ᠰᠢ ᠶᠢᠨ ᠫᠢᠩ᠄ ᠤᠰᠤ ᠶᠢ ᠨᠢ ᠤᠤᠭᠤᠪᠠᠯ ᠡᠬᠢ ᠶᠢ ᠨᠢ  ᠪᠢᠲᠡᠬᠡᠢ ᠮᠠᠷᠲᠠ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ  ᠢᠶᠠᠨ ᠪᠢᠲᠡᠭᠡᠶ ᠮᠠᠷᠲᠠᠭᠠᠷᠠᠢ
ᠨᠡᠶᠢᠲᠡᠯᠡᠭᠰᠡᠨ ᠴᠠᠭ᠄
2019/5/28
      20᠎ ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠢ ᠮᠤᠵᠢ ᠶᠢᠨ  ᠢᠦᠢ ᠳ᠋ᠧᠦ ᠰᠢᠶᠠᠨ ᠤ ᠲᠥᠪ ᠤᠨ ᠤᠯᠠᠭᠠᠨ ᠴᠡᠷᠢᠭ  ᠤᠨ ᠤᠷᠳᠤ ᠵᠠᠮ ᠤᠨ ᠠᠶᠠᠨ ᠳᠠᠶᠢᠨ  ᠳᠤ  ᠮᠤᠷᠳᠠᠭᠰᠠᠨ ᠳᠤᠷᠠᠰᠬᠠᠯ  ᠤᠨ ᠣᠷᠳᠣᠨ ᠳᠤ᠂  ᠤᠯᠠᠭᠠᠨ ᠴᠡᠷᠢᠭ  ᠤᠨ ᠬᠤᠶᠢᠴᠢ ᠦᠶ᠎ᠡ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠪᠠ᠃ ᠲᠡᠷᠡ ᠰᠡᠳᠬᠢᠯ ᠬᠥᠳᠡᠯᠦᠨ ᠬᠡᠯᠡᠬᠦ ᠳᠡᠭᠡᠨ᠂ ᠪᠥᠬᠦᠳᠡ  ᠨᠠᠶᠢᠷᠠᠮᠳᠠᠬᠤ ᠳᠤᠮᠳᠠᠳᠤ ᠠᠷᠠᠳ ᠤᠯᠤᠰ ᠢ   ᠲᠤᠭ᠎ᠠ ᠲᠣᠮᠰᠢ ᠦᠭᠡᠢ  ᠤᠯᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ ᠲᠤᠬᠠᠢ ᠶᠢᠨ ᠵᠢᠯ ᠨᠠᠮ ᠪᠣᠯᠤᠨ ᠤᠯᠠᠭᠠᠨ ᠴᠡᠷᠢᠭ ᠤᠷᠳᠤ ᠵᠠᠮ ᠤᠨ ᠠᠶᠠᠨ  ᠳᠠᠶᠢᠨ ᠤ ᠳᠤᠮᠳᠠ ᠤᠳᠠᠭ᠎ᠠ ᠳᠠᠷᠠᠭᠠᠯᠠᠨ ᠣᠷᠣᠰᠢᠨ ᠲᠣᠭᠲᠠᠨᠢᠵᠤ᠂ ᠬᠤᠪᠢᠰᠬᠠᠯ ᠤᠨ ᠬᠦᠰᠡᠯᠡᠩ ᠶᠠᠭᠤᠨ ᠠᠴᠠ ᠴᠤ ᠡᠷᠬᠢᠮ᠂ ᠡᠴᠦᠰ ᠲᠡᠭᠡᠨ ᠢᠲᠡᠭᠡᠬᠦᠶ᠎ᠡ ᠪᠡᠷᠬᠡ ᠭᠠᠶᠢᠬᠠᠮᠰᠢᠭ ᠢ ᠡᠭᠦᠳᠴᠡᠢ᠃ ᠣᠳᠣ ᠤᠯᠤᠰ ᠣᠷᠣᠨ ᠬᠥᠭᠵᠢᠵᠦ᠂ ᠠᠷᠠᠳ ᠤᠨ ᠠᠮᠢᠳᠤᠷᠠᠯ ᠰᠠᠶᠢᠵᠢᠷᠠᠵᠤ  ᠪᠠᠶᠢᠨ᠎ᠠ ᠂ ᠪᠢᠳᠡ ᠤᠰᠤ ᠶᠢ ᠨᠢ ᠤᠤᠭᠤᠪᠠᠯ ᠡᠬᠢ ᠶᠢ ᠨᠢ  ᠪᠢᠲᠡᠭᠡᠢ ᠮᠠᠷᠲᠠ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ  ᠢᠶᠠᠨ ᠪᠢᠲᠡᠭᠡᠶ ᠮᠠᠷᠲᠠᠭᠠᠷᠠᠶ᠂ ᠨᠠᠮ ᠤᠨ ᠤᠭ ᠰᠠᠨᠠᠭ᠎ᠠ ᠪᠠ ᠡᠭᠦᠷᠭᠡ ᠶᠢ ᠪᠢᠲᠡᠭᠡᠶ ᠮᠠᠷᠲᠠᠭᠠᠷᠠᠶ᠂  ᠬᠤᠪᠢᠰᠬᠠᠯ ᠤᠨ ᠬᠦᠰᠡᠯᠡᠩ᠂ ᠬᠤᠪᠢᠰᠬᠠᠯ ᠤᠨ ᠵᠣᠷᠢᠯᠲᠠ ᠪᠠᠨ ᠪᠢᠲᠡᠭᠡᠶ ᠮᠠᠷᠲᠠᠭᠠᠷᠠᠶ᠂  ᠲᠥᠪ ᠤᠨ ᠰᠣᠪᠢᠶᠠᠳ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠨᠤᠲᠤᠭ ᠤᠨ ᠠᠬ᠎ᠠ ᠳᠡᠭᠦᠦ ᠨᠠᠷ ᠢᠶᠠᠨ ᠪᠢᠲᠡᠭᠡᠶ ᠮᠠᠷᠲᠠᠭᠠᠷᠠᠶ  ᠭᠡᠵᠡᠢ᠃ ︵ᠥᠰᠥᠭ᠄ ᠵᠠᠩ ᠰᠢᠶᠣᠤ ᠰᠦᠩ  ᠂   ᠰᠡᠭᠦᠳᠡᠷᠯᠡᠭᠡᠴᠢ᠄ ᠵᠢᠤᠢ ᠫᠧᠩ᠂  ᠰᠢᠶᠧ ᠬᠤᠸᠠᠨ ‍ᠤᠤᠢ︶
           
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1