ᠰᠢ ᠶᠢᠨ ᠫᠢᠩ ᠰᠢᠷᠢ ᠯᠠᠨᠺᠠ ᠳᠤ ᠰᠢᠷᠢᠰ ᠳᠡᠯᠪᠡᠷᠡᠯᠲᠡ ᠶᠢᠨ ᠬᠡᠷᠡᠭ ᠭᠠᠷᠤᠭᠰᠠᠨ ᠲᠤᠬᠠᠢ  ᠰᠢᠷᠢ ᠯᠠᠨᠺᠠ ᠎ ᠶᠢᠨ ᠶᠡᠷᠦᠩᠬᠡᠢᠯᠡᠭᠴᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2019/4/22
            ᠯᠢ ᠺᠧ ᠴᠢᠶᠠᠩ ᠰᠢᠷᠢ ᠯᠠᠨᠺᠠ ᠶᠢᠨ ᠶᠡᠷᠦᠩᠬᠡᠢ ᠰᠠᠶᠢᠳ ᠲᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ    ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 21᠎ ᠤ ᠴᠠᠬᠢᠯᠭᠠᠨ ᠮᠡᠳᠡᠭᠡ    2019 ᠣᠨ ᠤ 4 ᠰᠠᠷ᠎ᠠ ᠶᠢᠨ 21᠎ ᠤ ᠡᠳᠦᠷ᠂ ᠤᠯᠤᠰ  ᠤᠨ ᠲᠡᠷᠢᠭᠦᠯᠡᠭᠴᠢ ᠰᠢ ᠶᠢᠨ ᠫᠢᠩ ᠰᠢᠷᠢ ᠯᠠᠨᠺᠠ ᠳᠤ ᠰᠢᠷᠢᠰ ᠳᠡᠯᠪᠡᠷᠡᠯᠲᠡ ᠎ ᠶᠢᠨ ᠬᠡᠷᠡᠭ ᠤᠨ ᠲᠤᠬᠠᠢ ᠰᠢᠷᠢ ᠯᠠᠨᠺᠠ ᠶᠢᠨ ᠶᠡᠷᠦᠩᠬᠡᠢᠯᠡᠭᠴᠢ ᠰᠢᠷᠢᠰᠧᠨᠠ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃    ᠰᠢ ᠶᠢᠨ ᠫᠢᠩ᠂ ᠡᠷᠬᠢᠮ ᠤᠯᠤᠰ  ᠶᠢᠨ ᠨᠡᠶᠢᠰᠯᠡᠯ ᠺᠧᠯᠤᠮᠫᠧ ᠵᠡᠷᠭᠡ ᠭᠠᠵᠠᠷ ᠲᠤ ᠰᠢᠷᠢᠰ ᠳᠡᠯᠪᠡᠷᠡᠯᠲᠡ ᠶᠢᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠢ ᠰᠣᠴᠢᠰᠬᠢᠨ ᠣᠯᠵᠤ ᠰᠣᠨᠣᠰᠤᠯ᠎ᠠ ᠃ ᠪᠢ ᠳᠤᠮᠳᠠᠳᠤ ᠤᠯᠤᠰ  ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ  ᠤᠨ ᠠᠷᠠᠳ ᠲᠦᠮᠡᠨ ᠤ ᠡᠮᠦᠨ᠎ᠡ ᠎ ᠠᠴᠠ᠂ ᠲᠡᠷᠡᠴᠢᠯᠡᠨ ᠬᠤᠪᠢ ᠶᠢᠨ ᠨᠡᠷ᠎ᠡ ᠪᠠᠷ ᠢᠶᠠᠨ ᠠᠳᠡᠭᠰᠡᠳ ᠢ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠰᠢᠷᠬᠠᠲᠤᠭᠰᠠᠳ ᠪᠣᠯᠤᠨ ᠠᠳᠡᠭᠰᠡᠳ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠶ᠎ᠡ᠃    ᠰᠢ ᠶᠢᠨ ᠫᠢᠩ᠂ ᠳᠤᠮᠳᠠᠳᠤ ᠤᠯᠤᠰ  ᠤᠨ ᠵᠠᠰᠠᠭ  ᠤᠨ ᠣᠷᠳᠣᠨ ᠪᠣᠯᠤᠨ ᠳᠤᠮᠳᠠᠳᠤ ᠤᠯᠤᠰ  ᠤᠨ ᠠᠷᠠᠳ ᠲᠦᠮᠡᠨ ᠰᠢᠷᠢ ᠯᠠᠨᠺᠠ ᠶᠢᠨ ᠠᠷᠠᠳ ᠲᠦᠮᠡᠨ ᠲᠠᠢ ᠡᠷᠡᠰ ᠪᠠᠲᠤ ᠵᠣᠭᠰᠣᠵᠤ᠂ ᠰᠢᠷᠢ ᠯᠠᠨᠺᠠ ᠶᠢᠨ ᠲᠠᠯ᠎ᠠ ᠶᠢᠨ ᠬᠢᠨ ᠤ ᠤᠯᠤᠰ  ᠤᠨ ᠠᠮᠤᠷ ᠲᠦᠪᠰᠢᠨ ᠪᠣᠯᠤᠨ ᠲᠣᠭᠲᠠᠭᠤᠨ ᠪᠠᠶᠢᠳᠠᠯ ᠢᠶᠠᠨ ᠬᠠᠮᠠᠭᠠᠯᠠᠬᠤ ᠶᠢ ᠡᠷᠡᠰ ᠳᠠᠮᠵᠢᠨ᠎ᠠ᠃    ᠲᠤᠰ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ  ᠰᠠᠶᠢᠳ ᠯᠢ ᠺᠧ ᠴᠢᠶᠠᠩ ᠪᠠᠰᠠ ᠡᠭᠦᠨ ᠎ ᠤ ᠲᠤᠬᠠᠢ ᠰᠢᠷᠢ ᠯᠠᠨᠺᠠ ᠶᠢᠨ ᠶᠡᠷᠦᠩᠬᠡᠢ  ᠰᠠᠶᠢᠳ ᠸᠢᠢᠺᠷᠠᠮᠠᠶᠢᠬ᠎ᠠ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1