ᠶᠤᠸᠠᠨ ᠪᠤᠤ ᠱᠠᠨ ᠲᠣᠭᠤᠷᠢᠭ ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠶᠯ | ᠤᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ | | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | ︽ ᠶᠤᠸᠠᠨ ᠪᠤᠤ ᠱᠠᠨ ᠲᠣᠭᠤᠷᠢᠭ ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ | ᠵᠦᠶᠯ ᠤᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶︾ ᠢ | ᠲᠤᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠵᠥᠪᠰᠢᠶᠡᠷᠡᠪᠡ᠂ ᠡᠳᠦᠭᠡ ᠳᠠᠷᠤᠮᠠᠯᠯᠠᠨ ᠲᠠᠷᠬᠠᠭᠠᠪᠠ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2019 ᠣᠨ ᠤ 6 ᠰᠠᠷ᠎ᠠ ᠶᠢᠨ 11 ᠤ ᠡᠳᠦᠷ | ᠶᠤᠸᠠᠨ ᠪᠤᠤ ᠱᠠᠨ ᠲᠣᠭᠤᠷᠢᠭ ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠶᠯ | ᠤᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶ | ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 10 ᠰᠠᠯᠠᠭ᠎ᠠ | ᠮᠥᠴᠢᠷ ᠠᠴᠠ ᠬᠠᠮᠲᠤᠷᠠᠨ ᠲᠠᠷᠬᠠᠭᠠᠭᠰᠠᠨ ︽ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ | ᠲᠥᠷᠥᠯ ᠤᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶︾ ︵ | ᠤᠯᠠᠭᠠᠨᠬᠠᠳᠠ ᠡᠷᠡᠭᠦᠯ ᠬᠠᠮᠠᠭᠠᠯᠠᠯ ᠥᠰᠥᠭ ﹇2019﹈ 15 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠣᠳᠣᠬᠠᠨ ᠤ ᠣᠷᠣᠨ ᠨᠤᠲᠤᠭ ᠤᠨ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠳᠤ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠲᠦᠪᠡᠭᠲᠡᠶ ᠠᠰᠠᠭᠤᠳᠠᠯ ᠢ ᠦᠨᠡᠨᠬᠦ | ᠰᠢᠶᠳᠪᠦᠷᠢᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ | ᠭᠤᠤᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ ᠬᠠᠷᠠᠯᠲᠠ ᠶᠢ ᠪᠡᠶᠡᠯᠡᠭᠦᠯᠬᠦ | ᠶᠢᠨ ᠲᠥᠯᠥᠭᠡ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠦᠨᠳᠦᠰᠦᠨ ᠪᠠᠶᠢᠳᠠᠯ | ᠤᠯᠠᠨ ᠵᠢᠯ ᠤᠨ ᠲᠤᠷᠰᠢ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠳᠤᠷᠢᠳᠤᠯᠭ᠎ᠠ ᠳᠣᠣᠷ᠎ᠠ᠂ ᠡᠯ᠎ᠡ ᠰᠠᠯᠠᠭ᠎ᠠ ᠮᠥᠴᠢᠷ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠴᠤ᠂ ᠨᠡᠶᠢᠭᠡᠮ | ᠳᠠᠶᠠᠭᠠᠷ ᠥᠷᠭᠡᠨ ᠢᠶᠠᠷ ᠣᠷᠣᠯᠴᠠᠵᠤ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠡᠷᠴᠢᠮ ᠢᠶᠠᠨ ᠲᠠᠰᠤᠷᠠᠯᠲᠠ ᠦᠭᠡᠢ | ᠴᠢᠩᠭᠠᠷᠠᠭᠤᠯᠵᠤ᠂ ᠮᠠᠨ ᠤ ᠲᠤᠭᠤᠷᠢᠭ ᠤᠨ ᠣᠷᠣᠨ ᠨᠤᠲᠤᠭ ᠤᠨ ᠡᠪᠡᠳᠴᠢᠨ ᠳᠡᠯᠭᠡᠷᠡᠬᠦ ᠬᠠᠨᠳᠤᠰᠢ ᠶᠢ | ᠪᠦᠲᠦᠮᠵᠢᠲᠡᠢ ᠬᠢᠵᠠᠭᠠᠷᠯᠠᠪᠠ᠃ ᠲᠤᠭᠤᠷᠢᠭ ᠪᠠᠶᠢᠭᠤᠯᠤᠭᠰᠠᠨ ᠠᠴᠠ ᠣᠳᠣ ᠪᠣᠯᠲᠠᠯ᠎ᠠ᠂ ᠤᠤᠭᠤᠬᠤ ᠤᠰᠤᠨ ᠤ | ᠬᠡᠯᠪᠡᠷᠢ ᠶᠢᠨ ᠹᠯᠣᠷ ᠲᠤ ᠬᠤᠣᠷᠳᠠᠭᠳᠠᠭᠰᠠᠨ ᠡᠪᠡᠳᠴᠢᠨ ᠤ ᠣᠷᠣᠨ ᠤ ᠪᠠᠶᠢᠭᠠᠯᠢ ᠶᠢᠨ ᠲᠣᠰᠬᠤᠨ ᠤ ᠶᠡᠬᠡᠩᠬᠢ ᠨᠢ | ᠤᠰᠤ ᠥᠭᠡᠷᠡᠴᠢᠯᠡᠬᠦ ᠠᠵᠢᠯ ᠢ ᠪᠡᠶᠡᠯᠡᠭᠦᠯᠵᠦ᠂ ᠬᠥᠮᠦᠨ ᠬᠤᠭᠤᠷᠤᠨᠳᠤ ᠬᠤᠯᠤᠭᠠᠨ᠎ᠠ ᠶᠢᠨ ᠬᠤᠭᠤᠷᠣᠨᠳᠣᠬᠢ | ᠬᠤᠯᠤᠭᠠᠨ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠥᠬᠡᠶ᠂ ᠲᠤᠬᠢᠶᠠᠯᠢᠭ ᠬᠠᠯᠠᠭᠤᠨ ᠡᠪᠡᠳᠴᠢᠨ ᠤ ᠪᠠᠶᠢᠳᠠᠯ | ᠢᠯᠡᠳᠲᠡ ᠪᠠᠭᠤᠷᠠᠵᠤ᠂ ᠬᠥᠮᠦᠨ ᠤ ᠬᠤᠭᠤᠷᠤᠨᠳᠤᠬᠢ ᠲᠤᠬᠢᠶᠠᠯᠢᠭ ᠬᠠᠯᠠᠭᠤᠨ ᠬᠢᠵᠢᠭ ᠤᠨ ᠪᠠᠶᠢᠳᠠᠯ | ᠦᠷᠭᠦᠯᠵᠢᠯᠡᠨ ᠪᠠᠭᠤᠷᠠᠪᠠ᠃ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠪᠣᠯ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠠᠰᠠᠭᠤᠳᠠᠯ ᠪᠣᠯᠬᠤ ᠪᠠᠷ ᠪᠠᠷᠠᠬᠤ ᠥᠬᠡᠶ ᠪᠠᠰᠠ ᠴᠤ ᠠᠷᠠᠳ | ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠮᠥᠨ᠂ ᠣᠷᠣᠨ ᠨᠤᠲᠤᠭ ᠤᠨ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠣᠯ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠨᠠᠷᠢᠯᠢᠭ | ᠣᠨᠣᠴᠠᠲᠠᠶ ᠪᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ | ᠬᠤᠶᠠᠷ᠂ ᠦᠨᠳᠦᠰᠦᠨ ᠵᠠᠷᠴᠢᠮ | ( ᠨᠢᠭᠡ ) ᠵᠠᠰᠠᠭ ᠤᠨ ᠣᠷᠳᠣᠨ ᠤᠳᠤᠷᠢᠳᠴᠤ᠂ ᠰᠠᠯᠠᠭ᠎ᠠ ᠮᠥᠴᠢᠷ ᠤᠳ ᠬᠠᠮᠵᠢᠯᠴᠠᠨ᠎ᠠ᠃ ᠣᠷᠣᠨ | ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠳᠦᠷ ᠲᠣᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠤᠳᠤᠷᠢᠳᠤᠯᠭ᠎ᠠ ᠪᠠᠨ | ᠴᠢᠩᠭᠠᠳᠬᠠᠨ᠂ ᠣᠷᠣᠭᠤᠯᠤᠯᠲᠠ ᠶᠢ ᠪᠠᠲᠤᠯᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠣᠬᠢᠴᠠᠭᠤᠯᠭ᠎ᠠ | ᠪᠠᠨ ᠴᠢᠩᠭᠠᠳᠬᠠᠨ᠂ ᠨᠢᠭᠲᠠ ᠬᠠᠮᠲᠤᠷᠠᠯᠴᠠᠵᠤ᠂ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ | ᠳᠠᠭᠠᠨ ᠰᠠᠭᠤᠷᠢᠯᠠᠨ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠪᠠᠨ ᠬᠠᠮᠲᠤᠪᠠᠷ ᠨᠠᠶᠢᠳᠠᠪᠤᠷᠢᠵᠢᠭᠤᠯᠬᠤ ᠬᠡᠷᠡᠭᠲᠡᠶ᠃ | ( ᠬᠤᠶᠠᠷ ) ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠤᠨ᠎ᠠ᠃ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠣᠷᠣᠨ ᠨᠤᠲᠤᠭ ᠤᠨ ᠡᠪᠡᠳᠴᠢᠨ ᠡᠮᠭᠡᠭ ᠲᠠᠢ ᠣᠷᠣᠨ ᠤ | ᠦᠶᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠡᠪᠡᠳᠴᠢᠨ ᠡᠭᠦᠰᠭᠡᠬᠦ ᠬᠦᠴᠦᠨ ᠵᠦᠶᠯ | ᠤᠨ ᠬᠤᠤᠷ ᠬᠥᠨᠥᠭᠡᠯ ᠢ ᠪᠠᠭᠠᠰᠬᠠᠨ᠎ᠠ᠃ ᠤᠳᠤᠬᠢ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠥᠷᠨᠢᠭᠦᠯᠵᠦ᠂ | ᠡᠪᠡᠳᠴᠢᠲᠡᠨ ᠤ ᠬᠠᠮᠢᠶᠠᠷᠤᠯᠲᠠ ᠶᠢ ᠴᠢᠩᠭᠠᠳᠬᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ | ᠣᠳᠣᠬᠢ ᠡᠪᠡᠳᠴᠢᠲᠡᠨ ᠢ ᠬᠠᠪᠰᠤᠷᠤᠨ ᠲᠡᠳᠬᠦᠵᠦ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠠᠰᠠᠭᠤᠳᠠᠯ | ᠢ ᠰᠢᠢᠳᠪᠦᠷᠢᠯᠡᠨ᠎ᠡ᠃ | ︵ᠭᠤᠷᠪᠠ︶ ᠲᠥᠷᠥᠯ ᠬᠤᠪᠢᠶᠠᠨ ᠵᠢᠯᠣᠭᠤᠳᠴᠤ᠂ ᠭᠠᠵᠠᠷ ᠬᠤᠪᠢᠶᠠᠨ ᠠᠬᠢᠭᠤᠯᠤᠨ᠎ᠠ᠃ ᠣᠷᠣᠨ ᠨᠤᠲᠤᠭ | ᠤᠨ ᠡᠪᠡᠳᠴᠢᠨ ᠤ ᠣᠨᠴᠠᠯᠢᠭ ᠪᠠ ᠠᠳᠠᠯᠢ ᠪᠤᠰᠤ ᠭᠠᠵᠠᠷ ᠣᠷᠣᠨ ᠤ ᠪᠠᠶᠢᠭᠠᠯᠢ ᠶᠢᠨ ᠣᠷᠴᠢᠨ ᠨᠥᠬᠦᠴᠡᠯ ᠢ | ᠦᠨᠳᠦᠰᠦᠯᠡᠨ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠣᠬᠢᠷᠠᠮᠵᠢᠲᠠᠶ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠰᠡᠷᠭᠡᠶᠢᠯᠡᠨ ᠵᠠᠰᠠᠬᠤ ᠬᠠᠷᠠᠯᠲᠠ ᠪᠠ ᠠᠵᠢᠯ ᠤᠨ ᠵᠠᠩᠭᠢᠶᠠᠰᠤ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠪᠣᠳᠠᠲᠠᠶ | ᠰᠠᠯᠠᠭ᠎ᠠ ᠮᠥᠴᠢᠷ ᠲᠤ ᠨᠠᠶᠢᠳᠠᠪᠤᠷᠢᠵᠢᠭᠤᠯᠵᠤ᠂ ᠬᠥᠮᠦᠨ ᠳᠤ ᠨᠠᠶᠢᠳᠠᠪᠤᠷᠢᠵᠢᠭᠤᠯᠬᠤ ᠬᠡᠷᠡᠭᠲᠡᠶ᠃ | ︵ᠳᠥᠷᠪᠡ︶ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠠᠯᠲᠠᠲᠤ ᠬᠠᠮᠢᠶᠠᠷᠤᠯᠲᠠ ᠬᠢᠨ᠎ᠡ᠃ | ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ | ᠲᠠᠢ ᠨᠢᠭᠲᠠ ᠤᠶᠠᠯᠳᠤᠭᠤᠯᠵᠤ᠂ ᠰᠡᠷᠭᠡᠶᠢᠯᠡᠨ ᠵᠠᠰᠠᠬᠤ ᠪᠠᠯᠠ ᠮᠥᠩᠭᠦ ᠣᠷᠣᠭᠤᠯᠤᠨ᠂ ᠶᠡᠷᠦᠩᠬᠡᠶᠢᠯᠡᠨ ᠰᠡᠷᠭᠡᠶᠢᠯᠡᠨ | ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠭᠤᠷᠪᠠ᠂ ᠠᠵᠢᠯ ᠤᠨ ᠬᠠᠷᠠᠯᠲᠠ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦ ᠨᠡᠮᠡᠷᠢᠯᠡᠵᠦ᠂ 2020 ᠣᠨ ᠤ ᠰᠡᠭᠦᠯᠴᠢ ᠪᠣᠯᠬᠤ | ᠳᠤ᠂ ᠢᠣᠳ᠋ ᠳᠤᠲᠠᠭᠳᠠᠬᠤ ᠬᠤᠣᠷ ᠬᠥᠨᠥᠭᠡᠯ ᠶᠢ ᠦᠷᠭᠦᠯᠵᠢᠯᠡᠨ ᠠᠷᠢᠯᠭᠠᠨ᠎ᠠ︔ ᠤᠤᠭᠤᠬᠤ ᠤᠰᠤᠨ ᠤ ᠬᠡᠯᠪᠡᠷᠢ | ᠶᠢᠨ ᠹᠯᠣᠷ ᠲᠤ ᠬᠤᠤᠷᠳᠠᠭᠳᠠᠬᠤ ᠶᠢ ᠪᠦᠲᠦᠮᠵᠢᠲᠡᠶ ᠬᠢᠵᠠᠭᠠᠷᠯᠠᠨ᠎ᠠ︔ ᠠᠮᠢᠲᠠᠨ ᠤ ᠬᠤᠭᠤᠷᠣᠨᠳᠣᠬᠢ ᠬᠤᠯᠤᠭᠠᠨ᠎ᠠ | ᠶᠢᠨ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠦᠨ ᠬᠢᠵᠠᠭᠠᠷᠯᠠᠵᠤ᠂ ᠬᠥᠮᠦᠨ ᠤ ᠬᠤᠭᠤᠷᠤᠨᠳᠤᠬᠢ | ᠬᠤᠯᠤᠭᠠᠨ᠎ᠠ ᠶᠢᠨ ᠬᠢᠵᠢᠭ ᠡᠭᠦᠰᠬᠦ ᠶᠢ ᠡᠷᠡᠰ ᠰᠡᠷᠭᠡᠶᠢᠯᠡᠨ᠎ᠡ ; ᠪᠷᠦ᠋ᠼᠧᠯ ᠡᠪᠡᠳᠴᠢᠨ ᠢ ᠬᠢᠵᠠᠭᠠᠷᠯᠠᠬᠤ ᠪᠠᠷᠢᠮᠵᠢᠶ᠎ᠠ | ᠳᠤ ᠬᠦᠷᠴᠦ᠂ ᠬᠥᠮᠦᠨ ᠤ ᠬᠢᠵᠢᠭ ᠤᠨ ᠪᠠᠶᠢᠳᠠᠯ ᠢ ᠪᠠᠭᠠᠰᠬᠠᠨ᠎ᠠ ; ᠰᠡᠷᠭᠡᠶᠢᠯᠡᠨ ᠵᠠᠰᠠᠬᠤ ᠬᠠᠷᠠᠯᠲᠠ ᠪᠠ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠲᠠᠢ ᠵᠡᠷᠭᠡ ᠪᠠᠷ ᠪᠡᠶᠡᠯᠡᠭᠦᠯᠦᠨ᠎ᠡ᠃ | ᠳᠥᠷᠪᠡ᠂ ᠭᠤᠤᠯᠳᠠᠯᠭ᠎ᠠ ᠲᠠᠢ ᠡᠭᠦᠷᠭᠡ | ( ᠨᠢᠭᠡ ) ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠦᠨ᠎ᠡ | 1 . ᠤᠤᠭᠤᠬᠤ ᠤᠰᠤᠨ ᠤ ᠬᠡᠯᠪᠡᠷᠢᠲᠦ ᠹᠯᠣᠷ ᠲᠤ ᠬᠤᠣᠷᠳᠠᠭᠳᠠᠭᠰᠠᠨ ᠡᠪᠡᠳᠴᠢᠨ ᠤ ᠣᠷᠣᠨ ᠤ ᠤᠰᠤ ᠶᠢ | ᠥᠭᠡᠷᠡᠴᠢᠯᠡᠬᠦ ᠠᠵᠢᠯ ᠢ ᠨᠠᠶᠢᠳᠠᠪᠤᠷᠢᠵᠢᠭᠤᠯᠤᠨ᠎ᠠ | ( 1 ) ᠲᠤᠰᠬᠤᠨ ᠢᠶᠠᠷ ᠨᠢᠭᠡᠴᠢ ᠪᠣᠯᠭᠠᠨ᠂ ᠤᠤᠭᠤᠬᠤ ᠤᠰᠤ ᠶᠢᠨ ᠬᠡᠯᠪᠡᠷᠢ ᠶᠢᠨ ᠹᠯᠣᠷ ᠲᠤ | ᠬᠤᠣᠷᠳᠠᠭᠳᠠᠭᠰᠠᠨ ᠡᠪᠡᠳᠴᠢᠨ ᠤ ᠭᠠᠵᠠᠷ ᠤᠷᠤᠨ ᠤ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ | ᠣᠶᠢᠯᠠᠭᠠᠵᠤ᠂ ᠰᠢᠯᠲᠠᠭᠠᠨ ᠢ ᠨᠢ ᠵᠠᠳᠠᠯᠤᠨ᠂ ᠰᠢᠯᠢᠳᠡᠭ ᠣᠰᠣᠨ ᠰᠤᠷᠪᠤᠯᠵᠢ ᠶᠢ ᠰᠣᠯᠢᠬᠤ᠂ ᠬᠤᠲᠠ ᠪᠠᠯᠭᠠᠰᠤ | ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠢ ᠤᠷᠲᠤᠳᠬᠠᠬᠤ᠂ ᠬᠡᠪᠴᠢᠶᠡᠵᠢᠭᠦᠯᠦᠨ ᠤᠰᠤ ᠬᠠᠩᠭᠠᠬᠤ | ᠪᠠᠷᠢᠯᠭ᠎ᠠ ᠶᠢ ᠪᠦᠲᠦᠭᠡᠨ ᠪᠠᠶᠢᠭᠤᠯᠬᠤ ᠵᠢᠴᠢ ᠣᠳᠣ ᠪᠠᠶᠢᠭ᠎ᠠ ᠤᠰᠤ ᠬᠠᠩᠭᠠᠬᠤ ᠪᠠᠷᠢᠯᠭ᠎ᠠ ᠶᠢᠨ ᠣᠰᠣᠨ ᠴᠢᠨᠠᠷ ᠢ | ᠴᠡᠪᠡᠷᠰᠢᠭᠦᠯᠬᠦ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ ᠤ | ᠪᠠᠶᠢᠳᠠᠯ ᠲᠤᠨᠢ ᠲᠤᠬᠢᠷᠠᠭᠤᠯᠤᠨ᠂ ᠰᠢᠢᠳᠪᠦᠷᠢᠯᠡᠬᠦ ᠲᠥᠰᠦᠯ ᠢ ᠵᠦᠢ ᠵᠣᠬᠢᠰᠲᠠᠢ ᠲᠣᠭᠲᠠᠭᠠᠵᠤ᠂ ᠣᠰᠣᠨ ᠤ | ᠴᠢᠨᠠᠷ ᠤᠨ ᠪᠠᠷᠢᠮᠵᠢᠶ᠎ᠠ ᠳᠤ ᠬᠦᠷᠬᠦ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ︵ | ᠲᠤᠭᠤᠷᠢᠭ ᠤᠨᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ ᠤᠨᠣᠰᠣᠨ | ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ | ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | ( 2 ) ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ | ᠬᠥᠳᠡᠭᠡ ᠲᠣᠰᠬᠤᠨ ᠤ ᠤᠤᠭᠤᠬᠤ ᠣᠰᠣᠨ ᠤ ᠠᠶᠤᠯ ᠥᠬᠡᠶ ᠪᠠᠶᠢᠬᠤ ᠶᠢ ᠯᠠᠪᠳᠠᠭᠤᠨ ᠪᠠᠲᠤᠲᠠᠢ ᠲᠦᠯᠬᠢᠨ | ᠠᠬᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠤᠭᠤᠬᠤ | ᠣᠰᠣᠨ ᠤ ᠹᠯᠣᠷ ᠲᠤ ᠬᠤᠣᠷᠳᠠᠭᠳᠠᠭᠰᠠᠨ ᠡᠪᠡᠳᠴᠢᠨ ᠤ ᠭᠠᠵᠠᠷ ᠣᠷᠣᠨ ᠤ ᠤᠤᠭᠤᠬᠤ ᠣᠰᠣᠨ ᠤ ᠠᠶᠤᠯ ᠥᠬᠡᠶ | ᠶᠢ ᠪᠠᠬᠢᠵᠢᠭᠦᠯᠦᠨ ᠳᠡᠭᠡᠭᠰᠢᠯᠡᠭᠦᠯᠬᠦ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠦᠨ᠂ ᠬᠥᠳᠡᠭᠡ | ᠲᠣᠰᠬᠤᠨ ᠤ ᠤᠤᠭᠤᠬᠤ ᠣᠰᠣᠨ ᠤ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠶᠢᠨ ᠬᠠᠮᠢᠶᠠᠷᠤᠯᠲᠠ ᠶᠢᠨ ᠭᠤᠣᠯ | ᠴᠣᠭᠴᠠ ᠪᠣᠯᠤᠨ ᠠᠵᠢᠯᠯᠠᠭᠠᠨ ᠢ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠡᠪ | ᠤᠨ ᠶᠣᠰᠣᠭᠠᠷ ᠶᠠᠪᠤᠭᠳᠠᠬᠤ ᠶᠢ ᠠᠬᠢᠭᠤᠯᠤᠨ᠎ᠠ᠃ ᠤᠰᠤ ᠥᠭᠡᠷᠡᠴᠢᠯᠡᠬᠦ ᠢᠨᠵᠧᠨᠧᠷᠢᠩ ᠤᠨ ᠠᠵᠢᠯᠯᠠᠭᠠᠨ ᠤ | ᠪᠠᠶᠢᠳᠠᠯ᠂ ᠣᠰᠣᠨ ᠤ ᠴᠢᠨᠠᠷ ᠤᠨ ᠬᠤᠪᠢᠷᠠᠯᠲᠠ ᠶᠢᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠬᠡᠮᠵᠢᠵᠦ ᠦᠨᠡᠯᠡᠨ ᠵᠢᠱᠢᠯᠲᠡ ᠬᠢᠬᠦ ᠬᠡᠷᠡᠭᠲᠡᠢ᠃ ︵ᠲᠣᠭᠤᠷᠢᠭ ᠤᠨ ᠣᠰᠣᠨ ᠠᠰᠢᠭᠯᠠᠯᠲᠠ ᠶᠢᠨ ᠲᠣᠪᠴᠢᠶ᠎ᠠ | ᠲᠦᠷᠦᠭᠦᠯᠡᠵᠦ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ | ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | ( 3 ) 2020 ᠣᠨ ᠪᠣᠯᠬᠤ ᠳᠤ᠂ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠤᠰᠤ ᠥᠭᠡᠷᠡᠴᠢᠯᠡᠬᠦ ᠪᠣᠶ | ᠪᠦᠬᠦᠢ ᠪᠠᠷᠢᠯᠭ᠎ᠠ ᠵᠢᠨᠠᠵᠢᠯᠯᠠᠭᠠᠨ ᠤ ᠪᠠᠶᠢᠳᠠᠯ ᠢ ᠪᠠᠲᠤᠯᠠᠵᠤ᠂ ᠤᠤᠭᠤᠬᠤ ᠣᠰᠣᠨ ᠤ ᠹᠯᠣᠷ ᠤᠨ | ᠠᠭᠤᠯᠤᠭᠳᠠᠴᠠ ᠨᠢ ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠬᠡᠷᠡᠭᠲᠡᠢ᠃ ︵ | ᠲᠣᠭᠤᠷᠢᠭ ᠤᠨ ᠣᠰᠣᠨ ᠠᠰᠢᠭᠯᠠᠯᠲᠠ ᠶᠢᠨ ᠲᠣᠪᠴᠢᠶ᠎ᠠ ᠲᠦᠷᠦᠭᠦᠯᠡᠵᠦ᠂ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠨᠠᠶᠢᠳᠠᠪᠤᠷᠢᠵᠢᠭᠤᠯᠤᠨ᠎ᠠ︶ | 2 . ᠢᠣᠳ᠋ ᠳᠤᠲᠠᠭᠳᠠᠬᠤ ᠬᠤᠣᠷ ᠬᠥᠨᠥᠭᠡᠯ ᠢ ᠦᠷᠭᠦᠯᠵᠢᠯᠡᠨ ᠠᠷᠢᠯᠭᠠᠨ᠎ᠠ | ︵1︶ ᠢᠣᠳ᠋ ᠳᠤᠲᠠᠭᠳᠠᠵᠤ ᠪᠠᠶᠭ᠎ᠠ ᠭᠠᠵᠠᠷ ᠣᠷᠣᠨ ᠳᠤ ᠢᠳᠡᠰᠢᠨ ᠤ ᠳᠠᠪᠤᠰᠤᠨ ᠳᠤ ᠢᠣᠳ᠋ ᠨᠡᠮᠡᠬᠦ ᠠᠷᠭ᠎ᠠ | ᠪᠣᠳᠣᠯᠭ᠎ᠠ ᠶᠢ ᠦᠷᠭᠦᠯᠵᠢᠯᠡᠨ ᠨᠠᠢᠳᠠᠪᠤᠷᠢᠵᠢᠭᠤᠯᠬᠤ᠂ ᠬᠥᠮᠦᠰ ᠤᠨ ᠢᠣᠳ᠋ ᠤᠨ ᠰᠢᠮ᠎ᠡ ᠲᠡᠵᠢᠭᠡᠯ ᠣᠨ | ᠲᠣᠬᠢᠷᠠᠮᠵᠢᠲᠠᠶ ᠬᠢᠷᠢ ᠬᠡᠮᠵᠢᠶ᠎ᠡ ᠶᠢ ᠪᠠᠲᠤᠯᠠᠨ᠎ᠠ᠃ ᠬᠢᠷᠢ ᠲᠡᠩᠴᠡᠭᠰᠡᠨ ᠢᠣᠳ᠋ᠲᠤ ᠳᠠᠪᠤᠰᠤᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠪᠠᠲᠤᠯᠠᠵᠤ᠂ ᠢᠳᠡᠰᠢᠨ ᠤ ᠳᠠᠪᠤᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠲᠡᠭᠦᠯᠳᠡᠷᠵᠢᠭᠦᠯᠦᠨ᠂ ᠣᠯᠠᠨ ᠲᠦᠮᠡᠨ ᠤ ᠬᠢᠷᠢ ᠲᠡᠩᠴᠡᠭᠰᠡᠨ ᠢᠣᠳ᠋ᠲᠤ ᠳᠠᠪᠤᠰᠤ ᠶᠢ ᠢᠳᠡᠵᠦ ᠲᠠᠢᠯᠬᠤ᠂ ᠢᠳᠡᠵᠦ | ᠳᠡᠶᠢᠯᠬᠦ ᠶᠢ ᠪᠠᠲᠤᠯᠠᠨ᠎ᠠ᠃ ︵ᠣᠷᠣᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠵᠦ | ᠂ ᠲᠣᠭᠤᠷᠢᠭ ᠣᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠣᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | | ( 2 ) ᠢᠣᠳ᠋ ᠳᠤᠲᠠᠭᠳᠠᠬᠤ ᠬᠤᠣᠷ ᠬᠥᠨᠥᠭᠡᠯ ᠤᠨ ᠪᠠᠶᠢᠳᠠᠯ ᠢ ᠠᠷᠢᠯᠭᠠᠵᠤ᠂ ᠺᠧᠲ᠋ᠢᠨ ᠤ ᠡᠪᠡᠳᠴᠢᠨ ᠰᠢᠨ᠎ᠡ | ᠪᠠᠷ ᠡᠭᠦᠰᠬᠦ ᠶᠢ ᠰᠡᠷᠭᠡᠶᠢᠯᠡᠨ᠎ᠡ᠃ ︵ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠲᠦᠷᠦᠭᠦᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | 3 . ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ | ︵1︶ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠠᠵᠢᠯ ᠢ ᠴᠢᠩᠭᠠᠳᠬᠠᠵᠤ᠂ ᠬᠤᠯᠤᠭᠠᠨ᠎ᠠ ᠬᠢᠵᠢᠭ ᠤᠨ ᠴᠡᠭ | ᠤᠨ ᠣᠳᠣᠬᠢ ᠪᠥᠬᠦ ᠪᠠᠶᠢᠳᠠᠯ ᠢ ᠵᠢᠭᠰᠠᠭᠠᠨ ᠪᠠᠶᠢᠴᠠᠭᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ ᠬᠠᠮᠠᠭᠠᠯᠠᠯᠲᠠ | ᠶᠢᠨ ᠴᠢᠨᠠᠷᠲᠠᠶ ᠬᠤᠯᠤᠭᠠᠨ᠎ᠠ ᠪᠥᠭᠡᠰᠦ ᠶᠢ ᠤᠰᠠᠳᠬᠠᠬᠤ ᠪᠠᠷ ᠭᠤᠤᠯ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠭᠠᠵᠠᠷ ᠣᠷᠣᠨ ᠪᠠ | ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠳᠡᠯᠭᠡᠷᠡᠭᠰᠡᠨ ᠭᠠᠵᠠᠷ ᠣᠷᠣᠨ ᠳᠤ ᠬᠤᠯᠤᠭᠠᠨ᠎ᠠ | ᠨᠣᠬᠠᠶ ᠶᠢᠨ ᠪᠥᠭᠡᠰᠦ ᠶᠢ ᠤᠰᠠᠳᠬᠠᠬᠤ ᠠᠵᠢᠯᠯᠠᠭ᠎ᠠ ᠥᠷᠨᠢᠭᠦᠯᠵᠦ᠂ ᠴᠠᠭ ᠲᠤᠬᠠᠶ ᠳᠤᠨᠢ ᠢᠯᠡᠷᠡᠭᠦᠯᠦᠨ᠂ ᠲᠦᠷᠭᠡᠨ | ᠲᠤᠰᠬᠠᠯ ᠭᠠᠷᠭᠠᠵᠤ᠂ ᠪᠦᠲᠦᠮᠵᠢᠲᠡᠶ ᠰᠢᠶᠳᠪᠦᠷᠢᠯᠡᠵᠦ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ | ᠮᠡᠳᠡᠭᠦᠯᠦᠯᠲᠡ ᠶᠢᠨ ᠨᠣᠷᠮ᠎ᠠ ᠪᠠ ᠬᠢᠵᠢᠭᠲᠦ ᠣᠷᠣᠨ ᠢ ᠰᠢᠶᠳᠪᠦᠷᠢᠯᠡᠬᠦ ᠨᠣᠷᠮ᠎ᠠ ᠶᠢ 100 % ᠳᠤ ᠬᠦᠷᠦᠭᠦᠯᠦᠨ᠎ᠡ᠃ | ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠵᠢᠱᠢᠬᠦ ᠠᠵᠢᠯ ᠢ ᠥᠷᠨᠢᠭᠦᠯᠵᠦ᠂ ᠰᠠᠯᠠᠭ᠎ᠠ ᠮᠥᠴᠢᠷ ᠪᠠ ᠭᠠᠵᠠᠷ | ᠣᠷᠣᠨ ᠤ ᠬᠤᠭᠤᠷᠣᠨᠳᠣᠬᠢ ᠵᠣᠬᠢᠴᠠᠭᠤᠯᠭ᠎ᠠ ᠨᠡᠪᠲᠡᠷᠡᠯᠴᠡᠭᠡ ᠶᠢ ᠴᠢᠩᠭᠠᠳᠬᠠᠨ᠂ ᠬᠠᠮᠲᠤᠷᠠᠨ ᠰᠡᠷᠭᠡᠶᠢᠯᠡᠵᠦ | ᠬᠠᠮᠲᠤᠷᠠᠨ ᠬᠢᠵᠠᠭᠠᠷᠯᠠᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠬᠥᠮᠦᠨ ᠤ ᠬᠤᠭᠤᠷᠤᠨᠳᠤᠬᠢ | ᠬᠤᠯᠤᠭᠠᠨ᠎ᠠ ᠶᠢᠨ ᠬᠢᠵᠢᠭ ᠡᠭᠦᠰᠬᠦ ᠶᠢ ᠡᠷᠡᠰ ᠰᠡᠷᠭᠡᠶᠢᠯᠡᠨ᠎ᠡ᠃ | ( 2 ) ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠷᠠᠭᠤᠯᠬᠤ ᠶᠢᠨ | ᠬᠠᠮᠲᠤ ᠪᠡᠶᠡᠯᠡᠭᠦᠯᠵᠦ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠣᠳᠠᠲᠤ ᠰᠣᠷᠢᠯᠲᠠ ᠪᠣᠯᠤᠨ ᠮᠡᠷᠭᠡᠵᠢᠯ ᠤᠨ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠎ᠠ᠃ | ︵ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨᠲ᠋ᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠣᠢ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠰᠣᠶᠣᠯ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠨᠠᠶᠢᠳᠠᠪᠤᠷᠢᠵᠢᠭᠤᠯᠤᠨ᠎ᠠ︶ | 4 . ᠪᠷᠦ᠋ᠼᠧᠯ ᠪᠠᠺᠲ᠋ᠧᠷᠢ ᠡᠪᠡᠳᠴᠢᠨ ᠢ ᠰᠡᠷᠭᠡᠶᠢᠯᠡᠨ ᠵᠠᠰᠠᠨ᠎ᠠ | ( 1 ) 《 ᠤᠯᠤᠰ ᠤᠨ ᠪᠷᠦ᠋ᠼᠧᠯ ᠤᠨ ᠪᠠᠺᠲ᠋ᠧᠷᠢ ᠶᠢᠨ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠯᠡᠭᠡ ( | 2016 — 2020 ᠣᠨ ) 》 ᠶᠢ ᠦᠨᠡᠨᠬᠦ ᠨᠠᠶᠢᠳᠠᠪᠤᠷᠢᠵᠢᠭᠤᠯᠵᠤ᠂ ᠪᠷᠦ᠋ᠼᠧᠯ ᠤᠨ ᠡᠪᠡᠳᠴᠢᠨ ᠤ | ᠳᠡᠯᠭᠡᠷᠡᠬᠦ ᠣᠷᠣᠨ ᠳᠤ ᠬᠠᠯᠳᠠᠪᠤᠷᠢᠯᠠᠬᠤ ᠡᠬᠢ ᠰᠤᠷᠪᠤᠯᠵᠢ ᠶᠢ ᠬᠢᠵᠠᠭᠠᠷᠯᠠᠬᠤ ᠪᠠᠷ ᠭᠤᠣᠯ ᠪᠣᠯᠭᠠᠭᠰᠠᠨ | ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠮᠠᠯ ᠤᠨ ᠬᠤᠭᠤᠷᠣᠨᠳᠣ | ᠦᠯᠦ ᠬᠠᠯᠳᠠᠭᠠᠬᠤ ᠪᠠᠷ ᠭᠤᠣᠯ ᠪᠣᠯᠭᠠᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭᠠᠷᠠᠭᠤᠯᠤᠨ᠂ | ᠡᠭᠦᠯᠳᠡᠷ ᠤᠨ ᠮᠠᠯ ᠤᠨ ᠲᠠᠯᠠᠪᠠᠢ᠂ ᠦᠨᠢᠶ᠎ᠡ ᠲᠡᠵᠢᠭᠡᠬᠦ ᠲᠠᠯᠠᠪᠠᠢ ᠶᠢᠨ ᠴᠡᠪᠡᠷᠵᠢᠭᠦᠯᠬᠦ ᠠᠬᠢᠴᠠ ᠶᠢ ᠲᠦᠷᠭᠡᠳᠬᠡᠬᠦ | ᠬᠡᠷᠡᠭᠲᠡᠢ ᠃ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ᠂ ᠠᠮᠢᠳᠤ ᠮᠠᠯ ᠢ ᠪᠠᠶᠢᠴᠠᠭᠠᠨ ᠬᠡᠮᠵᠢᠵᠦ ᠬᠢᠨᠠᠨ | ᠬᠠᠮᠢᠶᠠᠷᠬᠤ ᠪᠠᠨ ᠴᠢᠩᠭᠠᠳᠬᠠᠵᠤ᠂ ᠬᠢᠵᠢᠭ ᠬᠠᠯᠳᠠᠪᠤᠷᠢᠯᠠᠭᠰᠠᠨ ᠮᠠᠯ ᠢ ᠲᠤᠬᠠᠶ ᠶᠢᠨ ᠭᠠᠵᠠᠷ ᠲᠤᠨᠢ ᠠᠯᠠᠵᠤ | ᠤᠰᠠᠳᠬᠠᠬᠤ ᠪᠠ ᠬᠤᠤᠷ ᠥᠬᠡᠶ ᠪᠣᠯᠭᠠᠨ ᠰᠢᠶᠳᠪᠦᠷᠢᠯᠡᠬᠦ ᠵᠢᠴᠢ ᠲᠤᠬᠠᠶ ᠶᠢᠨ ᠭᠠᠵᠠᠷ ᠲᠤᠨᠢ ᠠᠷᠢᠭᠤᠳᠬᠠᠵᠤ᠂ | ᠬᠢᠵᠢᠭ ᠳᠡᠯᠭᠡᠷᠡᠬᠦ ᠶᠢ ᠰᠡᠷᠭᠡᠶᠢᠯᠡᠨ᠎ᠡ᠃ | ︵2︶ ᠪᠷᠦ᠋ᠼᠧᠯ ᠡᠪᠡᠳᠴᠢᠨ ᠤ ︽ᠭᠤᠷᠮᠤᠰᠤᠨ ᠴᠣᠭᠴᠠ︾ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠷᠦ᠋ᠼᠧᠯ ᠡᠪᠡᠳᠴᠢᠨ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠂ | ᠪᠷᠦ᠋ᠼᠧᠯ ᠡᠪᠡᠳᠴᠢᠨ ᠤ ᠵᠢᠱᠢᠶ᠎ᠡ ᠶᠢ ᠢᠯᠡᠷᠡᠭᠦᠯᠦᠭᠰᠡᠨ ᠮᠡᠳᠡᠭᠦᠯᠦᠯᠲᠡ᠂ ᠵᠢᠷᠤᠮᠵᠢᠭᠤᠯᠤᠭᠰᠠᠨ ᠡᠮᠴᠢᠯᠡᠭᠡ ᠪᠠ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ ᠪᠠᠶᠢᠴᠠᠭᠠᠨ ᠰᠢᠶᠳᠪᠦᠷᠢᠯᠡᠬᠦ ᠠᠵᠢᠯ ᠢ | ᠴᠠᠭ ᠲᠤᠬᠠᠶ ᠳᠤᠨᠢ ᠥᠷᠨᠢᠭᠦᠯᠵᠦ᠂ ᠬᠢᠵᠢᠭ ᠤᠨ ᠪᠠᠶᠢᠳᠠᠯ ᠤᠨ ᠳᠡᠯᠭᠡᠷᠡᠬᠦ ᠶᠢ ᠰᠡᠷᠭᠡᠶᠢᠯᠡᠨ᠎ᠡ᠃ ᠠᠶᠤᠯ ᠶᠡᠬᠡᠲᠡᠶ | ᠬᠥᠮᠦᠰ ᠢ ᠰᠢᠭᠰᠢᠨ ᠪᠠᠶᠢᠴᠠᠭᠠᠬᠤ᠂ ᠡᠷᠡᠭᠦᠯ ᠮᠡᠨᠳᠦ ᠶᠢᠨ ᠬᠥᠮᠦᠵᠢᠯ ᠬᠢᠬᠦ ᠪᠠ ᠦᠢᠯᠡ ᠠᠵᠢᠯᠯᠠᠭ᠎ᠠ ᠶᠢ ᠨᠢ | ᠡᠵᠡᠮᠳᠡᠬᠦ ᠶᠢ ᠴᠢᠩᠭᠠᠳᠬᠠᠵᠤ᠂ ᠡᠪᠡᠳᠴᠢᠲᠡᠨ ᠤ ᠴᠠᠭ ᠲᠤᠬᠠᠢ ᠳᠤᠨᠢ ᠡᠪᠡᠳᠴᠢᠨ ᠢᠶᠠᠨ ᠦᠵᠡᠭᠦᠯᠬᠦ ᠶᠢ | ᠳᠡᠭᠡᠭᠰᠢᠯᠡᠭᠦᠯᠵᠦ᠂ ᠣᠨᠣᠰᠢᠯᠠᠨ ᠡᠮᠨᠡᠬᠦ ᠨᠤᠷᠮ᠎ᠠ ᠶᠢ 90 % ᠠᠴᠠ ᠳᠡᠭᠡᠭᠰᠢ ᠳᠤ ᠬᠦᠷᠭᠡᠵᠦ᠂ ᠡᠳᠡᠭᠡᠷᠡᠭᠦᠯᠬᠦ | ᠨᠤᠷᠮ᠎ᠠ ᠶᠢ 80 % ᠠᠴᠠ ᠳᠡᠭᠡᠭᠰᠢ ᠳᠤ ᠬᠦᠷᠭᠡᠵᠦ᠂ ᠤᠳᠠᠭᠠᠨ ᠴᠢᠨᠠᠷᠲᠠᠢ ᠪᠣᠯᠭᠠᠬᠤ ᠨᠤᠷᠮ᠎ᠠ ᠶᠢ 15 % ᠠᠴᠠ | ᠳᠣᠷᠣᠭᠰᠢ ᠬᠢᠵᠠᠭᠠᠷᠯᠠᠨ᠎ᠠ᠃ ᠤᠬᠠᠭᠤᠯᠭ᠎ᠠ ᠬᠥᠮᠦᠵᠢᠯ ᠢ ᠨᠡᠶᠢᠳᠡᠮ ᠬᠡᠷᠡᠭᠵᠢᠭᠦᠯᠵᠦ᠂ ᠦᠢᠯᠡ ᠠᠵᠢᠯᠯᠠᠭ᠎ᠠ ᠶᠢ ᠨᠢ | ᠡᠵᠡᠮᠳᠡᠬᠦ ᠶᠢ ᠪᠠᠷᠤᠭ 30 % ᠠᠴᠠ ᠳᠡᠭᠡᠭᠰᠢᠬᠢ ᠪᠠᠯᠭᠠᠰᠤ ᠰᠢᠶᠠᠩ ᠵᠡᠭᠡᠯᠢ ᠶᠢ ᠭᠤᠤᠯᠳᠠᠯᠭ᠎ᠠ ᠲᠠᠢ ᠬᠠᠮᠤᠷᠴᠤ᠂ | ᠭᠤᠤᠯᠳᠠᠯᠭ᠎ᠠ ᠲᠠᠢ ᠠᠵᠢᠯ ᠮᠡᠷᠭᠡᠵᠢᠯ ᠤᠨ ᠬᠥᠮᠦᠰ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠮᠡᠳᠡᠯᠭᠡ ᠶᠢ | ᠮᠡᠳᠡᠬᠦ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ | ︵3︶ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠳᠦᠷᠢᠮ ᠢ | ᠴᠢᠩᠭᠠᠳᠬᠠᠵᠤ᠂ ᠬᠢᠵᠢᠭ ᠤᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠠᠬᠢᠯᠲᠠ ᠶᠢᠨ ᠮᠡᠳᠡᠭᠡ ᠵᠠᠩᠭᠢ ᠶᠢ ᠴᠠᠭ ᠲᠤᠬᠠᠶ | ᠳᠤᠨᠢ ᠮᠡᠳᠡᠭᠡᠯᠡᠨ᠎ᠡ᠃ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠪᠠᠶᠢᠴᠠᠭᠠᠬᠤ᠂ ᠰᠢᠶᠳᠪᠦᠷᠢᠯᠡᠬᠦ ᠪᠠ ᠬᠥᠮᠦᠰ | ᠢ ᠬᠠᠮᠠᠭᠠᠯᠠᠬᠤ ᠠᠵᠢᠯ ᠢ ᠬᠠᠮᠲᠤᠷᠠᠨ ᠥᠷᠨᠢᠭᠦᠯᠦᠨ᠎ᠡ᠃ | ︵ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠣᠳᠣ ᠪᠠᠶᠢᠬᠤ ᠡᠪᠡᠳᠴᠢᠲᠡᠨ ᠢ ᠠᠪᠤᠷᠠᠨ ᠲᠤᠰᠠᠯᠠᠬᠤ | 1 . ᠣᠳᠣ ᠪᠠᠶᠢᠬᠤ ᠣᠷᠣᠨ ᠨᠤᠲᠤᠭ ᠤᠨ ᠡᠪᠡᠳᠴᠢᠨ ᠲᠠᠢ ᠡᠪᠡᠳᠴᠢᠲᠡᠨ ᠤ ᠵᠢᠱᠢᠶ᠎ᠡ ᠶᠢ ᠲᠣᠳᠣᠯᠠᠨ | ᠵᠠᠰᠠᠬᠤ ᠪᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠰᠠᠶᠢᠲᠤᠷ ᠬᠢᠨ᠎ᠡ | ︵1︶ ᠡᠮ ᠪᠠ ᠮᠡᠰᠡ ᠵᠠᠰᠠᠯ ᠢᠶᠠᠷ ᠠᠪᠤᠷᠠᠨ ᠵᠠᠰᠠᠬᠤ ᠡᠲᠡᠭᠡᠳ᠃ ᠨᠥᠬᠦᠴᠡᠯ ᠳᠤ ᠨᠡᠶᠢᠴᠡᠬᠦ ᠹᠯᠣᠷᠲᠤ | ᠶᠠᠰᠤᠨ ᠤ ᠡᠪᠡᠳᠴᠢᠨ ᠪᠠ ᠬᠥᠮᠦᠨ ᠤ ᠪᠡᠶ᠎ᠡ ᠶᠢᠨ ᠲᠤᠬᠢᠶᠠᠯᠢᠭ ᠬᠠᠯᠠᠭᠤᠨ ᠡᠪᠡᠳᠴᠢᠨ ᠢᠶᠠᠷ ᠨᠤᠲᠠᠯᠠᠭᠰᠠᠨ | ᠡᠪᠡᠳᠴᠢᠨ ᠤ ᠵᠢᠱᠢᠶ᠎ᠡ ᠪᠣᠯᠤᠨ᠎ᠠ᠃ | ︵2︶ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠥᠬᠦᠴᠡᠯ | ᠳᠤ ᠨᠡᠶᠢᠴᠡᠬᠦ ᠣᠷᠣᠨ ᠨᠤᠲᠤᠭ ᠤᠨ ᠡᠪᠡᠳᠴᠢᠲᠡᠨ ᠢ ᠪᠦᠬᠦᠨ ᠢ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ | ᠠᠵᠢᠯᠯᠠᠭᠠᠨ ᠤ ᠲᠥᠯᠥᠪᠯᠡᠭᠡ ᠳᠤ ᠣᠷᠣᠭᠤᠯᠵᠤ᠂ ᠤᠨᠤᠴᠢᠲᠠᠢ ᠪᠠᠷ ᠠᠪᠤᠷᠠᠨ ᠵᠠᠰᠠᠬᠤ ᠶᠢ ᠥᠷᠨᠢᠭᠦᠯᠦᠨ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠵᠡᠷᠭᠡ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ᠂ ᠶᠡᠷᠦᠩᠬᠡᠶᠢᠯᠡᠨ | ᠪᠠᠲᠤᠯᠠᠬᠤ ᠶᠢ ᠬᠡᠷᠡᠭᠵᠢᠭᠦᠯᠵᠦ᠂ ︽ᠨᠢᠭᠡ ᠯᠠ ᠥᠷᠲᠡᠭᠡᠨ ᠤ ᠮᠠᠶ᠋ᠢᠭ︾ ᠢᠶᠠᠷ ᠳ᠋ᠦᠩᠨᠡᠨ ᠪᠤᠳᠤᠬᠤ ᠶᠢ ᠠᠬᠢᠭᠤᠯᠤᠨ᠎ᠠ | ᠃ | ( 3 ) ᠹᠯᠣᠷᠲᠤ ᠶᠠᠰᠤᠨ ᠬᠡᠮ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠮᠪᠠᠢ ᠪᠤᠯᠴᠢᠷᠬᠠᠶ ᠶᠢᠨ | ᠬᠠᠪᠤᠳᠠᠷ ᠵᠡᠷᠭᠡ ᠡᠪᠡᠳᠴᠢᠨ ᠡᠮᠭᠡᠭ ᠲᠤ ᠨᠡᠷᠪᠡᠭᠳᠡᠭᠰᠡᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ | ᠪᠠᠶᠢᠭᠤᠯᠵᠤ᠂ ᠣᠨᠴᠠᠭᠠᠢ ᠬᠡᠷᠡᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠹᠯᠣᠷᠲᠤ ᠶᠠᠰᠤᠨ ᠡᠪᠡᠳᠴᠢᠨ᠂ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠮᠪᠠᠢ ᠪᠤᠯᠴᠢᠷᠬᠠᠶ ᠶᠢᠨ ᠬᠠᠪᠤᠳᠠᠷ ᠪᠠ ᠤᠳᠠᠭᠠᠨ ᠴᠢᠨᠠᠷᠲᠠᠶ | ᠪᠷᠦ᠋ᠼᠧᠯ ᠡᠪᠡᠳᠴᠢᠲᠡᠨ ᠢ ᠵᠢᠯ ᠪᠦᠷᠢ ᠨᠢᠭᠡ ᠤᠳᠠᠭ᠎ᠠ ᠮᠥᠷᠳᠡᠨ ᠰᠤᠷᠪᠤᠯᠵᠢᠯᠠᠵᠤ᠂ ᠲᠦᠷᠭᠡᠨ ᠴᠢᠨᠠᠷᠲᠠᠶ | ᠬᠤᠭᠤᠴᠠᠭᠠᠨ ᠳᠠᠬᠢ ᠪᠷᠦ᠋ᠼᠧᠯ ᠡᠪᠡᠳᠴᠢᠨ ᠲᠠᠢ ᠡᠪᠡᠳᠴᠢᠲᠡᠨ ᠢ ᠬᠠᠭᠠᠰ ᠰᠠᠷ᠎ᠠ ᠪᠦᠷᠢ ᠨᠢᠭᠡ ᠤᠳᠠᠭ᠎ᠠ ᠮᠥᠷᠳᠡᠨ | ᠰᠤᠷᠪᠤᠯᠵᠢᠯᠠᠬᠤ ᠶᠢ ᠬᠡᠷᠡᠭᠵᠢᠭᠦᠯᠦᠨ᠎ᠡ᠃ | ︵ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠤᠯᠤᠭᠠᠶᠢᠯᠠᠨ᠂ ᠲᠤᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠶᠠᠳᠠᠭᠤ ᠶᠢ ᠲᠡᠳᠬᠦᠬᠦ | ᠠᠯᠪᠠᠨ ᠭᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | 2 . ᠣᠳᠣ ᠪᠠᠶᠢᠬᠤ ᠡᠪᠡᠳᠴᠢᠨ ᠲᠠᠢ ᠬᠥᠮᠦᠨ ᠢ ᠶᠡᠷᠦᠩᠬᠡᠶᠢᠯᠡᠨ ᠬᠠᠪᠰᠤᠷᠤᠨ ᠲᠡᠳᠬᠦᠬᠦ ᠠᠵᠢᠯ ᠢ | ᠦᠷᠨᠢᠭᠦᠯᠦᠨ᠎ᠡ | ( 1 ) ᠹᠯᠣᠷᠲᠤ ᠶᠠᠰᠤᠨ ᠤ ᠬᠡᠮ᠂ ᠪᠷᠦ᠋ᠼᠧᠯ ᠡᠪᠡᠳᠴᠢᠨ ᠲᠠᠢ ᠡᠪᠡᠳᠴᠢᠲᠡᠨ ᠢ ᠵᠡᠮᠳᠡᠭ ᠪᠣᠯᠬᠤ ᠡᠰᠡᠬᠦ ᠶᠢ | ᠦᠨᠡᠯᠡᠨ ᠲᠣᠭᠲᠠᠭᠠᠬᠤ ᠠᠵᠢᠯ ᠢ ᠥᠷᠨᠢᠭᠦᠯᠵᠦ᠂ ᠪᠠᠷᠢᠮᠵᠢᠶ᠎ᠠ ᠳᠤ ᠨᠡᠶᠢᠴᠡᠭᠰᠡᠨ ᠡᠪᠡᠳᠴᠢᠲᠡᠨ ᠢ ᠵᠡᠮᠳᠡᠭᠴᠦᠳ ᠤᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ | ︵2︶ ᠨᠥᠬᠦᠴᠡᠯ ᠳᠤ ᠨᠡᠶᠢᠴᠡᠬᠦ ᠡᠪᠡᠳᠴᠢᠲᠡᠨ ᠤ ᠭᠡᠷ ᠪᠦᠯᠢ ᠶᠢ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ | ︵3︶ ᠣᠳᠣ ᠪᠠᠶᠢᠭ᠎ᠠ ᠡᠪᠡᠳᠴᠢᠲᠡᠨ ᠤ ᠭᠡᠷ ᠪᠦᠯᠢ ᠳᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ | ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠡᠷᠭᠡ | ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠠᠯᠬᠤᠴᠠ | ᠶᠢ ᠲᠦᠷᠭᠡᠳᠬᠡᠨ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ᠂ ᠡᠪᠡᠳᠴᠢᠨ ᠠᠴᠠ ᠪᠣᠯᠵᠤ ᠶᠠᠳᠠᠭᠤᠷᠠᠬᠤ ᠶᠢ | ᠬᠤᠷᠢᠭᠯᠠᠨ ᠵᠣᠭᠰᠣᠭᠠᠨ᠎ᠠ᠃ | ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠤᠯᠤᠭᠠᠶᠢᠯᠠᠵᠤ᠂ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠵᠡᠮᠳᠡᠭᠴᠦᠳ ᠤᠨ ᠬᠤᠯᠪᠣᠭ᠎ᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠬᠢᠨᠠᠨ ᠬᠡᠮᠵᠢᠵᠦ ᠦᠨᠡᠯᠡᠬᠦ ᠶᠢ ᠨᠡᠶᠢᠳᠡᠮ ᠬᠡᠷᠡᠭᠵᠢᠭᠦᠯᠦᠨ᠎ᠡ | 1 . ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠥᠷᠨᠢᠭᠦᠯᠵᠦ᠂ ᠬᠢᠨᠠᠨ ᠬᠡᠮᠵᠢᠯᠲᠡ ᠶᠢ ᠨᠡᠶᠢᠳᠡᠮ | ᠪᠦᠷᠬᠦᠭᠦᠯᠬᠦ ᠶᠢ ᠪᠡᠶᠡᠯᠡᠭᠦᠯᠦᠨ᠎ᠡ᠃ ᠢᠣᠳ᠋ ᠳᠤᠲᠠᠭᠳᠠᠬᠤ ᠡᠪᠡᠳᠴᠢᠨ᠂ ᠤᠰᠤ ᠤᠤᠭᠤᠬᠤ ᠬᠡᠯᠪᠡᠷᠢ ᠶᠢᠨ ᠹᠯᠣᠷ ᠲᠤ | ᠬᠤᠣᠷᠳᠠᠭᠳᠠᠬᠤ᠂ ᠪᠷᠦ᠋ᠼᠧᠯ ᠡᠪᠡᠳᠴᠢᠨ ᠪᠠ ᠬᠤᠯᠤᠭᠠᠨ᠎ᠠ ᠶᠢᠨ ᠡᠪᠡᠳᠴᠢᠨ ᠢ ᠬᠢᠨᠠᠨ ᠬᠡᠮᠵᠢᠬᠦ ᠠᠵᠢᠯ ᠢ | ᠥᠷᠨᠢᠭᠦᠯᠦᠨ᠎ᠡ᠃ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢ ᠵᠢᠯ ᠪᠦᠷᠢ ᠲᠤᠭᠤᠷᠢᠭ ᠤᠨ ᠵᠠᠰᠠᠭ ᠣᠨ ᠣᠷᠳᠣᠨ ᠳᠤ | ᠮᠡᠳᠡᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠠᠴᠠ ᠬᠢᠨᠠᠨ ᠬᠡᠮᠵᠢᠯᠲᠡ ᠶᠢᠨ ᠮᠡᠳᠡᠭᠦᠯᠦᠯᠲᠡ ᠳᠤ | ᠲᠤᠰᠬᠠᠭᠰᠠᠨ ᠠᠰᠠᠭᠤᠳᠠᠯ ᠢ ᠦᠨᠳᠦᠰᠦᠯᠡᠨ ᠴᠠᠭ ᠲᠤᠬᠠᠶ ᠳᠤᠨᠢ ᠪᠦᠲᠦᠮᠵᠢᠲᠡᠶ ᠡᠵᠡᠮᠳᠡᠬᠦ ᠠᠷᠭ᠎ᠠ ᠬᠡᠮᠵᠢᠶ᠎ᠡ | ᠠᠪᠤᠨ᠎ᠠ᠃ | 2᠂ ᠬᠢᠵᠠᠭᠠᠷᠯᠠᠬᠤ ᠪᠠ ᠠᠷᠢᠯᠭᠠᠬᠤ ᠦᠨᠡᠯᠡᠯᠲᠡ ᠬᠢᠨ᠎ᠡ᠃ ︽ᠭᠤᠤᠯᠳᠠᠯᠭ᠎ᠠ ᠲᠠᠢ ᠣᠷᠣᠨ ᠨᠤᠲᠤᠭ ᠤᠨ | ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ ᠦᠨᠡᠯᠡᠯᠲᠡ ᠶᠢᠨ ᠠᠷᠭ᠎ᠠ︾ ᠪᠠ ︽ᠤᠯᠤᠰ ᠤᠨ ᠪᠷᠦ᠋ᠼᠧᠯ ᠪᠠᠺᠲ᠋ᠧᠷᠢ | ᠶᠢᠨ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠯᠡᠭᠡ ︵2016 — 2020 ᠣᠨ︶︾ ᠶᠢᠨ ᠱᠠᠭᠠᠷᠳᠠᠯᠭ᠎ᠠ | ᠶᠣᠰᠣᠭᠠᠷ᠂ 2020 ᠣᠨ ᠤ ᠰᠡᠭᠦᠯᠴᠢ ᠠᠴᠠ ᠡᠮᠦᠨ᠎ᠡ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠬᠤ ᠪᠠ | ᠠᠷᠢᠯᠭᠠᠬᠤ ᠦᠨᠡᠯᠡᠯᠲᠡ ᠶᠢᠨ ᠠᠵᠢᠯ ᠢ ᠪᠡᠶᠡᠯᠡᠭᠦᠯᠦᠨ᠎ᠡ᠃ | ︵ ᠲᠤᠭᠤᠷᠢᠭ ᠤᠨᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ᠂ ᠣᠰᠣᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ | ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | ( ᠳᠥᠷᠪᠡ ) ᠤᠯᠠᠨ ᠲᠦᠮᠡᠨ ᠤ ᠡᠪᠡᠳᠴᠢᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ | 1 . ᠡᠷᠬᠡ ᠰᠦᠷᠲᠦ ᠴᠢᠨᠠᠷᠲᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠢ ᠨᠡᠭᠡᠭᠡᠨ | ᠬᠥᠭᠵᠢᠭᠦᠯᠵᠦ᠂ ᠬᠠᠮ ᠵᠠᠭᠤᠴᠢᠯᠠᠭᠤᠷ ᠤᠨ ᠲᠠᠪᠴᠠᠩ ᠢ ᠪᠠᠶᠢᠭᠤᠯᠤᠨ᠎ᠠ᠃ ᠲᠤᠰᠬᠠᠶ ᠮᠡᠷᠭᠡᠵᠢᠯ ᠤᠨ ᠪᠠᠶᠢᠭᠤᠯᠤᠮᠵᠢ | ᠶᠢᠨ ᠣᠷᠣᠨ ᠲᠤᠭ᠎ᠠ ᠶᠢ ᠵᠣᠬᠢᠶᠠᠨ ᠪᠠᠶᠢᠭᠤᠯᠤᠨ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠭᠤᠤᠯᠯᠠᠬᠤ ᠮᠡᠳᠡᠭᠡ ᠵᠠᠩᠭᠢ ᠶᠢ ᠨᠡᠶᠢᠲᠡᠯᠡᠵᠦ᠂ ᠨᠢᠭᠡ ᠪᠦᠯᠦᠭ ᠣᠷᠣᠨ ᠨᠤᠲᠤᠭ | ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠤᠩᠰᠢᠬᠤ ᠪᠢᠴᠢᠭ ᠢ ᠬᠡᠪᠯᠡᠭᠦᠯᠬᠦ ᠪᠠ ᠲᠠᠨᠢᠯᠴᠠᠭᠤᠯᠵᠤ᠂ ᠡᠷᠬᠡ ᠰᠦᠷᠲᠦ ᠴᠢᠨᠠᠷ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠴᠢᠨᠠᠷ᠂ ᠰᠣᠨᠢᠷᠬᠠᠯᠲᠤ ᠴᠢᠨᠠᠷ ᠢ ᠳᠣᠪᠣᠶᠢᠯᠭᠠᠨ᠎ᠠ᠃ | 2 . ᠣᠯᠠᠨ ᠬᠡᠯᠪᠡᠷᠢ ᠶᠢᠨ ᠡᠷᠡᠭᠦᠯ ᠮᠡᠨᠳᠦ ᠶᠢᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠠᠬᠢᠭᠤᠯᠤᠯ ᠢ ᠴᠢᠩᠭᠠᠳᠬᠠᠨ᠎ᠠ᠃ ᠷᠠᠳᠢᠣ᠋ ᠨᠡᠪᠲᠡᠷᠡᠭᠦᠯᠭᠡ᠂ | ᠲᠧᠯᠸᠢᠰ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠵᠢᠴᠢ ᠪᠢᠴᠢᠯ ᠪᠯᠤᠭ᠂ ᠸᠢᠴᠠᠲ ᠵᠡᠷᠭᠡ ᠰᠢᠨ᠎ᠡ | ᠵᠠᠭᠤᠴᠢᠯᠠᠭᠤᠷ ᠢ ᠬᠡᠷᠡᠭᠯᠡᠨ᠂ ᠠᠷᠠᠳ ᠣᠯᠠᠨ ᠤ ᠦᠵᠡᠵᠦ ᠰᠣᠨᠣᠰᠬᠤ ᠳᠤᠷᠠᠲᠠᠶ ᠦᠭᠡ ᠶᠠᠷᠢᠶ᠎ᠠ ᠪᠠ ᠠᠷᠭ᠎ᠠ ᠮᠠᠶ᠋ᠢᠭ | ᠢ ᠬᠡᠷᠡᠭᠯᠡᠵᠦ᠂ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ | ᠮᠡᠳᠡᠯᠭᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠦᠨ᠎ᠡ᠃ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ ᠮᠡᠳᠡᠯᠭᠡ ᠶᠢ ᠰᠤᠷᠭᠠᠭᠤᠯᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠡᠢᠭᠡᠮ | ᠲᠣᠭᠤᠷᠢᠭ ᠵᠡᠷᠭᠡ ᠡᠷᠡᠭᠦᠯ ᠮᠡᠨᠳᠦ ᠶᠢᠨ ᠬᠥᠮᠦᠵᠢᠯ ᠤᠨ ᠠᠭᠤᠯᠭ᠎ᠠ ᠳᠤ ᠣᠷᠣᠭᠤᠯᠵᠤ᠂ 《 8 . 25 》 ᠤ | ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ᠂ 《 5. 15 》 ᠤ ᠢᠣᠳ᠋ ᠳᠤᠲᠠᠭᠳᠠᠬᠤ ᠡᠳᠦᠷ ᠢ | ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠬᠢᠵᠦ᠂ ᠠᠷᠠᠳ ᠣᠯᠠᠨ ᠢ ᠦᠷᠭᠦᠯᠵᠢᠯᠡᠨ | ᠬᠥᠲᠥᠯᠥᠨ ᠵᠢᠯᠣᠭᠤᠳᠴᠤ ᠪᠠᠶᠢᠭᠠᠳ ᠵᠥᠪ ᠡᠷᠡᠭᠦᠯ ᠮᠡᠨᠳᠦ ᠶᠢᠨ ᠦᠵᠡᠯᠲᠡ ᠶᠢ ᠨᠢ ᠪᠣᠶ ᠪᠤᠯᠭᠠᠨ᠂ ᠲᠡᠭᠦᠨ ᠢ | ᠲᠠᠨᠢᠨ ᠮᠡᠳᠡᠬᠦ ᠪᠠᠨ ᠳᠡᠭᠡᠭᠰᠢᠯᠡᠭᠦᠯᠬᠦ ᠠᠴᠠ ᠣᠪᠣᠷ ᠢᠶᠠᠨ ᠬᠤᠪᠢᠷᠠᠭᠤᠯᠬᠤ ᠬᠦᠷᠲᠡᠯ᠎ᠡ ᠳᠠᠬᠢᠨ ᠰᠠᠨᠠᠭᠠᠴᠢᠯᠠᠭᠠᠲᠤ | ᠦᠢᠯᠡᠳᠦᠯᠭᠡ ᠬᠢᠬᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠡᠷᠡᠭᠦᠯ ᠰᠠᠢᠬᠠᠨ ᠦᠢᠯᠡᠳᠪᠦᠷᠢᠯᠡᠯ᠂ ᠠᠮᠢᠳᠤᠷᠠᠯ | ᠤᠨ ᠠᠷᠭ᠎ᠠ ᠮᠠᠶ᠋ᠢᠭ ᠢ ᠪᠣᠶ ᠪᠣᠯᠭᠠᠵᠤ᠂ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ 《 | ᠡᠴᠦᠰ ᠤᠨ ᠨᠢᠭᠡ ᠺᠢᠯᠣᠮᠧᠲᠷ 》 ᠤᠨ ᠠᠰᠠᠭᠤᠳᠠᠯ ᠢ ᠰᠢᠢᠳᠪᠦᠷᠢᠯᠡᠵᠦ᠂ ᠣᠷᠣᠨ ᠨᠤᠲᠤᠭ ᠤᠨ ᠡᠪᠡᠳᠴᠢᠨ᠂ | ᠠᠮᠢᠲᠠᠨ ᠤ ᠬᠢᠵᠢᠭ ᠡᠪᠡᠳᠴᠢᠨ ᠡᠭᠦᠰᠬᠦ ᠶᠢ ᠪᠦᠲᠦᠮᠵᠢᠲᠡᠶ ᠪᠠᠷ ᠪᠠᠭᠠᠰᠬᠠᠨ᠎ᠠ᠃ | ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ ᠤᠨ ᠨᠠᠮ | ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶ | ( ᠲᠠᠪᠤ ) ᠰᠡᠷᠭᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ | 1 . ᠲᠤᠭᠤᠷᠢᠭ ᠤᠨ ᠳᠡᠰ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠲᠤᠭᠤᠷᠢᠭ ᠤᠨ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ | ᠲᠤᠭᠤᠷᠢᠭ ᠤᠨ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ᠎ᠠ᠃ | 2 . ᠰᠡᠷᠭᠡᠶᠢᠯᠡᠨ ᠵᠠᠰᠠᠬᠤ ᠡᠩᠨᠡᠭᠡ ᠶᠢ ᠲᠣᠭᠲᠠᠪᠤᠷᠢᠵᠢᠭᠤᠯᠵᠤ᠂ ᠰᠡᠷᠭᠡᠶᠢᠯᠡᠨ ᠵᠠᠰᠠᠬᠤ ᠬᠦᠴᠦᠨ ᠬᠦᠷᠦᠯᠴᠡᠬᠦ | ᠥᠬᠡᠶ ᠪᠠᠶᠢᠭ᠎ᠠ ᠠᠰᠠᠭᠤᠳᠠᠯ ᠢ ᠣᠯᠠᠨ ᠠᠷᠭ᠎ᠠ ᠵᠠᠮ ᠢᠶᠠᠷ ᠰᠢᠶᠳᠪᠦᠷᠢᠯᠡᠨ᠎ᠡ᠃ ᠰᠡᠷᠭᠡᠶᠢᠯᠡᠨ ᠵᠠᠰᠠᠬᠤ ᠠᠵᠢᠯ ᠤᠨ | ᠡᠭᠦᠷᠭᠡ ᠶᠢᠨ ᠬᠡᠷᠡᠭᠴᠡᠭᠡ ᠶᠢ ᠦᠨᠳᠦᠰᠦᠯᠡᠨ᠂ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠡᠷᠭᠡᠶᠢᠯᠡᠨ ᠵᠠᠰᠠᠬᠤ | ᠠᠵᠢᠯᠲᠠᠨ ᠤ ᠰᠢᠨᠡᠳᠬᠡᠨ ᠰᠣᠯᠢᠭᠳᠠᠬᠤ ᠶᠢ ᠦᠨᠡᠨᠬᠦ ᠪᠠᠲᠤᠯᠠᠵᠤ᠂ ᠴᠢᠳᠠᠪᠤᠷᠢᠲᠠᠨ ᠤ ᠰᠢᠨ᠎ᠡ ᠬᠠᠭᠤᠴᠢᠨ ᠵᠠᠯᠭᠠᠵᠤ | ᠳᠡᠶᠢᠯᠭᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠲᠤᠰᠬᠠᠶ ᠮᠡᠷᠭᠡᠵᠢᠯ ᠤᠨ ᠠᠵᠢᠯᠲᠠᠨ ᠤ ᠴᠠᠯᠢᠩ | ᠣᠯᠭᠤᠮᠵᠢ ᠪᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠪᠠᠲᠤᠯᠠᠵᠤ᠂ ᠲᠤᠬᠠᠶ ᠶᠢᠨ ᠲᠠᠯᠠᠪᠤᠷ ᠤᠨ ᠠᠵᠢᠯ ᠤᠨ | ᠨᠥᠬᠦᠪᠥᠷᠢ ᠶᠢ ᠨᠡᠮᠡᠭᠳᠡᠭᠦᠯᠦᠨ᠎ᠡ᠃ ᠰᠡᠷᠭᠡᠶᠢᠯᠡᠨ ᠵᠠᠰᠠᠭ ᠠᠵᠢᠯᠲᠠᠨ ᠤ ᠮᠡᠷᠭᠡᠵᠢᠯ ᠤᠨ ᠴᠣᠯᠠ ᠢ ᠳᠡᠪᠰᠢᠭᠦᠯᠬᠦ | ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠡᠯᠪᠡᠶᠢᠯᠭᠡᠵᠦ᠂ ᠳᠡᠪᠰᠢᠬᠦ ᠨᠥᠬᠦᠴᠡᠯ ᠢ ᠵᠣᠬᠢᠰᠲᠠᠢ | ᠪᠠᠭᠤᠷᠠᠭᠤᠯᠤᠨ᠂ ᠡᠮᠦᠨ᠎ᠡ ᠹᠷᠣᠨᠲ ᠳᠤ ᠤᠷᠳᠤ ᠬᠤᠭᠤᠴᠠᠭ᠎ᠠ ᠪᠠᠷ ᠠᠵᠢᠭᠯᠠᠭᠰᠠᠨ ᠬᠥᠮᠦᠰ ᠢ ᠡᠩ ᠲᠡᠷᠢᠭᠦᠨ ᠳᠤ | ᠮᠡᠷᠭᠡᠵᠢᠯ ᠤᠨ ᠴᠣᠯᠠ ᠳᠡᠪᠰᠢᠭᠦᠯᠬᠦ ᠬᠡᠷᠡᠭᠲᠡᠢ᠃ | ︵ ᠲᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠲᠤᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠣᠷᠣᠨ ᠨᠤᠲᠤᠭ ᠤᠨ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠠᠵᠢᠯ ᠢ ᠵᠠᠰᠠᠭ ᠤᠨ ᠣᠷᠳᠣᠨ ᠤ ᠡᠳᠦᠷ ᠲᠣᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ | ᠂ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠬᠤᠷᠠᠯ ᠬᠤᠷᠠᠯᠳᠤᠭᠤᠯᠤᠨ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ | ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠶᠳᠪᠦᠷᠢᠯᠡᠨ᠎ᠡ᠃ ᠣᠷᠣᠨ ᠨᠤᠲᠤᠭ ᠤᠨ ᠡᠪᠡᠳᠴᠢᠨ | ᠡᠮᠭᠡᠭ ᠢ ᠰᠡᠷᠭᠡᠶᠢᠯᠡᠨ ᠵᠠᠰᠠᠬᠤ ᠠᠵᠢᠯ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠴᠢᠬᠤᠯᠠ | ᠠᠭᠤᠯᠭ᠎ᠠ ᠵᠢᠴᠢ ᠵᠠᠰᠠᠭ ᠤᠨ ᠣᠷᠳᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠰᠢᠪᠠᠳᠠᠨ ᠪᠠᠶᠢᠴᠠᠭᠠᠬᠤ | ᠠᠭᠤᠯᠭ᠎ᠠ ᠳᠤ ᠣᠷᠣᠭᠤᠯᠤᠨ᠎ᠠ᠃ ᠲᠤᠰ ᠲᠥᠰᠦᠯ ᠳᠤ ᠲᠣᠭᠲᠠᠭᠠᠭᠰᠠᠨ ᠡᠭᠦᠷᠭᠡ ᠠᠷᠭ᠎ᠠ ᠬᠡᠮᠵᠢᠶ᠎ᠡ ᠶᠢ ᠬᠢᠨᠠᠮᠠᠭᠠᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠬᠢᠭᠡᠳ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ | ᠤᠨ ᠡᠬᠡ ᠳᠠᠩᠰᠠ ᠪᠠᠶᠢᠭᠤᠯᠤᠨ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠨᠢᠭᠲᠠ ᠬᠠᠮᠵᠢᠯᠴᠠᠨ᠂ | ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | ︵ᠬᠤᠶᠠᠷ︶ ᠵᠠᠷᠤᠳᠠᠯ ᠤᠨ ᠪᠠᠲᠤᠯᠠᠭ᠎ᠠ᠃ ᠰᠡᠷᠭᠡᠶᠢᠯᠡᠨ ᠵᠠᠰᠠᠬᠤ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ | ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠭ ᠵᠠᠷᠤᠳᠠᠯ ᠢ ᠪᠠᠲᠤᠯᠠᠬᠤ ᠶᠢᠨ ᠬᠠᠮᠲᠤ ᠪᠡᠯᠡ ᠮᠥᠩᠭᠦ ᠶᠢᠨ | ᠬᠤᠪᠢᠶᠠᠷᠢᠯᠠᠯᠲᠠ ᠢ ᠰᠡᠷᠭᠡᠶᠢᠯᠡᠨ ᠵᠠᠰᠠᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠲᠠᠢ ᠬᠤᠯᠪᠣᠭᠳᠠᠭᠤᠯᠬᠤ | ᠲᠣᠭᠲᠠᠴᠠ ᠶᠢ ᠪᠠᠶᠢᠭᠤᠯᠵᠤ᠂ ᠣᠷᠣᠨ ᠨᠤᠲᠤᠭ ᠤᠨ ᠡᠪᠡᠳᠴᠢᠲᠡᠨ ᠲᠣᠭᠲᠠᠭᠠᠯ ᠶᠣᠰᠣᠭᠠᠷ ᠦᠨᠳᠦᠰᠦᠨ ᠡᠮᠨᠡᠯᠭᠡ | ᠶᠢᠨ ᠳᠠᠭᠠᠳᠬᠠᠯ ᠳᠤ ᠣᠷᠣᠯᠴᠠᠬᠤ ᠶᠢᠨ ᠬᠠᠮᠲᠤ ᠬᠤᠯᠪᠣᠭᠳᠠᠯ ᠪᠦᠬᠦᠢ ᠡᠮᠨᠡᠯᠭᠡ ᠶᠢᠨ ᠪᠠᠲᠤᠯᠠᠭ᠎ᠠ ᠶᠢᠨ ᠳᠠᠩᠰᠠ | ᠴᠠᠶᠢᠷᠠᠭᠤᠯᠬᠤ ᠲᠥᠷᠥ ᠶᠢᠨ ᠪᠣᠳᠣᠯᠭ᠎ᠠ ᠶᠢ ᠬᠦᠷᠲᠡᠨ᠎ᠡ᠃ ᠨᠥᠬᠦᠴᠡᠯ ᠳᠤ ᠨᠡᠶᠢᠴᠡᠬᠦ ᠬᠦᠴᠢᠷᠳᠡᠯᠲᠡᠢ | ᠡᠪᠡᠳᠴᠢᠲᠡᠨ ᠢ ᠲᠣᠭᠲᠠᠭᠠᠯ ᠶᠣᠰᠣᠭᠠᠷ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠡᠪᠴᠢᠶᠡᠨ ᠳᠤ ᠣᠷᠣᠭᠤᠯᠵᠤ᠂ | ᠡᠪᠡᠳᠴᠢᠲᠡᠨ ᠤ ᠡᠮᠴᠢᠯᠡᠭᠡᠨ ᠤ ᠵᠠᠷᠤᠳᠠᠯ ᠪᠣᠯᠤᠨ ᠦᠨᠳᠦᠰᠦᠨ ᠠᠮᠢᠳᠤᠷᠠᠯ ᠤᠨ ᠳᠠᠷᠤᠭᠠᠰᠤ ᠶᠢ ᠦᠨᠡᠨᠬᠦ | ᠬᠥᠩᠭᠡᠷᠡᠭᠦᠯᠦᠨ᠎ᠡ᠃ | ᠵᠢᠷᠭᠤᠭ᠎ᠠ᠂ ᠰᠢᠯᠭᠠᠨ ᠬᠢᠨᠠᠵᠤ ᠦᠨᠡᠯᠡᠨ ᠵᠢᠱᠢᠬᠦ | ᠲᠤᠭᠤᠷᠢᠭ ᠤᠨᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠠᠵᠢᠯᠯᠠᠭ᠎ᠠ ᠶᠢᠨ ᠲᠥᠰᠦᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ | ᠬᠤᠭᠤᠴᠠᠭ᠎ᠠ ᠲᠠᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠢᠨᠠᠨ ᠰᠢᠯᠭᠠᠬᠤ ᠳᠠᠭᠠᠨ ᠴᠢᠨᠠᠷ | ᠲᠣᠭᠲᠠᠭᠠᠬᠤ ᠪᠠ ᠬᠡᠮᠵᠢᠶ᠎ᠡ ᠲᠣᠭᠲᠠᠭᠠᠬᠤ᠂ ᠡᠩ ᠤᠨ ᠦᠶ᠎ᠡ ᠳᠤ ᠬᠢᠨᠠᠨ ᠬᠡᠮᠵᠢᠬᠦ᠂ ᠬᠠᠭᠠᠰ ᠵᠢᠯ ᠳᠤ ᠬᠢᠨᠠᠨ | ᠪᠠᠶᠢᠴᠠᠭᠠᠬᠤ᠂ ᠵᠢᠯ ᠤᠨ ᠡᠴᠦᠰ ᠤᠨ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢ ᠠᠪᠴᠤ᠂ ᠠᠵᠢᠯ ᠤᠨ | ᠠᠭᠤᠯᠭ᠎ᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠨ᠎ᠡ᠃ | | |