠪᠠ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ᠂ ᠲᠠᠷᠢᠶᠠᠨ ᠭᠠᠵᠠᠷ ᠢ ᠨᠥᠬᠦᠪᠥᠷᠢᠯᠡᠬᠦ᠂ | ᠠᠮᠢ ᠠᠬᠤᠢ ᠶᠢᠨ ᠲᠠᠷᠢᠶᠠᠯᠠᠬᠤ ᠪᠠᠨ ᠵᠣᠭᠰᠣᠬᠤ᠂ ᠭᠠᠮᠰᠢᠭᠳᠠᠭᠰᠠᠨ ᠲᠠᠷᠢᠶᠠᠨ ᠭᠠᠵᠠᠷ ᠢ ᠡᠪᠳᠡᠭᠰᠡᠨ ᠵᠡᠷᠭᠡ | ᠪᠣᠳᠠᠲᠠᠶ ᠪᠠᠶᠢᠳᠠᠯ ᠢ ᠦᠨᠳᠦᠰᠦᠯᠡᠨ᠂ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ | ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ | ᠶᠢᠨ ᠲᠠᠯᠠᠪᠠᠢ ᠵᠡᠷᠭᠡ ᠳᠤ ᠰᠢᠯᠭᠠᠨ ᠬᠢᠨᠠᠵᠤ ᠪᠠᠢᠴᠠᠭᠠᠬᠤ ᠭᠦᠶᠴᠡᠳᠬᠡᠯ ᠲᠣᠭᠠᠨ ᠤ ᠰᠠᠨᠠᠭᠤᠯᠭ᠎ᠠ ᠳᠤᠷᠠᠳᠴᠤ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠰᠢᠯᠭᠠᠨ ᠬᠢᠨᠠᠬᠤ | ᠰᠠᠯᠠᠭ᠎ᠠ ᠮᠥᠴᠢᠷ ᠠᠴᠠ ᠪᠠᠭᠤᠯᠭᠠᠵᠤ᠂ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ | ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠣᠯᠭᠠᠨ᠎ᠠ᠃ | ᠵᠢᠷᠭᠤᠳᠤᠭᠠᠷ ᠵᠦᠶᠯ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠷᠡᠨ ᠵᠥᠪᠰᠢᠶᠡᠷᠡᠭᠰᠡᠨ | ᠲᠤᠭᠤᠷᠢᠭ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠡᠯ᠎ᠡ ᠪᠠᠯᠭᠠᠰᠤ | ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠲᠠᠯᠠᠪᠠᠢ᠂ ᠠᠮᠢ ᠠᠬᠤᠢ ᠶᠢᠨ | ᠲᠠᠷᠢᠶᠠᠯᠠᠬᠤ ᠪᠠᠨ ᠵᠣᠭᠰᠣᠭᠰᠠᠨ ᠲᠠᠯᠠᠪᠠᠢ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠶᠢᠨ | ᠲᠤᠭ᠎ᠠ ᠪᠠᠷᠢᠮᠲᠠ ᠵᠢᠴᠢ ᠲᠠᠷᠢᠶᠠᠨ ᠭᠠᠵᠠᠷ ᠤᠨ ᠶᠠᠰᠤ ᠴᠢᠨᠠᠷ ᠤᠨ ᠪᠠᠶᠢᠴᠠᠭᠠᠯᠲᠠ ᠦᠨᠡᠯᠡᠯᠲᠡ ᠪᠠ ᠳᠡᠰ ᠬᠤᠪᠢᠶᠠᠨ | ᠳᠡᠰ ᠲᠣᠭᠲᠠᠭᠠᠭᠰᠠᠨ ᠦᠷ᠎ᠡ ᠪᠦᠲᠦᠭᠡᠯ ᠪᠠ ᠰᠢᠯᠭᠠᠨ ᠬᠢᠨᠠᠬᠤ ᠦᠨᠳᠦᠰᠦᠯᠡᠯ ᠪᠣᠯᠭᠠᠨ᠎ᠠ᠃ | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠨᠢᠭᠡᠳᠦᠯᠲᠡᠢ | ᠵᠢᠷᠤᠮᠵᠢᠯ ᠶᠣᠰᠣᠭᠠᠷ᠂ ᠲᠠᠷᠢᠶᠠᠨ ᠭᠠᠵᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ | ᠪᠣᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ᠬᠥᠳᠡᠯᠦᠩᠭᠦᠢ | ᠬᠢᠨᠠᠨ ᠬᠡᠮᠵᠢᠯᠲᠡ ᠶᠢ ᠴᠢᠩᠭᠠᠳᠬᠠᠵᠤ᠂ ᠬᠢᠨᠠᠨ ᠰᠢᠯᠭᠠᠬᠤ ᠰᠠᠯᠠᠭ᠎ᠠ ᠮᠥᠴᠢᠷ ᠲᠤ ᠬᠢᠨᠠᠨ ᠬᠡᠮᠵᠢᠵᠦ ᠪᠠᠶᠢᠴᠠᠭᠠᠭᠰᠠᠨ | ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ | ᠬᠡᠷᠡᠭᠲᠡᠢ᠃ | ᠬᠢᠨᠠᠨ ᠰᠢᠯᠭᠠᠬᠤ ᠰᠠᠯᠠᠭ᠎ᠠ ᠮᠥᠴᠢᠷ ᠨᠢ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠠᠯᠤᠰ | ᠰᠡᠷᠡᠯ ᠤᠨ ᠬᠢᠨᠠᠨ ᠬᠡᠮᠵᠢᠯᠲᠡ ᠶᠢᠨ ︽ᠨᠢᠭᠡ ᠵᠢᠷᠤᠭ︾ ᠪᠠ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠠᠪᠴᠠᠩ ᠵᠢᠴᠢ | ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠣᠤᠷ ᠰᠦᠯᠵᠢᠶ᠎ᠡ ᠶᠢ ᠦᠨᠳᠦᠰᠦᠯᠡᠨ᠂ ᠥᠯᠢᠭᠡᠷ ᠠᠪᠴᠤ | ᠪᠠᠢᠴᠠᠭᠠᠬᠤ ᠪᠠ ᠳᠠᠭᠠᠭᠤᠯᠢ ᠣᠳᠣᠨ ᠤ ᠠᠯᠤᠰ ᠰᠡᠷᠡᠯ ᠤᠨ ᠬᠢᠨᠠᠨ ᠬᠡᠮᠵᠢᠬᠦ ᠵᠡᠷᠭᠡ ᠠᠷᠭ᠎ᠠ ᠪᠠᠷᠢᠯ ᠢ ᠬᠡᠷᠡᠭᠯᠡᠨ᠂ | ᠲᠠᠷᠢᠶᠠᠨ ᠭᠠᠵᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠪᠠ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠬᠢᠨᠠᠨ ᠪᠠᠶᠢᠴᠠᠭᠠᠨ᠎ᠠ᠃ | ᠳᠣᠯᠣᠳᠤᠭᠠᠷ ᠵᠦᠶᠯ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠳᠤ ᠪᠤᠰᠤᠳᠴᠢ᠂ ᠢᠯᠠ᠂ ᠲᠥᠪ ᠭᠤᠤᠯᠴᠢ᠂ | ᠭᠤᠤᠯᠳᠠᠯᠭ᠎ᠠ ᠶᠢ ᠳᠣᠪᠣᠶᠢᠯᠭᠠᠬᠤ᠂ ᠱᠠᠩᠨᠠᠵᠤ ᠲᠣᠷᠭᠠᠬᠤ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠵᠢᠷᠤᠮᠯᠠᠵᠤ᠂ | ᠣᠨ ᠤ ᠥᠪᠡᠰᠦᠪᠡᠨ ᠪᠠᠶᠢᠴᠠᠭᠠᠬᠤ᠂ ᠬᠤᠭᠤᠴᠠᠭᠠᠨ ᠳᠤᠮᠳᠠᠬᠢ ᠪᠠᠶᠢᠴᠠᠭᠠᠯᠲᠠ ᠪᠠ ᠬᠤᠭᠤᠴᠠᠭᠠᠨ ᠰᠡᠭᠦᠯᠴᠢ ᠶᠢᠨ | ᠬᠢᠨᠠᠨ ᠰᠢᠯᠭᠠᠬᠤ ᠳᠤ ᠴᠢᠨᠠᠷ ᠲᠣᠭᠲᠠᠭᠠᠬᠤ ᠪᠠ ᠬᠡᠮᠵᠢᠶ᠎ᠡ ᠲᠣᠭᠲᠠᠭᠠᠬᠤ ᠶᠢ ᠬᠠᠷᠢᠯᠴᠠᠨ ᠤᠶᠠᠯᠳᠤᠭᠤᠯᠤᠭᠰᠠᠨ | ᠶᠡᠷᠦᠩᠬᠡᠶᠢᠯᠡᠨ ᠦᠨᠡᠯᠡᠬᠦ ᠠᠷᠭ᠎ᠠ ᠶᠢ ᠬᠡᠷᠡᠭᠯᠡᠨ᠎ᠡ᠂ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ ᠪᠦᠷᠢᠨ ᠬᠤᠪᠢ | 100 ᠬᠤᠪᠢ ᠣᠯᠭᠤᠨ᠎ᠠ᠂ ᠬᠢᠨᠠᠨ ᠰᠢᠯᠭᠠᠵᠤ ᠪᠠᠶᠢᠴᠠᠭᠠᠬᠤ ᠦᠨᠳᠦᠰᠦᠨ ᠦᠨᠡᠯᠡᠬᠦ ᠭᠦᠶᠴᠡᠳᠬᠡᠯ ᠲᠤᠭ᠎ᠠ ᠶᠢ | ᠬᠢᠨᠠᠨ ᠰᠢᠯᠭᠠᠬᠤ ᠰᠠᠯᠠᠭ᠎ᠠ ᠮᠥᠴᠢᠷ ᠠᠴᠠ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠳᠦᠷᠢᠮ︾ ᠵᠡᠷᠭᠡ | ᠶᠢ ᠦᠨᠳᠦᠰᠦᠯᠡᠨ ᠬᠠᠮᠲᠤ ᠪᠠᠷ ᠲᠣᠭᠲᠠᠭᠠᠬᠤ ᠶᠢᠨ ᠬᠠᠮᠲᠤ᠂ ᠪᠣᠳᠠᠲᠠᠶ ᠪᠠᠶᠢᠳᠠᠯ ᠢ ᠦᠨᠳᠦᠰᠦᠯᠡᠨ ᠴᠠᠭ ᠲᠤᠨᠢ | ᠲᠣᠬᠢᠷᠠᠭᠤᠯᠤᠨ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠎ᠡ᠃ | | ᠬᠤᠶᠠᠳᠤᠭᠠᠷ ᠪᠦᠯᠦᠭ ᠣᠨ ᠤ ᠥᠪᠡᠷ ᠤᠨ ᠪᠠᠶᠢᠴᠠᠭᠠᠯᠲᠠ | ᠨᠠᠢᠮᠠᠳᠤᠭᠠᠷ ᠵᠦᠢᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠶᠢᠨ | ᠲᠣᠭᠲᠠᠭᠠᠯ ᠶᠣᠰᠣᠭᠠᠷ᠂ ᠬᠢᠨᠠᠨ ᠰᠢᠯᠭᠠᠬᠤ ᠰᠠᠯᠠᠭ᠎ᠠ ᠮᠥᠴᠢᠷ ᠤᠨ ᠣᠨ ᠤ ᠥᠪᠡᠰᠦᠪᠡᠨ ᠪᠠᠶᠢᠴᠠᠭᠠᠬᠤᠠᠵᠢᠯ ᠤᠨ | ᠱᠠᠭᠠᠷᠳᠠᠯᠭ᠎ᠠ ᠪᠠ ᠬᠢᠨᠠᠨ ᠰᠢᠯᠭᠠᠵᠤ ᠪᠠᠶᠢᠴᠠᠭᠠᠬᠤ ᠦᠨᠳᠦᠰᠦᠨ ᠦᠨᠡᠯᠡᠯᠲᠡ ᠶᠢᠨ ᠭᠦᠢᠴᠡᠳᠬᠡᠬᠦ ᠲᠤᠭ᠎ᠠ ᠲᠠᠢ | ᠤᠶᠠᠯᠳᠤᠭᠤᠯᠤᠨ᠂ ᠵᠢᠯ ᠪᠦᠷᠢ ᠵᠣᠬᠢᠶᠠᠨ ᠪᠠᠶᠢᠭᠤᠯᠵᠤ ᠥᠪᠡᠰᠦᠪᠡᠨ ᠪᠠᠶᠢᠴᠠᠭᠠᠨ᠎ᠠ᠃ ᠭᠤᠣᠯᠳᠠᠭᠤ | ᠬᠠᠷᠢᠶᠠᠯᠠᠭᠳᠠᠵᠤ ᠪᠠᠶᠢᠭ᠎ᠠ ᠲᠤᠰᠬᠤᠨ ᠤ ᠳᠡᠭᠡᠷ᠎ᠡ ᠨᠢᠭᠡ ᠵᠢᠯ ᠤᠨ ᠲᠠᠷᠢᠶᠠᠨ ᠭᠠᠵᠠᠷ ᠤᠨ ᠲᠤᠭ᠎ᠠ ᠬᠡᠮᠵᠢᠶᠡᠨ ᠤ | ᠬᠤᠪᠢᠷᠠᠯᠲᠠ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠰᠢᠭᠦᠯᠬᠦ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠨᠥᠬᠦᠪᠥᠷᠢᠯᠡᠨ ᠬᠤᠪᠢᠶᠠᠷᠢᠯᠠᠬᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ | ᠳᠡᠭᠡᠭᠰᠢᠯᠡᠭᠦᠯᠬᠦ᠂ ᠲᠠᠷᠢᠶᠠᠨ ᠭᠠᠵᠠᠷ ᠢ ᠬᠥᠳᠡᠯᠦᠩᠭᠦᠶ ᠪᠠᠷ ᠬᠢᠨᠠᠨ ᠬᠡᠮᠵᠢᠬᠦ ᠵᠡᠷᠭᠡ ᠲᠠᠯ᠎ᠠ ᠶᠢᠨ ᠪᠠᠶᠢᠳᠠᠯ ᠢ | ᠪᠠᠶᠢᠴᠠᠭᠠᠵᠤ᠂ ᠲᠠᠷᠢᠶᠠᠨ ᠭᠠᠵᠠᠷ ᠢ ᠨᠥᠬᠦᠪᠥᠷᠢᠯᠡᠬᠦ ᠤᠯᠤᠰ ᠤᠨ ᠨᠢᠭᠡᠳᠦᠯᠲᠡᠶ ᠲᠥᠯᠥᠪᠵᠢᠭᠦᠯᠦᠭᠰᠡᠨ ᠲᠤᠰᠬᠤᠨ | ᠳᠤ ᠲᠤᠰ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠬᠤ ᠬᠡᠷᠡᠭᠲᠡᠶ᠃ | ᠶᠢᠰᠦᠳᠦᠭᠡᠷ ᠵᠦᠢᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨᠣᠷᠳᠣᠨ ᠵᠢᠯ ᠪᠦᠷᠢ ᠶᠢᠨ 4 | ᠰᠠᠷ᠎ᠠ ᠶᠢᠨ ᠰᠡᠭᠦᠯᠴᠢ ᠠᠴᠠ ᠡᠮᠦᠨ᠎ᠡ ᠬᠢᠨᠠᠨ ᠰᠢᠯᠭᠠᠬᠤ ᠰᠠᠯᠠᠭ᠎ᠠ ᠮᠥᠴᠢᠷ ᠲᠤ ᠥᠪᠡᠰᠦᠪᠡᠨ ᠪᠠᠶᠢᠴᠠᠭᠠᠭᠰᠠᠨ | ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠬᠢᠨᠠᠨ ᠰᠢᠯᠭᠠᠬᠤ ᠰᠠᠯᠠᠭ᠎ᠠ ᠮᠥᠴᠢᠷ ᠥᠪᠡᠷ ᠢᠶᠠᠨ ᠪᠠᠶᠢᠴᠠᠭᠠᠭᠰᠠᠨ | ᠪᠠᠶᠢᠳᠠᠯ ᠪᠠ ᠬᠤᠯᠪᠣᠭᠳᠠᠯ ᠪᠦᠬᠦᠢ ᠬᠢᠨᠠᠨ ᠪᠠᠶᠢᠴᠠᠭᠠᠵᠤ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠬᠤᠯᠪᠣᠭᠳᠠᠯ | ᠪᠦᠬᠦᠢ ᠪᠠᠶᠢᠳᠠᠯ ᠢ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠬᠦ ᠶᠢᠨ ᠬᠠᠮᠲᠤ | ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠶᠢᠨ ᠬᠤᠭᠤᠴᠠᠭᠠᠨ ᠡᠴᠦᠰ ᠤᠨ ᠬᠢᠨᠠᠨ ᠰᠢᠯᠭᠠᠯᠲᠠ ᠳᠤ ᠣᠷᠣᠭᠤᠯᠤᠨ᠎ᠠ᠃ | ᠭᠤᠷᠪᠠᠳᠤᠭᠠᠷ ᠪᠦᠯᠦᠭ ᠬᠤᠭᠤᠴᠠᠭᠠᠨ ᠳᠤᠮᠳᠠᠬᠢ ᠪᠠᠶᠢᠴᠠᠭᠠᠯᠲᠠ | ᠠᠷᠪᠠᠳᠤᠭᠠᠷ ᠵᠦᠢᠯ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠬᠤᠭᠤᠴᠠᠭᠠᠨ ᠳᠤᠮᠳᠠᠬᠢ ᠪᠠᠶᠢᠴᠠᠭᠠᠯᠲᠠ ᠶᠢ ᠲᠠᠷᠢᠶᠠᠨ ᠭᠠᠵᠠᠷ ᠢ ᠬᠠᠮᠠᠭᠠᠯᠠᠬᠤ | ᠠᠵᠢᠯ ᠤᠨ ᠡᠭᠦᠷᠭᠡ ᠶᠢᠨ ᠲᠣᠬᠢᠷᠠᠭᠤᠯᠤᠯᠲᠠ ᠶᠣᠰᠣᠭᠠᠷ ᠬᠡᠷᠡᠭᠵᠢᠭᠦᠯᠵᠦ᠂ ᠭᠤᠣᠯᠳᠠᠭᠤ ᠲᠥᠯᠥᠪᠵᠢᠭᠦᠯᠭᠡ ᠶᠢᠨ | ᠬᠤᠭᠤᠴᠠᠭᠠᠨ ᠤ ᠡᠮᠦᠨᠡᠬᠢ ᠬᠤᠶᠠᠷ ᠵᠢᠯ ᠤᠨ ᠡᠯ᠎ᠡ ᠭᠠᠵᠠᠷ ᠣᠷᠣᠨ ᠤ ᠲᠠᠷᠢᠶᠠᠨ ᠭᠠᠵᠠᠷ ᠤᠨ ᠲᠤᠭ᠎ᠠ ᠬᠡᠮᠵᠢᠶᠡᠨ ᠤ | ᠬᠤᠪᠢᠷᠠᠯᠲᠠ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠰᠢᠭᠦᠯᠬᠦ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠨᠥᠬᠦᠪᠥᠷᠢᠯᠡᠨ ᠬᠤᠪᠢᠶᠠᠷᠢᠯᠠᠬᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ | ᠳᠡᠭᠡᠭᠰᠢᠯᠡᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠥᠳᠡᠯᠦᠩᠭᠦᠶ ᠪᠠᠷ ᠬᠢᠨᠠᠨ ᠬᠡᠮᠵᠢᠬᠦ᠂ ᠲᠠᠷᠢᠶᠠᠨ ᠭᠠᠵᠠᠷ ᠢ | ᠬᠠᠮᠠᠭᠠᠯᠠᠬᠤ ᠳᠦᠷᠢᠮ ᠤᠨ ᠪᠠᠶᠢᠭᠤᠯᠤᠯᠲᠠ ᠵᠢᠴᠢ ᠲᠠᠷᠢᠶᠠᠨ ᠭᠠᠵᠠᠷ ᠢ ᠤᠯᠤᠰ ᠠᠴᠠ ᠨᠢᠭᠡᠳᠦᠯᠲᠡᠶ ᠲᠥᠯᠥᠪᠯᠡᠬᠦ | ᠵᠡᠷᠭᠡ ᠲᠠᠯ᠎ᠠ ᠶᠢᠨ ᠪᠠᠶᠢᠳᠠᠯ ᠢ ᠪᠠᠢᠴᠠᠭᠠᠨ᠎ᠠ᠃ | ᠠᠷᠪᠠᠨ ᠨᠢᠭᠡᠳᠦᠭᠡᠷ ᠵᠦᠢᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ | ᠪᠠ ᠬᠢᠨᠠᠨ ᠰᠢᠯᠭᠠᠬᠤ ᠰᠠᠯᠠᠭ᠎ᠠ ᠮᠥᠴᠢᠷ ᠤᠨ ᠬᠤᠭᠤᠴᠠᠭᠠᠨ ᠳᠤᠮᠳᠠᠬᠢ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ | ᠶᠣᠰᠣᠭᠠᠷ ᠥᠪᠡᠰᠦᠪᠡᠨ ᠪᠠᠶᠢᠴᠠᠭᠠᠵᠤ᠂ ᠬᠤᠭᠤᠴᠠᠭᠠᠨ ᠳᠤᠮᠳᠠᠬᠢ ᠪᠠᠶᠢᠴᠠᠭᠠᠯᠲᠠ ᠶᠢᠨ ᠣᠨ ᠤ 4 ᠰᠠᠷ᠎ᠠ ᠶᠢᠨ | ᠰᠡᠭᠦᠯᠴᠢ ᠠᠴᠠ ᠡᠮᠦᠨ᠎ᠡ ᠬᠢᠨᠠᠨ ᠰᠢᠯᠭᠠᠬᠤ ᠰᠠᠯᠠᠭ᠎ᠠ ᠮᠥᠴᠢᠷ ᠲᠤ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ | ᠪᠠᠨ ᠮᠡᠳᠡᠭᠦᠯᠦᠨ ᠬᠦᠷᠭᠡᠨ᠎ᠡ᠃ ᠰᠢᠯᠭᠠᠨ ᠬᠢᠨᠠᠬᠤ ᠰᠠᠯᠠᠭ᠎ᠠ ᠮᠥᠴᠢᠷ ᠨᠢ ᠪᠠᠶᠢᠳᠠᠯ ᠢ ᠦᠨᠳᠦᠰᠦᠯᠡᠨ ᠬᠡᠰᠡᠭ ᠪᠠᠯᠭᠠᠰᠤ | ᠰᠢᠶᠠᠩ ᠢ ᠰᠣᠩᠭᠤᠨ ᠪᠣᠳᠠᠲᠠᠶ ᠭᠠᠵᠠᠷ ᠲᠤᠨᠢ ᠰᠤᠭᠤᠴᠢᠨ ᠪᠠᠶᠢᠴᠠᠭᠠᠯᠲᠠ ᠬᠢᠵᠦ᠂ ᠡᠯ᠎ᠡ ᠪᠠᠯᠭᠠᠰᠤ ᠰᠢᠶᠠᠩ ᠤᠨ | ᠠᠷᠠᠳ ᠤᠨ ᠵᠠᠰᠠᠭ ᠤᠨ ᠣᠷᠳᠣᠨ ᠤ ᠥᠪᠡᠰᠦᠪᠡᠨ ᠪᠠᠶᠢᠴᠠᠭᠠᠬᠤ᠂ ᠪᠣᠳᠠᠲᠠᠶ ᠭᠠᠵᠠᠷ ᠲᠤᠨᠢ ᠰᠤᠭᠤᠴᠢᠨ | ᠪᠠᠶᠢᠴᠠᠭᠠᠬᠤ ᠪᠠ ᠬᠠᠮᠢᠶ᠎ᠠ ᠪᠦᠬᠦᠢ ᠰᠢᠮᠳᠠᠭᠤᠯᠤᠨ ᠪᠠᠶᠢᠴᠠᠭᠠᠬᠤ ᠵᠡᠷᠭᠡ ᠲᠠᠢ ᠤᠶᠠᠯᠳᠤᠭᠤᠯᠤᠨ ᠡᠯ᠎ᠡ ᠪᠠᠯᠭᠠᠰᠤ | ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠶᠡᠷᠦᠩᠬᠡᠶᠢᠯᠡᠨ ᠦᠨᠡᠯᠡᠬᠦ᠂ ᠬᠤᠪᠢ ᠥᠭᠴᠦ ᠵᠢᠭᠰᠠᠭᠠᠬᠤ᠂ ᠪᠤᠢ | ᠪᠣᠯᠤᠭᠰᠠᠨ ᠬᠤᠭᠤᠴᠠᠭᠠᠨ ᠳᠤᠮᠳᠠᠬᠢ ᠪᠠᠶᠢᠴᠠᠭᠠᠯᠲᠠ ᠶᠢᠨ ᠦᠷ᠎ᠡ ᠳ᠋ᠦᠩ ᠤᠨ ᠮᠡᠳᠡᠭᠦᠯᠦᠯᠲᠡ ᠬᠢᠨ᠎ᠡ᠃ | ᠠᠷᠪᠠᠨ ᠬᠤᠶᠠᠳᠤᠭᠠᠷ ᠵᠦᠢᠯ ᠬᠤᠭᠤᠴᠠᠭᠠᠨ ᠳᠤᠮᠳᠠᠬᠢ ᠪᠠᠶᠢᠴᠠᠭᠠᠯᠲᠠ ᠶᠢᠨ ᠦᠷ᠎ᠡ ᠳ᠋ᠦᠩ ᠢ ᠬᠢᠨᠠᠨ | ᠰᠢᠯᠭᠠᠬᠤ ᠰᠠᠯᠠᠭ᠎ᠠ ᠮᠥᠴᠢᠷ ᠠᠴᠠ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠣᠨ ᠣᠷᠳᠣᠨ ᠳᠤ ᠮᠡᠳᠡᠭᠳᠡᠵᠦ | ᠂ ᠪᠠᠯᠭᠠᠰᠤ ᠰᠢᠶᠠᠩ ᠤᠨ ᠠᠷᠠᠳ ᠤᠨ ᠵᠠᠰᠠᠭ ᠣᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ | ᠶᠢᠨ ᠬᠤᠭᠤᠴᠠᠭᠠᠨ ᠡᠴᠦᠰ ᠤᠨ ᠬᠢᠨᠠᠨ ᠰᠢᠯᠭᠠᠯᠲᠠ ᠳᠤ ᠣᠷᠣᠭᠤᠯᠬᠤ ᠶᠢᠨ ᠬᠠᠮᠲᠤ ᠲᠣᠭᠤᠷᠢᠭ ᠣᠨ ᠠᠷᠠᠳ ᠤᠨ | ᠵᠠᠰᠠᠭ ᠣᠨ ᠣᠷᠳᠣᠨ ᠳᠤ ᠮᠡᠳᠡᠭᠦᠯᠦᠨ᠎ᠡ᠃ | ᠳᠥᠷᠪᠡᠳᠦᠭᠡᠷ ᠪᠦᠯᠦᠭ ᠬᠤᠭᠤᠴᠠᠭᠠᠨ ᠡᠴᠦᠰ ᠤᠨ ᠬᠢᠨᠠᠨ ᠰᠢᠯᠭᠠᠯᠲᠠ | ᠠᠷᠪᠠᠨ ᠭᠤᠷᠪᠠᠳᠤᠭᠠᠷ ᠵᠦᠶᠯ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ | ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠡᠴᠦᠰ ᠤᠨ ᠬᠢᠨᠠᠨ ᠰᠢᠯᠭᠠᠬᠤ ᠠᠭᠤᠯᠭ᠎ᠠ ᠳᠤ | ᠭᠤᠤᠯᠳᠠᠭᠤ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ | ᠤᠨ ᠬᠠᠮᠠᠭᠠᠯᠠᠯᠲᠠ ᠶᠢᠨ ᠲᠠᠯᠠᠪᠠᠢ᠂ ᠲᠠᠷᠢᠶᠠᠨ ᠭᠠᠵᠠᠷ ᠤᠨ ᠲᠤᠭ᠎ᠠ ᠬᠡᠮᠵᠢᠶᠡᠨ ᠤ ᠬᠤᠪᠢᠷᠠᠯᠲᠠ᠂ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠪᠠ ᠨᠥᠬᠦᠪᠥᠷᠢᠯᠡᠨ ᠬᠤᠪᠢᠶᠠᠷᠢᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ᠂ ᠲᠠᠷᠢᠶᠠᠨ ᠭᠠᠵᠠᠷ ᠤᠨ | ᠶᠠᠰᠤ ᠴᠢᠨᠠᠷ ᠢ ᠬᠥᠳᠡᠯᠦᠩᠭᠦᠶ ᠪᠠᠷ ᠬᠢᠨᠠᠨ ᠬᠡᠮᠵᠢᠬᠦ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠤᠨ | ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠨ᠎ᠠ᠃ ᠲᠠᠷᠢᠶᠠᠨ ᠭᠠᠵᠠᠷ ᠢ ᠨᠥᠬᠦᠪᠥᠷᠢᠯᠡᠬᠦ ᠳᠤ ᠤᠯᠤᠰ ᠠᠴᠠ | ᠨᠢᠭᠡᠳᠦᠯᠲᠡᠶ ᠲᠥᠯᠥᠪᠵᠢᠭᠦᠯᠦᠭᠰᠡᠨ ᠬᠤᠯᠪᠣᠭᠳᠠᠯ ᠪᠦᠬᠦᠢ ᠪᠠᠯᠭᠠᠰᠤ ᠰᠢᠶᠠᠩ ᠳᠤ ᠬᠤᠯᠪᠣᠭᠳᠠᠭᠰᠠᠨ ᠪᠠᠶᠢᠪᠠᠯ᠂ | ᠬᠢᠨᠠᠨ ᠰᠢᠯᠭᠠᠬᠤ ᠰᠠᠯᠠᠭ᠎ᠠ ᠮᠥᠴᠢᠷ ᠠᠴᠠ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠶᠢᠨ ᠲᠣᠪᠴᠢ ᠵᠢᠴᠢ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠠᠬᠢᠯᠲᠠ ᠶᠢᠨ ᠪᠠᠶᠢᠳᠠᠯ ᠢ | ᠦᠨᠳᠦᠰᠦᠯᠡᠨ᠂ ᠲᠡᠭᠦᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠬᠠᠮᠠᠭᠠᠯᠠᠬᠤ ᠬᠠᠷᠠᠯᠲᠠ ᠵᠡᠷᠭᠡ ᠬᠢᠨᠠᠨ ᠰᠢᠯᠭᠠᠬᠤ ᠭᠦᠶᠴᠡᠳᠬᠡᠯ ᠲᠤᠭ᠎ᠠ ᠳᠤ ᠵᠣᠬᠢᠴᠠᠩᠭᠤᠶ | ᠲᠣᠬᠢᠷᠠᠭᠤᠯᠤᠯᠲᠠ ᠬᠢᠵᠦ ᠪᠣᠯᠤᠨ᠎ᠠ᠃ | ᠠᠷᠪᠠᠨ ᠳᠥᠷᠪᠡᠳᠦᠭᠡᠷ ᠵᠦᠢᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠲᠤᠰ | ᠠᠷᠭ᠎ᠠ ᠪᠠ ᠬᠢᠨᠠᠨ ᠰᠢᠯᠭᠠᠬᠤ ᠰᠠᠯᠠᠭ᠎ᠠ ᠮᠥᠴᠢᠷ ᠤᠨ ᠬᠤᠭᠤᠴᠠᠭᠠᠨ ᠡᠴᠦᠰ ᠤᠨ ᠬᠢᠨᠠᠨ ᠰᠢᠯᠭᠠᠬᠤ ᠠᠵᠢᠯ ᠤᠨ | ᠱᠠᠭᠠᠷᠳᠠᠯᠭ᠎ᠠ ᠶᠣᠰᠣᠭᠠᠷ ᠥᠪᠡᠰᠦᠪᠡᠨ ᠪᠠᠶᠢᠴᠠᠭᠠᠵᠤ᠂ ᠲᠥᠯᠥᠪᠵᠢᠭᠦᠯᠭᠡ ᠶᠢᠨ ᠬᠤᠭᠤᠴᠠᠭ᠎ᠠ ᠳᠠᠭᠤᠰᠤᠭᠰᠠᠨ ᠠᠴᠠ | ᠳᠠᠷᠠᠭ᠎ᠠ ᠵᠢᠯ ᠤᠨ ᠬᠢᠨᠢ 4 ᠰᠠᠷ᠎ᠠ ᠶᠢᠨ ᠰᠡᠭᠦᠯᠴᠢ ᠠᠴᠠ ᠡᠮᠦᠨ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠳᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠢ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠬᠤ | ᠰᠠᠯᠠᠭ᠎ᠠ ᠮᠥᠴᠢᠷ ᠲᠤ ᠬᠠᠭᠤᠯᠤᠨ ᠬᠦᠷᠭᠡᠨ᠎ᠡ᠃ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠥᠪᠡᠷ | ᠢᠶᠠᠨ ᠪᠠᠶᠢᠴᠠᠭᠠᠭᠰᠠᠨ ᠪᠠᠶᠢᠳᠠᠯ ᠵᠢᠴᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠢ᠃ | | ᠠᠷᠪᠠᠨ ᠲᠠᠪᠤᠳᠤᠭᠠᠷ ᠵᠦᠶᠯ ᠰᠢᠯᠭᠠᠨ ᠬᠢᠨᠠᠬᠤ ᠰᠠᠯᠠᠭ᠎ᠠ ᠮᠥᠴᠢᠷ ᠨᠢ ᠡᠯ᠎ᠡ ᠪᠠᠯᠭᠠᠰᠤ ᠰᠢᠶᠠᠩ ᠤᠨ ᠠᠷᠠᠳ | ᠤᠨ ᠵᠠᠰᠠᠭ ᠦᠨᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠭᠦᠶᠴᠡᠳᠬᠡᠭᠰᠡᠨ | ᠪᠠᠶᠢᠳᠠᠯ ᠳᠤ ᠪᠥᠬᠦ ᠲᠠᠯ᠎ᠠ ᠪᠠᠷ ᠰᠤᠭᠤᠴᠢᠨ ᠪᠠᠶᠢᠴᠠᠭᠠᠯᠲᠠ ᠬᠢᠵᠦ᠂ ᠪᠠᠯᠭᠠᠰᠤ ᠰᠢᠶᠠᠩ ᠤᠨ ᠠᠷᠠᠳ ᠤᠨ ᠵᠠᠰᠠᠭ | ᠤᠨ ᠣᠷᠳᠣᠨ ᠤ ᠥᠪᠡᠰᠦᠪᠡᠨ ᠪᠠᠶᠢᠴᠠᠭᠠᠬᠤ᠂ ᠪᠣᠳᠠᠲᠠᠶ ᠭᠠᠵᠠᠷ ᠲᠤᠨᠢ ᠰᠤᠭᠤᠴᠢᠨ ᠪᠠᠶᠢᠴᠠᠭᠠᠬᠤ ᠪᠠ ᠣᠨ ᠤ | ᠥᠪᠡᠰᠦᠪᠡᠨ ᠪᠠᠶᠢᠴᠠᠭᠠᠬᠤ᠂ ᠬᠤᠭᠤᠴᠠᠭᠠᠨ ᠳᠤᠮᠳᠠᠬᠢ ᠪᠠᠶᠢᠴᠠᠭᠠᠯᠲᠠ ᠬᠢᠬᠦ ᠵᠡᠷᠭᠡ ᠶᠢ ᠦᠨᠳᠦᠰᠦᠯᠡᠨ ᠡᠯ᠎ᠡ | ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠬᠤᠪᠢ ᠥᠭᠴᠦ | ᠵᠢᠭᠰᠠᠭᠠᠨ᠂ ᠬᠤᠭᠤᠴᠠᠭᠠᠨ ᠡᠴᠦᠰ ᠤᠨ ᠰᠢᠯᠭᠠᠨ ᠬᠢᠨᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ | ᠪᠦᠷᠢᠯᠳᠦᠭᠦᠯᠦᠨ᠎ᠡ᠃ | ᠠᠷᠪᠠᠨ ᠵᠢᠷᠭᠤᠳᠤᠭᠠᠷ ᠵᠦᠶᠯ ᠬᠢᠨᠠᠨ ᠰᠢᠯᠭᠠᠬᠤ ᠰᠠᠯᠠᠭ᠎ᠠ ᠮᠥᠴᠢᠷ ᠨᠢ ᠲᠥᠯᠥᠪᠵᠢᠭᠦᠯᠭᠡ ᠶᠢᠨ ᠬᠤᠭᠤᠴᠠᠭ᠎ᠠ | ᠳᠠᠭᠤᠰᠤᠭᠰᠠᠨ ᠤ ᠳᠠᠷᠠᠭ᠎ᠠ ᠵᠢᠯ ᠤᠨ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠭᠤᠴᠠᠭᠠᠨ ᠡᠴᠦᠰ ᠤᠨ | ᠬᠢᠨᠠᠨ ᠰᠢᠯᠭᠠᠭᠰᠠᠨ ᠦᠷ᠎ᠡ ᠳ᠋ᠦᠩ ᠢᠶᠠᠨ ᠲᠣᠭᠤᠷᠢᠭ ᠤᠨ ᠠᠷᠠᠳ ᠤᠨ ᠵᠠᠰᠠᠭ ᠤᠨᠣᠷᠳᠣᠨ ᠳᠤ ᠮᠡᠳᠡᠭᠦᠯᠦᠨ | ᠬᠦᠷᠭᠡᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ | ᠨᠡᠶᠢᠭᠡᠮ ᠨᠡᠶᠢᠲᠡ ᠳᠤ ᠵᠠᠷᠯᠠᠨ ᠨᠡᠢᠲᠡᠯᠡᠨ᠎ᠡ᠃ | ᠲᠠᠪᠤᠳᠤᠭᠠᠷ ᠪᠦᠯᠦᠭ ᠱᠠᠩᠨᠠᠵᠤ ᠰᠢᠳᠬᠡᠬᠦ | ᠠᠷᠪᠠᠨ ᠳᠣᠯᠣᠳᠤᠭᠠᠷ ᠵᠦᠢᠯ ᠲᠣᠭᠤᠷᠢᠭ ᠤᠨ ᠠᠷᠠᠳ ᠤᠨ ᠵᠠᠰᠠᠭ ᠤᠨᠣᠷᠳᠣᠨ ᠬᠢᠨᠠᠨ ᠰᠢᠯᠭᠠᠭᠰᠠᠨ | ᠦᠷ᠎ᠡ ᠳ᠋ᠦᠩ ᠢ ᠦᠨᠳᠦᠰᠦᠯᠡᠨ᠂ ᠪᠠᠯᠭᠠᠰᠤ ᠰᠢᠶᠠᠩ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠭᠰᠡᠨ᠂ ᠲᠣᠪᠦ᠋ᠮ᠎ᠠ ᠦᠷ᠎ᠡ ᠪᠦᠲᠦᠮᠵᠢ ᠣᠯᠤᠭᠰᠠᠨ ᠪᠠᠯᠭᠠᠰᠤ ᠰᠢᠶᠠᠩ ᠢ | ᠬᠥᠬᠢᠭᠦᠯᠦᠨ ᠰᠠᠶᠢᠰᠢᠶᠠᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ ᠰᠢᠷᠣᠶ ᠶᠢ ᠠᠰᠢᠭᠯᠠᠬᠤ | ᠣᠨ ᠤ ᠲᠥᠯᠥᠪᠯᠡᠭᠡ᠂ ᠭᠠᠵᠠᠷ ᠰᠢᠷᠣᠶ ᠶᠢ ᠴᠡᠭᠴᠡᠯᠡᠨ ᠵᠠᠰᠠᠬᠤ ᠠᠵᠢᠯ ᠤᠨ ᠲᠤᠰᠬᠠᠶ ᠪᠠᠯᠠ ᠮᠥᠩᠭᠦ᠂ ᠲᠠᠷᠢᠶᠠᠨ | ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶᠯ ᠪᠠ ᠲᠠᠷᠢᠶᠠᠨ ᠭᠠᠵᠠᠷ ᠤᠨ ᠶᠠᠰᠤ | ᠴᠢᠨᠠᠷ ᠢ ᠳᠡᠭᠡᠭᠰᠢᠯᠡᠭᠦᠯᠬᠦ ᠪᠠᠯᠠ ᠮᠥᠩᠭᠦ ᠶᠢ ᠲᠣᠬᠢᠷᠠᠭᠤᠯᠬᠤ ᠳᠠᠭᠠᠨ ᠬᠡᠯᠪᠡᠶᠢᠯᠭᠡᠬᠦ ᠬᠡᠷᠡᠭᠲᠡᠶ᠃ ᠰᠢᠯᠭᠠᠨ ᠬᠢᠨᠠᠬᠤ ᠳᠤ | ᠠᠰᠠᠭᠤᠳᠠᠯ ᠳᠤᠪᠤᠶᠢᠮ᠎ᠠ ᠣᠷᠣᠰᠢᠵᠤ ᠪᠠᠶᠢᠭ᠎ᠠ ᠪᠠᠯᠭᠠᠰᠤ ᠰᠢᠶᠠᠩ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶᠢ | ᠲᠣᠳᠣᠷᠬᠠᠢ ᠳᠤᠷᠠᠳᠴᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠢᠵᠢᠷᠠᠭᠤᠯᠬᠤ ᠬᠡᠷᠡᠭᠲᠡᠢ︔ ᠴᠡᠭᠴᠡᠯᠡᠨ | ᠥᠭᠡᠷᠡᠴᠢᠯᠡᠬᠦ ᠬᠤᠭᠤᠴᠠᠭᠠᠨ ᠳᠤ ᠲᠤᠰ ᠪᠠᠯᠭᠠᠰᠤᠨ ᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ | ᠬᠡᠷᠡᠭᠯᠡᠬᠦ ᠪᠠ ᠭᠠᠵᠠᠷ ᠰᠢᠷᠣᠶ ᠲᠠᠲᠠᠪᠤᠷᠢᠯᠠᠬᠤ ᠶᠢ ᠬᠢᠨᠠᠨ ᠵᠥᠪᠰᠢᠶᠡᠷᠡᠬᠦ ᠶᠢ ᠲᠦᠷ ᠵᠣᠭᠰᠣᠭᠠᠨ᠎ᠠ᠃ | ᠠᠷᠪᠠᠨ ᠨᠠᠢᠮᠠᠳᠤᠭᠠᠷ ᠵᠦᠢᠯ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ | ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠭᠰᠠᠨ ᠦᠷ᠎ᠡ ᠳ᠋ᠦᠩ ᠢ ᠪᠠᠯᠭᠠᠰᠤ | ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠤ ᠶᠡᠷᠦᠩᠬᠡᠶᠢᠯᠡᠭᠰᠡᠨ ᠬᠢᠨᠠᠨ | ᠰᠢᠯᠭᠠᠵᠤ ᠦᠨᠡᠯᠡᠬᠦ ᠴᠢᠬᠤᠯᠠ ᠠᠭᠤᠯᠠᠨ᠎ᠠ ᠪᠣᠯᠭᠠᠵᠤ᠂ ᠣᠨ ᠤ ᠥᠪᠡᠷᠲᠡᠭᠡᠨ ᠪᠠᠶᠢᠴᠠᠭᠠᠬᠤ᠂ ᠬᠤᠭᠤᠴᠠᠭᠠᠨ | ᠳᠤᠮᠳᠠᠬᠢ ᠪᠠᠶᠢᠴᠠᠭᠠᠯᠲᠠ ᠪᠠ ᠬᠤᠭᠤᠴᠠᠭᠠᠨ ᠡᠴᠦᠰ ᠤᠨ ᠬᠢᠨᠠᠨ ᠰᠢᠯᠭᠠᠭᠰᠠᠨ ᠦᠷ᠎ᠡ ᠳ᠋ᠦᠩ ᠢ | ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠵᠠᠰᠠᠭ ᠤᠨ ᠤᠷᠳᠤᠨ ᠤ ᠠᠯᠪᠠᠨ ᠭᠡᠷ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠣᠳᠣᠬᠤ | ᠲᠣᠪᠴᠢᠶ᠎ᠠ ᠵᠡᠷᠭᠡ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ | ᠰᠢᠯᠭᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠᠲᠤ ᠬᠢᠨᠠᠨ ᠰᠢᠯᠭᠠᠬᠤ᠂ ᠠᠮᠤ | ᠪᠤᠳᠠᠭᠠᠨ ᠤ ᠠᠮᠤᠷ ᠲᠦᠪᠰᠢᠨ ᠤ ᠪᠠᠯᠭᠠᠰᠤ ᠰᠢᠶᠠᠩ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠨ ᠰᠢᠯᠭᠠᠬᠤ᠂ | ᠤᠳᠤᠷᠢᠳᠬᠤ ᠺᠠᠳ᠋ᠷ ᠠᠴᠠ ᠬᠠᠷᠢᠭᠤᠴᠠᠯᠭ᠎ᠠ ᠠᠰᠠᠭᠤᠬᠤ ᠪᠠ ᠪᠠᠶᠢᠭᠠᠯᠢ ᠶᠢᠨ ᠡᠬᠢ ᠪᠠᠶᠠᠯᠢᠭ ᠤᠨ ᠥᠪ | ᠬᠦᠷᠦᠩᠭᠡ ᠶᠢᠨ ᠲᠤᠬᠠᠢ ᠲᠤᠰᠢᠶᠠᠯ ᠠᠴᠠ ᠪᠠᠨ ᠰᠠᠯᠤᠭᠰᠠᠨ ᠬᠢᠨᠠᠨ ᠪᠤᠳᠣᠯᠲᠠ ᠬᠢᠬᠦ ᠶᠢᠨ ᠴᠢᠬᠤᠯᠠ ᠭᠡᠷᠡᠴᠢ ᠪᠠᠷᠢᠮᠲᠠ | ᠪᠤᠯᠭᠠᠬᠤ ᠬᠡᠷᠡᠭᠲᠡᠢ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠠᠷᠪᠠ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ | | 2019 ᠣᠨ ᠤ 4 ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ | | | | | |