ᠰᠢᠶᠣᠤ ᠦᠵᠢᠶᠠ ᠰᠢᠶᠠᠩ ᠤᠨ ᠰᠢᠶᠧ ᠵᠢᠶᠠ ᠶᠢᠩᠽᠢ ᠲᠣᠰᠬᠤᠨ ᠤ ᠲᠣᠰᠬᠤᠨ ᠳᠤ ᠰᠠᠭᠤᠭ᠎ᠠ  ᠠᠵᠢᠯᠯᠠᠬᠤ ᠠᠩᠭᠢ ᠶᠢᠨ ᠳᠠᠷᠤᠭ᠎ᠠ ᠵᠠᠩ ᠮᠢᠩ  ᠎ ᠤᠨ ᠦᠢᠯᠡ ᠠᠵᠢᠯᠯᠠᠭ᠎ᠠ ᠶᠢ ᠲᠡᠮᠳᠡᠭᠯᠡᠬᠦ ᠨᠢ
ᠨᠡᠶᠢᠲᠡᠯᠡᠭᠰᠡᠨ ᠴᠠᠭ᠄
2019/5/31
    2017 ᠣᠨ ᠤ  4 ᠰᠠᠷ᠎ᠠ ᠶᠢᠨ 17᠎ ᠤ ᠡᠳᠦᠷ᠂ ᠵᠠᠩ ᠮᠢᠩ ᠣᠷᠭᠢᠯᠤᠮ᠎ᠠ ᠬᠠᠯᠠᠭᠤᠨ ᠰᠡᠳᠬᠢᠯᠭᠡ ᠪᠠ ᠬᠦᠰᠡᠯ ᠵᠡᠭᠦᠳᠦ ᠪᠠᠨ ᠡᠪᠦᠷᠯᠡᠨ ᠰᠢᠶᠧ ᠵᠢᠶᠠ ᠶᠢᠩᠽᠢ ᠲᠣᠰᠬᠤᠨ ᠳᠤ ᠬᠦᠷᠴᠦ᠂ ᠲᠣᠰᠬᠤᠨ ᠳᠤ ᠰᠠᠭᠤᠬᠤ  ᠠᠵᠢᠯᠯᠠᠬᠤ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃     27 ᠵᠢᠯ ᠤᠨ ᠡᠮᠦᠨ᠎ᠡ᠂  ᠲᠡᠷᠡ  ᠬᠤᠷᠢᠭᠠᠳ ᠨᠠᠰᠤᠲᠠᠢ ᠵᠠᠯᠠᠭᠤ  ᠺᠠᠳ᠋ᠷ ᠪᠠᠶᠢᠬᠤ ᠳᠠᠭᠠᠨ ᠡᠨᠡ ᠲᠤᠰᠬᠤᠨ ᠳᠤ ᠪᠠᠭᠤᠵᠤ ᠨᠢᠭᠡ ᠵᠢᠯ ᠭᠠᠷᠤᠢ ᠠᠵᠢᠯᠯᠠᠭᠰᠠᠨ ᠶᠤᠮ᠃  ᠤᠳᠣ ᠪᠤᠯᠬᠤ ᠳᠤ ᠬᠡᠳᠦᠶᠢᠪᠡᠷ ᠲᠤᠰᠬᠤᠨ ᠤ ᠠᠷᠠᠳ ᠤᠨ ᠠᠮᠢᠳᠤᠷᠠᠯ ᠰᠠᠶᠢᠵᠢᠷᠠᠭᠰᠠᠨ ᠪᠤᠯᠪᠠᠴᠤ᠂  ᠪᠠᠰᠠ ᠴᠤ ᠴᠦᠭᠡᠨ  ᠲᠣᠭᠠᠨ ᠤ ᠬᠦᠮᠦᠰ  ᠶᠠᠳᠠᠭᠤ ᠬᠦᠴᠢᠷᠳᠡᠯᠲᠡᠢ ᠠᠮᠢᠳᠤᠷᠠᠵᠤ ᠪᠠᠶᠢᠬᠤ ᠶᠢ ᠦᠵᠡᠭᠡᠳ ᠶᠠᠭᠤ ᠨᠢᠭᠡ ᠶᠢ ᠬᠢᠶ᠎ᠡ ᠭᠡᠰᠡᠨ ᠪᠤᠳᠤᠯ ᠤᠷᠤᠵᠠᠢ᠃      ᠲᠤᠰᠬᠤᠨ ᠳᠤ ᠰᠠᠭᠤᠭ᠎ᠠ ᠬᠤᠭᠤᠴᠠᠭᠠᠨ ᠳᠤ᠂  ᠲᠡᠷᠡ ᠠᠵᠢᠯᠯᠠᠬᠤ ᠠᠩᠭᠢ ᠶᠢᠨ ᠨᠦᠬᠦᠳ ᠲᠠᠢ ᠪᠠᠨ ᠲᠤᠰᠬᠤᠨ ᠤ ᠪᠠᠶᠢᠳᠠᠯ ᠪᠠ ᠠᠷᠠᠳ ᠤᠯᠠᠨ ᠤ ᠠᠮᠢᠳᠤᠷᠠᠯ ᠤᠨ ᠪᠠᠶᠢᠳᠠᠯ ᠢ ᠨᠠᠷᠢᠯᠢᠭ ᠤᠶᠢᠯᠠᠭᠠᠭᠰᠠᠨ ᠤ  ᠰᠠᠭᠤᠷᠢᠨ ᠳᠡᠭᠡᠷ᠎ᠡ᠂  ᠵᠤᠭᠠᠴᠠᠯ ᠤᠨ ᠦᠢᠯᠡᠰ ᠢ ᠬᠦᠭᠵᠢᠭᠦᠯᠬᠦ ᠵᠢᠷᠤᠭ ᠲᠦᠯᠦᠪᠯᠡᠭᠡ ᠪᠠᠨ ᠵᠤᠬᠢᠶᠠᠵᠠᠢ᠃  ᠪᠠᠰᠠ ᠳᠡᠭᠡᠷ᠎ᠡ ᠱᠠᠲᠤᠨ ᠤ ᠳᠡᠮᠵᠢᠯᠭᠡ ᠪᠠᠷ ᠶᠡᠷᠦᠩᠬᠡᠢ ᠪᠡᠯᠡ ᠤᠷᠤᠭᠤᠯᠤᠯᠲᠠ ᠨᠢ 30 ᠲᠦᠮᠡᠨ ᠲᠦᠭᠦᠷᠢᠭ ᠬᠦᠷᠬᠦ  ᠲᠤᠰᠬᠤᠨ ᠪᠦᠷᠢ ᠳᠤ ᠨᠡᠪᠲᠡᠷᠡᠬᠦ ᠵᠤᠭᠠᠴᠠᠯ ᠤᠨ ᠤᠷᠤᠨ ᠤ ᠵᠠᠰᠠᠮᠠᠯ ᠵᠠᠮ ᠢ ᠪᠠᠶᠢᠭᠤᠯᠤᠨ ᠥᠭᠴᠦ᠂   ᠵᠤᠭᠠᠴᠠᠯ ᠤᠨ ᠦᠢᠯᠡᠰ ᠦᠳᠲᠦᠷ ᠲᠦᠷᠭᠡᠨ ᠬᠦᠭᠵᠢᠵᠡᠢ᠃   ᠲᠤᠰᠬᠤᠨ ᠎ ᠳᠤ ᠨᠢᠭᠡᠨᠲᠡ ᠪᠠᠶᠢᠭᠤᠯᠤᠭᠰᠠᠨ ᠬᠦᠯᠳᠡᠭᠡᠬᠦ ᠬᠥᠮᠦᠷᠭᠡ ᠶᠢ ᠠᠰᠢᠭᠯᠠᠯᠲᠠ ᠳᠤ ᠤᠷᠤᠭᠤᠯᠬᠤ ᠶᠢᠨ ᠲᠦᠯᠦᠭᠡ᠂  ᠬᠠᠪᠰᠤᠷᠤᠨ ᠳᠡᠮᠵᠢᠬᠦ ᠨᠢᠭᠡᠴᠡ ᠪᠤᠯᠬᠤ ᠤᠯᠤᠰ ᠤᠨ ᠴᠠᠬᠢᠯᠭᠠᠨ ᠲᠤᠤᠷ ᠤᠨ ᠫᠢᠩᠵᠤᠸᠠᠩ ᠨᠡᠭᠦᠷᠡᠰᠦᠨ ᠠᠭᠤᠷᠬᠠᠢ ᠶᠢᠨ ᠪᠦᠯᠦᠭᠯᠡᠯ ᠲᠠᠢ ᠢᠳᠡᠪᠬᠢᠲᠡᠢ ᠬᠠᠷᠢᠯᠴᠠᠵᠤ᠂ 20 ᠲᠦᠮᠡᠨ ᠲᠦᠭᠦᠷᠢᠭ ᠤᠨ ᠦᠷᠲᠡᠭ ᠪᠦᠬᠦᠢ ᠴᠠᠬᠢᠯᠭᠠᠨ ᠬᠤᠪᠢᠰᠬᠠᠭᠴᠢ ᠶᠢ ᠤᠭᠰᠠᠷᠠᠭᠤᠯᠵᠤ᠂ 2017 ᠣᠨ ᠤ10 ᠰᠠᠷ᠎ᠠ ᠶᠢᠨ ᠰᠡᠭᠦᠯᠴᠢ ᠪᠣᠯᠬᠤ ᠳᠤ᠂  ᠲᠤᠰ ᠬᠦᠯᠳᠡᠭᠡᠬᠦ ᠬᠥᠮᠦᠷᠭᠡ ᠨᠢ ᠠᠰᠢᠭᠯᠠᠯᠲᠠ ᠳᠤ ᠤᠷᠤᠵᠣ᠂  ᠪᠦᠬᠦ ᠲᠤᠰᠬᠤᠨ ᠤ 340 ᠮᠣ᠋ ᠵᠢᠮᠢᠰ ᠤᠨ ᠬᠦᠷᠢᠶᠡᠯᠡᠩ ᠠᠴᠠ ᠬᠤᠷᠢᠶᠠᠭᠰᠠᠨ   ᠡᠯᠳᠡᠪ ᠵᠢᠮᠢᠰ  ᠬᠦᠮᠦᠷᠭᠡ ᠳᠤ ᠤᠷᠤᠵᠣ  ᠲᠠᠷᠢᠶᠠᠴᠢᠳ ᠤᠨ  ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃     ᠲᠡᠭᠦᠨ ᠤ ᠪᠢᠴᠢᠭᠰᠡᠨ  ᠡᠳᠦᠷ ᠎ ᠤᠨ ᠲᠡᠮᠳᠡᠭᠯᠡᠯ ᠎ ᠳᠠᠬᠢ ᠨᠢᠭᠡᠨ ᠢᠵᠢ ᠲᠠᠭᠤᠨ ᠲᠤᠬᠢᠷᠠᠭᠤᠯᠤᠭᠴᠢ᠂ 3000 ᠬᠤᠪᠢ ᠨᠣᠮ ᠪᠢᠴᠢᠭ᠂  ᠲᠤᠰᠬᠠᠢ ᠮᠡᠷᠭᠡᠵᠢᠯ ᠤᠨ ᠪᠤᠯᠪᠠᠰᠤᠷᠠᠯ᠂  ᠭᠠᠭ᠋ᠠᠢ ᠶᠢᠨ ᠡᠭᠦᠷ ᠪᠠᠷᠢᠬᠤ᠂  ᠦᠷ᠎ᠡ ᠮᠣᠳᠣ ᠤᠷᠤᠭᠤᠯᠬᠤ  ᠂᠂᠂᠂᠂᠂  ᠵᠡᠷᠭᠡ ᠲᠦᠮᠡᠨ ᠢᠯᠡᠭᠦᠦ ᠦᠰᠦᠭ ᠤᠨ ᠳᠡᠮᠳᠡᠭᠯᠡᠯ ᠨᠢ  ᠨᠢᠭᠡᠨ ᠺᠠᠳ᠋ᠷ ᠤᠨ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠯᠠᠭ᠎ᠠ ᠪᠠᠨ ᠭᠦᠢᠴᠡᠳᠬᠡᠬᠦ  ᠠᠵᠢᠯ ᠤᠨ ᠰᠤᠷᠲᠠᠯ ᠢ ᠬᠦᠢᠴᠡᠳ ᠬᠠᠷᠠᠭᠤᠯᠵᠤ ᠪᠠᠶᠢᠬᠤ ᠶᠤᠮ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1