| ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ | ᠶᠤᠸᠠᠨ ᠤᠷᠴᠢᠨ ᠲᠣᠷᠭᠠᠬᠤ ᠥᠰᠥᠭ ﹇2019﹈ 6 ᠳ᠋ᠤᠭᠠᠷ ᠲᠣᠭᠠᠲᠤ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ | ᠲᠤᠭᠤᠷᠢᠭ ᠤᠨ ᠶᠤᠸᠠᠨ ᠪᠤᠤ ᠱᠠᠨ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ᠄ | ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ᠄ 121504030675035500 | ᠬᠠᠶ᠋ᠢᠭ᠄ ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠶᠤᠸᠠᠨ ᠪᠤᠤ ᠱᠠᠨ ᠪᠠᠯᠭᠠᠰᠤᠨ ᠤ | ᠨᠠᠨ ᠮᠢᠶᠤᠤ ᠲᠣᠰᠬᠤᠨ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠄ ᠱᠠᠨ ᠴᠢᠩ ᠬᠤᠸᠠ | ᠮᠠᠨ ᠤ ᠲᠣᠪᠴᠢᠶ᠎ᠠ 2019 ᠣᠨ ᠤ 2 ᠰᠠᠷ᠎ᠠ ᠶᠢᠨ 28 ᠤ ᠡᠳᠦᠷ ᠠᠴᠠ 3 ᠰᠠᠷ᠎ᠠ ᠶᠢᠨ 4 ᠤ ᠡᠳᠦᠷ | ᠪᠤᠯᠲᠠᠯ᠎ᠠ ᠲᠠᠨ ᠤ ᠨᠢᠭᠡᠴᠡ ᠳᠤ ᠪᠠᠶᠢᠴᠠᠭᠠᠯᠳᠠ ᠬᠢᠵᠦ᠂ ᠲᠠᠨ ᠤ ᠨᠢᠭᠡᠴᠡ ᠳᠣᠣᠷᠠᠬᠢ ᠮᠡᠲᠦ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠢ ᠣᠯᠵᠤ ᠮᠡᠳᠡᠪᠡ᠄ | ᠲᠠᠨ ᠤ ᠨᠢᠭᠡᠴᠡ ᠶᠢᠨ 2019 ᠣᠨ 2ᠰᠠᠷ᠎ᠠ ᠶᠢᠨ ︽ᠰᠠᠷ᠎ᠠ ᠶᠢᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ | ︾ ᠳᠤ ᠢᠯᠡᠷᠡᠭᠦᠯᠦᠭᠰᠡᠨ ᠢᠶᠠᠷ᠂ ᠲᠠᠨ ᠤ ᠨᠢᠭᠡᠴᠡ ᠶᠢᠨ ᠤᠰᠤ ᠭᠠᠷᠭᠠᠬᠤ ᠠᠮᠠᠰᠠᠷ ᠤᠨ ᠰᠢᠢᠳᠪᠦᠷᠢᠯᠡᠭᠰᠡᠨ ᠤ | ᠳᠠᠷᠠᠭᠠᠬᠢ ᠪᠣᠬᠢᠷ ᠤᠰᠤ ᠶᠢ ᠬᠢᠨᠠᠨ ᠬᠡᠮᠵᠢᠭᠰᠡᠨ ᠦᠷ᠎ᠡ ᠳ᠋ᠦᠩ ᠨᠢ ᠶᠡᠷᠦᠩᠬᠡᠶ ᠠᠽᠣᠲ ᠨᠢ 20.7mg/L ᠪᠠᠶᠢᠵᠤ | ᠂ ︽ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠪᠣᠬᠢᠷᠲᠤᠯ ᠪᠣᠳᠠᠰ ᠢ | ᠭᠠᠳᠠᠭᠰᠢᠯᠠᠭᠤᠯᠬᠤ ᠪᠠᠷᠢᠮᠵᠢᠶ᠎ᠠ︾ ︵GB18918 - 2002︶ ᠶᠢᠨ ᠨᠢᠭᠡᠳᠦᠭᠡᠷ ᠲᠡᠰ ᠤᠨ A ᠪᠠᠷᠢᠮᠵᠢᠶ᠎ᠠ | ᠠᠴᠠ ᠬᠡᠲᠦᠷᠡᠵᠦ᠂ 0.0.38 ᠳᠠᠬᠢᠨ ᠬᠡᠲᠦᠷᠡᠭᠰᠡᠨ ᠪᠠᠶᠢᠨ᠎ᠠ᠃ | ᠳᠡᠭᠡᠷᠡᠬᠢ ᠪᠣᠳᠠᠲᠤ ᠶᠠᠪᠤᠳᠠᠯ ᠳᠤ ᠳᠣᠣᠷ᠎ᠠ ᠵᠢᠭᠰᠠᠭᠠᠭᠰᠠᠨ ᠭᠡᠷᠡᠴᠢ ᠪᠠᠷᠢᠮᠲᠠ ᠪᠠᠷ ᠦᠨᠳᠦᠰᠦᠯᠡᠯ ᠪᠣᠯᠭᠠᠨ᠎ᠠ᠄ | 1 . 2019 ᠣᠨ ᠤ 2 ᠰᠠᠷ᠎ᠠ ᠶᠢᠨ 28 ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ ᠪᠤᠤ | ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠲᠤᠬᠠᠶ ᠶᠢᠨ ᠲᠠᠯᠠᠪᠤᠷ ᠤᠨ | ᠪᠠᠶᠢᠴᠠᠭᠠᠯᠲᠠ ᠶᠢᠨ ᠲᠡᠮᠳᠡᠭᠯᠡᠯ︾᠃ | 2 . 2019 ᠣᠨ ᠤ 2 ᠰᠠᠷ᠎ᠠ ᠶᠢᠨ28 ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ | ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠪᠠᠶᠢᠴᠠᠭᠠᠨ ᠠᠰᠠᠭᠤᠭᠰᠠᠨ ᠲᠡᠮᠳᠡᠭᠯᠡᠯ︾ | ᠃ | 3 . 2019 ᠣᠨ ᠤ 3 ᠰᠠᠷ᠎ᠠ ᠶᠢᠨ 4 ᠤ ᠡᠳᠦᠷ ᠤᠯᠠᠭᠠᠨᠬᠠᠳᠠ ᠶᠢᠨ ᠯᠢᠦᠶ ᠺᠠᠩ ᠣᠷᠴᠢᠨ ᠲᠣᠭᠤᠷᠢᠨ ᠢ | ᠪᠠᠶᠢᠴᠠᠭᠠᠨ ᠰᠢᠯᠭᠠᠬᠤ ᠬᠢᠵᠠᠭᠠᠷᠲᠤ ᠺᠣᠮᠫᠠᠨᠢ ᠶᠢᠨ ᠭᠠᠷᠭᠠᠭᠰᠠᠨ ︽ᠰᠠᠷ᠎ᠠ ᠶᠢᠨ ᠪᠠᠶᠢᠴᠠᠭᠠᠨ ᠰᠢᠯᠭᠠᠭᠰᠠᠨ | ᠮᠡᠳᠡᠭᠦᠯᠦᠯᠲᠡ︾᠃ | ᠭᠡᠷᠡᠴᠢ ᠪᠠᠷᠢᠮᠲᠠ 1-3᠂ ᠲᠠᠨ ᠤ ᠨᠢᠭᠡᠴᠡ ᠶᠢᠨ ᠤᠰᠤ ᠭᠠᠷᠭᠠᠬᠤ ᠠᠮᠠᠰᠠᠷ ᠤᠨ ᠰᠢᠢᠳᠪᠦᠷᠢᠯᠡᠭᠰᠡᠨ ᠤ | ᠳᠠᠷᠠᠭᠠᠬᠢ ᠪᠣᠬᠢᠷ ᠤᠰᠤ ᠶᠢ ᠬᠢᠨᠠᠨ ᠬᠡᠮᠵᠢᠭᠰᠡᠨ ᠦᠷ᠎ᠡ ᠳ᠋ᠦᠩ ᠤᠨ ᠶᠡᠷᠦᠩᠬᠡᠶ ᠠᠽᠣᠲ ᠨᠢ 20.7mg/L ᠪᠠᠶᠢᠵᠤ | ᠂ ︽ᠬᠤᠲᠠ ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠪᠣᠬᠢᠷᠲᠤᠯ ᠪᠣᠳᠠᠰ ᠢ | ᠭᠠᠳᠠᠭᠰᠢᠯᠠᠭᠤᠯᠬᠤ ᠪᠠᠷᠢᠮᠵᠢᠶ᠎ᠠ︾ ︵GB18918 - 2002︶ ᠶᠢᠨ ᠨᠢᠭᠡᠳᠦᠭᠡᠷ ᠲᠡᠰ ᠤᠨ A ᠪᠠᠷᠢᠮᠵᠢᠶ᠎ᠠ | ᠠᠴᠠ ᠬᠡᠲᠦᠷᠡᠵᠦ᠂ 0.38 ᠳᠠᠬᠢᠨ ᠬᠡᠲᠦᠷᠡᠭᠰᠡᠨ ᠢ ᠭᠡᠷᠡᠴᠢᠯᠡᠵᠦ ᠪᠠᠶᠢᠨ᠎ᠠ᠃ | 4᠂ ︽ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠬᠥᠮᠦᠨ ᠤ ᠦᠨᠡᠮᠯᠡᠯ ︵ᠬᠠᠭᠤᠯᠪᠤᠷᠢ ᠳᠡᠪᠲᠡᠷ︶︾ | ᠤᠨ ᠪᠠᠭᠤᠯᠭᠠᠪᠤᠷᠢ᠃ | ᠭᠡᠷᠡᠴᠢ ᠪᠠᠷᠢᠮᠲᠠ 4᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠭᠤᠤᠯ ᠴᠣᠭᠴᠠ ᠪᠣᠯ | ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠤᠭᠤᠷᠢᠭ ᠤᠨ ᠶᠤᠸᠠᠨ ᠪᠤᠤ ᠱᠠᠨ ᠪᠠᠯᠭᠠᠰᠤᠨ ᠤ ᠪᠣᠬᠢᠷ ᠤᠰᠤ | ᠰᠢᠶᠳᠪᠦᠷᠢᠯᠡᠬᠦ ᠦᠶᠯᠡᠳᠪᠦᠷᠢ ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠱᠠᠨ ᠴᠢᠩ ᠬᠤᠸᠠ ᠪᠤᠯᠬᠤ ᠶᠢ | ᠬᠡᠷᠡᠴᠢᠯᠡᠵᠦ ᠪᠠᠶᠢᠨ᠎ᠠ᠃ | ᠲᠠᠨ ᠤ ᠨᠢᠭᠡᠴᠡ ᠶᠢᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠠᠷᠪᠠᠳᠤᠭᠠᠷ ᠵᠦᠢᠯ | ᠄ ︽ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠳᠠᠭᠠᠨ ᠤᠯᠤᠰ ᠤᠨ ᠪᠤᠶᠤ ᠣᠷᠣᠨ ᠨᠤᠲᠤᠭ ᠤᠨ | ᠲᠣᠭᠲᠠᠭᠠᠭᠰᠠᠨ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠪᠠ ᠭᠤᠣᠯᠳᠠᠯᠭ᠎ᠠ ᠲᠠᠢ ᠤᠰᠤ | ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠠᠴᠠ | ᠬᠡᠲᠦᠷᠡᠭᠦᠯᠵᠦ ᠪᠣᠯᠬᠤ ᠦᠭᠡᠢ᠃︾ ᠤᠨ ᠲᠤᠭᠳᠠᠭᠠᠯ ᠢ ᠵᠦᠷᠢᠴᠡᠪᠡ᠃ | ᠮᠠᠨ ᠤ ᠲᠣᠪᠴᠢᠶ᠎ᠠ 2019 ᠣᠨ ᠤ 3 ᠰᠠᠷ᠎ᠠ ᠶᠢᠨ 4 ᠤ ᠡᠳᠦᠷ ︽ᠤᠯᠠᠭᠠᠨᠬᠠᠳᠠ ᠬᠤᠲᠠ ᠶᠢᠨ ᠶᠤᠸᠠᠨ | ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠳᠤ ᠤᠷᠢᠳᠴᠢᠯᠠᠨ ᠮᠡᠳᠡᠭᠳᠡᠬᠦ ᠪᠢᠴᠢᠭ︾ ︵ᠶᠤᠸᠠᠨ ᠤᠷᠴᠢᠨ ᠤᠷᠢᠳᠴᠢᠯᠠᠨ ᠮᠡᠳᠡᠭᠳᠡᠬᠦ | ᠥᠰᠥᠭ ﹇2019﹈ 6 ᠳ᠋ᠤᠭᠠᠷ ᠲᠣᠭᠠᠲᠤ︶ ᠪᠣᠯᠤᠨ ︽ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ | ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠳᠤ ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾ ︵ᠶᠤᠸᠠᠨ ᠤᠷᠴᠢᠨ ᠰᠣᠨᠣᠰᠬᠤ ᠵᠠᠷᠭᠤ | ᠥᠰᠥᠭ ﹇2019﹈ 6 ᠳ᠋ᠤᠭᠠᠷ ᠲᠣᠭᠠᠲᠤ︶ ᠢᠶᠠᠷ ᠲᠠᠨ ᠤ ᠨᠢᠭᠡᠴᠡ ᠳᠤ ᠲᠣᠭᠠᠴᠢᠨ ᠲᠣᠳᠣᠷᠬᠠᠶᠢᠯᠠᠬᠤ ᠡᠷᠬᠡ ᠪᠠ | ᠭᠡᠷᠡᠴᠢᠯᠡᠭᠡ ᠰᠣᠨᠣᠰᠤᠭᠤᠯᠬᠤ ᠪᠠᠷ ᠭᠤᠶᠤᠴᠢᠯᠠᠬᠤ ᠡᠷᠬᠡ ᠲᠠᠢ ᠭᠡᠵᠦ ᠮᠡᠳᠡᠭᠳᠡᠪᠡ᠃ ᠲᠠᠨ ᠤ ᠨᠢᠭᠡᠴᠡ ᠲᠣᠭᠲᠠᠭᠰᠠᠨ | ᠬᠤᠭᠤᠴᠠᠭᠠᠨ ᠳᠣᠲᠣᠷ᠎ᠠ ᠪᠢᠴᠢᠭ ᠢᠶᠠᠷ ᠲᠤᠭᠠᠴᠢᠨ ᠲᠣᠳᠣᠷᠬᠠᠶᠢᠯᠠᠭᠰᠠᠨ ᠦᠭᠡᠢ ᠪᠥᠭᠡᠳ ᠭᠡᠷᠡᠴᠢᠯᠡᠭᠡ ᠰᠣᠨᠣᠰᠬᠤ | ᠭᠤᠶᠤᠴᠢᠯᠠᠯ ᠴᠤ ᠳᠤᠷᠠᠳᠤᠭᠰᠠᠨ ᠦᠭᠡᠢ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ᠶᠢᠨ ᠨᠠᠶᠠᠨ ᠭᠤᠷᠪᠠᠳᠤᠭᠠᠷ ᠵᠦᠢᠯ ᠤᠨ ︵ᠬᠤᠶᠠᠷ︶ ᠳ᠋ᠤᠭᠠᠷ ᠵᠤᠷᠪᠤᠰ᠄ ︽ᠤᠰᠤᠨ ᠤ ᠪᠣᠬᠢᠷᠲᠤᠯ | ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠠᠴᠠ ᠬᠡᠲᠦᠷᠡᠭᠰᠡᠨ ᠪᠤᠶᠤ ᠭᠤᠣᠯᠳᠠᠯᠭ᠎ᠠ ᠲᠠᠢ ᠤᠰᠤᠨ ᠤ ᠪᠣᠬᠢᠷᠲᠤᠯ ᠪᠣᠳᠠᠰ | ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠠᠴᠠ ᠬᠡᠲᠦᠷᠡᠭᠦᠯᠦᠨ ᠤᠰᠤ | ᠪᠣᠬᠢᠷᠲᠤᠭᠤᠯᠬᠤ ᠪᠣᠳᠠᠰ ᠭᠠᠳᠠᠭᠰᠢᠯᠠᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠬᠢᠵᠠᠭᠠᠷᠯᠠᠵᠤ᠂ | ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠬᠦ ᠶᠢᠨ ᠬᠠᠮᠳᠣ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ | ᠵᠠᠭᠤᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠦᠢᠯᠡ ᠪᠠᠶᠢᠳᠠᠯ ᠨᠢ | ᠬᠦᠨᠳᠦ ᠨᠣᠴᠢᠲᠠᠶ ᠪᠠᠶᠢᠪᠠᠯ᠂ ᠵᠥᠪᠰᠢᠶᠡᠷᠡᠬᠦ ᠡᠷᠬᠡ ᠪᠦᠬᠦᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠡᠳ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠡᠭᠦᠳᠡ ᠶᠢ ᠨᠢ ᠬᠠᠭᠠᠯᠭᠠᠨ᠎ᠠ᠃︾ | ᠤᠨ ᠲᠣᠭᠲᠠᠭᠠᠯ ᠢ ᠦᠨᠳᠦᠰᠦᠯᠡᠨ᠂ ᠲᠠᠨ ᠤ ᠨᠢᠭᠡᠴᠡ 2018 ᠣᠨ ᠳᠤ ᠣᠯᠠᠨ ᠤᠳᠠᠭ᠎ᠠ ᠪᠠᠷᠢᠮᠵᠢᠶ᠎ᠠ ᠠᠴᠠ | ᠬᠡᠲᠦᠷᠡᠭᠰᠡᠨ ᠪᠣᠯᠬᠤᠷ᠂ ᠮᠠᠨ ᠤ ᠲᠣᠪᠴᠢᠶ᠎ᠠ ᠲᠠᠨ ᠤ ᠨᠢᠭᠡᠴᠡ ᠳᠤ ᠳᠣᠤᠷᠠᠬᠢ ᠮᠡᠲᠦ ᠵᠠᠰᠠᠭ ᠵᠠᠬᠢᠷᠭᠠᠨ ᠤ ᠰᠢᠶᠳᠬᠡᠯ | ᠥᠭᠬᠦ ᠪᠠᠷ ᠲᠣᠭᠲᠠᠪᠠ᠄ | ᠵᠣᠭᠤᠰ ᠢᠶᠠᠷ ᠲᠣᠷᠭᠠᠬᠤ᠄ ᠠᠷᠠᠳ ᠤᠨ ᠵᠣᠭᠤᠰ ᠬᠤᠷᠢᠨ ᠲᠠᠪᠤᠨ ᠲᠦᠮᠡᠨ ᠲᠥᠭᠦᠷᠢᠭ ᠪᠦᠬᠦᠯᠢ ︵250, | 000.00 ᠲᠥᠭᠦᠷᠢᠭ︶ | ᠲᠤᠰ ᠰᠢᠢᠳᠬᠡᠯ ᠤᠨ ᠲᠣᠭᠲᠠᠭᠠᠯ ᠢ ᠣᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ | ᠳᠣᠲᠣᠷ᠎ᠠ ᠵᠢᠭᠠᠨ ᠲᠣᠭᠲᠠᠭᠠᠭᠰᠠᠨ ᠪᠠᠩᠬᠢ ᠳᠤ ᠲᠤᠰᠢᠶᠠᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠲᠣᠷᠭᠠᠭᠤᠯᠢ | ᠶᠢᠨ ᠵᠣᠭᠤᠰ ᠢ ᠲᠤᠰᠢᠶᠠᠭᠰᠠᠨ ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠲᠠᠪᠢᠨ ᠨᠢᠭᠡᠳᠦᠭᠡᠷ ᠵᠦᠢᠯ ᠤᠨ ︵ᠨᠢᠭᠡ︶ ᠳ᠋ᠦ᠋ᠭᠡᠷ ᠵᠤᠷᠪᠤᠰ ᠤᠨ | ᠲᠣᠭᠲᠠᠭᠠᠯ ᠢ ᠦᠨᠳᠦᠰᠦᠯᠡᠨ᠂ ᠡᠳᠦᠷ ᠪᠦᠷᠢ ᠲᠣᠷᠭᠠᠭᠤᠯᠢ ᠶᠢᠨ ᠵᠣᠭᠤᠰ ᠤᠨ ᠲᠣᠭᠠᠨ ᠤ ᠵᠠᠭᠤᠨ ᠤ ᠭᠤᠷᠪᠠ ᠪᠠᠷ | ᠲᠤᠷᠭᠠᠭᠤᠯᠢ ᠶᠢᠨ ᠵᠤᠭᠤᠰ ᠢ ᠨᠡᠮᠡᠵᠦ ᠰᠢᠳᠬᠡᠨ᠎ᠡ᠃ | ᠵᠣᠭᠤᠰ ᠬᠤᠷᠢᠶᠠᠬᠤ ᠪᠠᠩᠬᠢ᠄ ᠳᠤᠮᠳᠠᠳᠤ ᠤᠯᠤᠰ ᠤᠨ ᠪᠠᠩᠬᠢ ᠶᠢᠨ ᠶᠤᠸᠠᠨ ᠪᠤᠤ ᠱᠠᠨ ᠲᠣᠭᠤᠷᠢᠭ ᠤᠨ | ᠰᠠᠯᠪᠤᠷᠢ ᠪᠠᠩᠬᠢ | ᠡᠷᠦᠬᠡ ᠶᠢᠨ ᠨᠡᠷ᠎ᠡ᠄ ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠣᠷᠴᠢᠨ ᠲᠣᠭᠤᠷᠢᠨ | ᠤ ᠬᠠᠮᠠᠭᠠᠯᠠᠯᠲᠠ ᠶᠢᠨ ᠲᠣᠪᠴᠢᠶ᠎ᠠ | ᠳᠠᠩᠰᠠᠨ ᠨᠣᠮᠧᠷ᠄ 150800911581 | ᠲᠠᠨ ᠤ ᠨᠢᠭᠡᠴᠡ ᠬᠡᠷᠪᠡ ᠲᠤᠰ ᠰᠢᠢᠳᠬᠡᠯ ᠤᠨ ᠲᠣᠭᠲᠠᠭᠠᠯ ᠢ ᠵᠥᠪᠰᠢᠶᠡᠷᠡᠬᠦ ᠥᠬᠡᠶ ᠪᠣᠯ᠂ ᠲᠤᠰ ᠰᠢᠢᠳᠬᠡᠯ | ᠤᠨ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠶᠤᠸᠠᠨ ᠪᠤᠤ ᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠤᠯᠠᠭᠠᠨᠬᠠᠳᠠ ᠬᠤᠲᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠪᠴᠢᠶ᠎ᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ | ᠵᠢᠷᠭᠤᠭᠠᠨ ᠰᠠᠷ᠎ᠠ ᠶᠢᠨ ᠳᠣᠲᠣᠷ᠎ᠠ ᠶᠤᠸᠠᠨ ᠪᠤᠤ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠵᠠᠰᠠᠭ | ᠵᠠᠬᠢᠷᠭᠠᠨ ᠤ ᠵᠠᠷᠭᠤ ᠬᠢᠭᠰᠡᠨ ᠴᠤ ᠪᠣᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠪᠤᠶᠤ ᠵᠠᠰᠠᠭ ᠵᠠᠬᠢᠷᠭᠠᠨ | ᠤ ᠵᠠᠷᠭᠤ ᠬᠢᠬᠦ ᠳᠤ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠬᠡᠷᠡᠭᠵᠢᠭᠦᠯᠬᠦ ᠶᠢ ᠵᠣᠭᠰᠣᠭᠠᠬᠤ ᠦᠭᠡᠢ᠃ | ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭᠠᠨ ᠢᠶᠠᠷ ᠵᠦᠪᠯᠡᠬᠦᠯᠬᠦ ᠭᠤᠶᠤᠴᠢᠯᠠᠯ ᠭᠠᠷᠭᠠᠭᠰᠠᠨ ᠦᠭᠡᠢ᠂ ᠵᠠᠰᠠᠭ | ᠵᠠᠬᠢᠷᠭᠠᠨ ᠤ ᠵᠠᠷᠭᠤ ᠬᠢᠭᠰᠡᠨ ᠦᠭᠡᠢ ᠪᠥᠭᠡᠳ ᠲᠤᠰ ᠰᠢᠢᠳᠬᠡᠯ ᠤᠨ ᠲᠣᠭᠲᠠᠭᠠᠯ ᠢ ᠴᠤ ᠭᠦᠢᠴᠡᠳᠬᠡᠭᠰᠡᠨ ᠦᠭᠡᠢ | ᠪᠠᠶᠢᠪᠠᠯ᠂ ᠮᠠᠨ ᠤ ᠲᠣᠪᠴᠢᠶ᠎ᠠ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ | ᠠᠯᠪᠠᠳᠠᠨ ᠭᠦᠢᠴᠡᠳᠬᠡᠭᠦᠯᠦᠨ᠎ᠡ᠃ | ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠪᠴᠢᠶ᠎ᠠ | 2011 ᠣᠨ ᠤ 3 ᠰᠠᠷ᠎ᠠ ᠶᠢᠨ 12 ᠤ ᠡᠳᠦᠷ |