ᠶᠤᠸᠠᠨ ᠪᠤᠤ ᠱᠠᠨ ᠲᠣᠭᠤᠷᠢᠭ  ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠶᠯ ᠤᠨ ᠭᠤᠷᠪᠠᠨ ᠵᠢᠯ ᠤᠨ  ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶ ᠢ ᠳᠠᠷᠤᠮᠠᠯᠯᠠᠨ  ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019/6/25
 ᠶᠤᠸᠠᠨ ᠪᠤᠤ ᠱᠠᠨ ᠲᠣᠭᠤᠷᠢᠭ  ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠶᠯ  ᠤᠨ ᠭᠤᠷᠪᠠᠨ ᠵᠢᠯ ᠤᠨ  ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶ ᠢ ᠳᠠᠷᠤᠮᠠᠯᠯᠠᠨ  ᠲᠠᠷᠬᠠᠭᠠᠬᠤ ᠲᠤᠬᠠᠢ ᠮᠡᠳᠡᠭᠳᠡᠯ    ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ    ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ  ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄    ︽ ᠶᠤᠸᠠᠨ ᠪᠤᠤ ᠱᠠᠨ ᠲᠣᠭᠤᠷᠢᠭ  ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠶᠯ ᠤᠨ ᠭᠤᠷᠪᠠᠨ ᠵᠢᠯ ᠤᠨ  ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶︾ ᠢ  ᠲᠤᠭᠤᠷᠢᠭ ᠤᠨ ᠵᠠᠰᠠᠭ  ᠤᠨ ᠣᠷᠳᠣᠨ ᠠᠴᠠ ᠨᠢᠭᠡᠨᠲᠡ ᠵᠥᠪᠰᠢᠶᠡᠷᠡᠪᠡ᠂ ᠡᠳᠦᠭᠡ  ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                        2019 ᠣᠨ ᠤ  6 ᠰᠠᠷ᠎ᠠ ᠶᠢᠨ 11 ᠤ ᠡᠳᠦᠷ ᠶᠤᠸᠠᠨ ᠪᠤᠤ ᠱᠠᠨ ᠲᠣᠭᠤᠷᠢᠭ  ᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠶᠯ  ᠤᠨ ᠭᠤᠷᠪᠠᠨ ᠵᠢᠯ ᠤᠨ  ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶       ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 10 ᠰᠠᠯᠠᠭ᠎ᠠ ᠮᠥᠴᠢᠷ  ᠠᠴᠠ ᠬᠠᠮᠲᠤᠷᠠᠨ  ᠲᠠᠷᠬᠠᠭᠠᠭᠰᠠᠨ ︽ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠲᠥᠷᠥᠯ ᠤᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠦᠯ ︵2018 — 2020︶︾ ︵ᠤᠯᠠᠭᠠᠨᠬᠠᠳᠠ ᠡᠷᠡᠭᠦᠯ ᠬᠠᠮᠠᠭᠠᠯᠠᠯ ᠥᠰᠥᠭ ﹇2019﹈ 15 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ  ᠨᠠᠶᠢᠳᠠᠪᠤᠷᠢᠵᠢᠭᠤᠯᠵᠤ᠂ ᠮᠠᠨ ᠤ  ᠲᠤᠭᠤᠷᠢᠭ ᠤᠨ ᠣᠳᠣᠬᠠᠨ ᠤ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠣᠷᠣᠰᠢᠵᠤ  ᠪᠠᠶᠢᠭ᠎ᠠ ᠭᠤᠤᠯᠳᠠᠯᠭ᠎ᠠ ᠲᠠᠢ ᠲᠦᠪᠡᠭᠲᠡᠶ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ ᠬᠠᠷᠠᠯᠲᠠ ᠶᠢ ᠪᠡᠶᠡᠯᠡᠭᠦᠯᠬᠦ  ᠶᠢᠨ ᠲᠥᠯᠥᠭᠡ᠂ ᠲᠤᠰ ᠲᠥᠰᠦᠯ ᠢ  ᠣᠨᠴᠠᠭᠠᠶᠢᠯᠠᠨ ᠲᠣᠭᠲᠠᠭᠠᠪᠠ᠃       ᠨᠢᠭᠡ᠂ ᠦᠨᠳᠦᠰᠦᠨ ᠪᠠᠶᠢᠳᠠᠯ       ᠤᠯᠠᠨ ᠵᠢᠯ ᠤᠨ ᠲᠤᠷᠰᠢ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠡᠯ᠎ᠡ ᠰᠠᠯᠠᠭ᠎ᠠ ᠮᠥᠴᠢᠷ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠴᠤ᠂  ᠨᠡᠶᠢᠭᠡᠮ ᠳᠠᠶᠠᠭᠠᠷ ᠥᠷᠭᠡᠨ ᠢᠶᠠᠷ ᠣᠷᠣᠯᠴᠠᠵᠤ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠮᠠᠨ ᠤ  ᠲᠤᠭᠤᠷᠢᠭ ᠤᠨ ᠣᠷᠣᠨ ᠨᠤᠲᠤᠭ ᠤᠨ ᠡᠪᠡᠳᠴᠢᠨ ᠳᠡᠯᠭᠡᠷᠡᠬᠦ ᠬᠠᠨᠳᠤᠰᠢ ᠶᠢ ᠪᠦᠲᠦᠮᠵᠢᠲᠡᠢ ᠬᠢᠵᠠᠭᠠᠷᠯᠠᠪᠠ᠃  ᠲᠤᠭᠤᠷᠢᠭ  ᠪᠠᠶᠢᠭᠤᠯᠤᠭᠰᠠᠨ ᠠᠴᠠ ᠣᠳᠣ ᠪᠣᠯᠲᠠᠯ᠎ᠠ᠂ ᠤᠤᠭᠤᠬᠤ ᠤᠰᠤᠨ ᠤ ᠬᠡᠯᠪᠡᠷᠢ ᠶᠢᠨ ᠹᠯᠣᠷ ᠲᠤ ᠬᠤᠣᠷᠳᠠᠭᠳᠠᠭᠰᠠᠨ ᠡᠪᠡᠳᠴᠢᠨ ᠤ ᠣᠷᠣᠨ ᠤ ᠪᠠᠶᠢᠭᠠᠯᠢ ᠶᠢᠨ ᠲᠣᠰᠬᠤᠨ ᠤ ᠶᠡᠬᠡᠩᠬᠢ ᠨᠢ ᠤᠰᠤ ᠥᠭᠡᠷᠡᠴᠢᠯᠡᠬᠦ ᠠᠵᠢᠯ ᠢ ᠪᠡᠶᠡᠯᠡᠭᠦᠯᠵᠦ᠂ ᠬᠥᠮᠦᠨ ᠬᠤᠭᠤᠷᠤᠨᠳᠤ ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ  ᠪᠠᠶᠢᠳᠠᠯ ᠭᠠᠷᠤᠭᠰᠠᠨ ᠥᠬᠡᠶ᠂ ᠲᠤᠬᠢᠶᠠᠯᠢᠭ ᠬᠠᠯᠠᠭᠤᠨ ᠡᠪᠡᠳᠴᠢᠨ ᠤ  ᠪᠠᠶᠢᠳᠠᠯ ᠢᠯᠡᠳᠲᠡ ᠪᠠᠭᠤᠷᠠᠵᠤ᠂ ᠬᠥᠮᠦᠨ ᠤ  ᠬᠤᠭᠤᠷᠤᠨᠳᠤᠬᠢ ᠲᠤᠬᠢᠶᠠᠯᠢᠭ ᠬᠠᠯᠠᠭᠤᠨ ᠬᠢᠵᠢᠭ ᠤᠨ  ᠪᠠᠶᠢᠳᠠᠯ ᠦᠷᠭᠦᠯᠵᠢᠯᠡᠨ ᠪᠠᠭᠤᠷᠠᠪᠠ᠃ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠪᠣᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠠᠰᠠᠭᠤᠳᠠᠯ ᠪᠣᠯᠬᠤ ᠪᠠᠷ ᠪᠠᠷᠠᠬᠤ ᠥᠬᠡᠶ ᠪᠠᠰᠠ ᠴᠤ ᠠᠷᠠᠳ  ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠮᠥᠨ᠂ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠣᠯ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃      ᠬᠤᠶᠠᠷ᠂ ᠦᠨᠳᠦᠰᠦᠨ ᠵᠠᠷᠴᠢᠮ      ( ᠨᠢᠭᠡ ) ᠵᠠᠰᠠᠭ  ᠤᠨ ᠣᠷᠳᠣᠨ ᠤᠳᠤᠷᠢᠳᠴᠤ᠂ ᠰᠠᠯᠠᠭ᠎ᠠ ᠮᠥᠴᠢᠷ  ᠤᠳ ᠬᠠᠮᠵᠢᠯᠴᠠᠨ᠎ᠠ᠃ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠮᠠᠨ ᠤ  ᠲᠤᠭᠤᠷᠢᠭ ᠤᠨ ᠠᠵᠤ ᠠᠬᠤᠶ  ᠨᠡᠶᠢᠭᠡᠮ ᠤᠨ ᠬᠥᠭᠵᠢᠯᠲᠡ ᠶᠢᠨ ᠡᠳᠦᠷ ᠲᠣᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠣᠷᠣᠭᠤᠯᠤᠯᠲᠠ ᠶᠢ ᠪᠠᠲᠤᠯᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠣᠬᠢᠴᠠᠭᠤᠯᠭ᠎ᠠ  ᠪᠠᠨ ᠴᠢᠩᠭᠠᠳᠬᠠᠨ᠂ ᠨᠢᠭᠲᠠ ᠬᠠᠮᠲᠤᠷᠠᠯᠴᠠᠵᠤ᠂ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ  ᠳᠠᠭᠠᠨ ᠰᠠᠭᠤᠷᠢᠯᠠᠨ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠠᠨ ᠬᠠᠮᠲᠤᠪᠠᠷ  ᠨᠠᠶᠢᠳᠠᠪᠤᠷᠢᠵᠢᠭᠤᠯᠬᠤ ᠬᠡᠷᠡᠭᠲᠡᠶ᠃     ( ᠬᠤᠶᠠᠷ ) ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠤᠨ᠎ᠠ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ  ᠪᠠᠶᠢᠭᠠᠳ ᠣᠷᠣᠨ ᠨᠤᠲᠤᠭ ᠤᠨ ᠡᠪᠡᠳᠴᠢᠨ ᠡᠮᠭᠡᠭ ᠲᠠᠢ ᠣᠷᠣᠨ ᠤ ᠦᠶᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠡᠪᠡᠳᠴᠢᠨ ᠡᠭᠦᠰᠭᠡᠬᠦ ᠬᠦᠴᠦᠨ ᠵᠦᠶᠯ  ᠤᠨ ᠬᠤᠤᠷ ᠬᠥᠨᠥᠭᠡᠯ ᠢ ᠪᠠᠭᠠᠰᠬᠠᠨ᠎ᠠ᠃  ᠤᠳᠤᠬᠢ ᠡᠪᠡᠳᠴᠢᠲᠡᠨ ᠢ ᠠᠪᠤᠷᠠᠨ ᠵᠠᠰᠠᠬᠤ ᠠᠵᠢᠯ  ᠢ ᠥᠷᠨᠢᠭᠦᠯᠵᠦ᠂ ᠡᠪᠡᠳᠴᠢᠲᠡᠨ  ᠤ ᠬᠠᠮᠢᠶᠠᠷᠤᠯᠲᠠ  ᠶᠢ ᠴᠢᠩᠭᠠᠳᠬᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ  ᠪᠠᠶᠢᠭᠠᠳ  ᠣᠳᠣᠬᠢ ᠡᠪᠡᠳᠴᠢᠲᠡᠨ  ᠢ ᠬᠠᠪᠰᠤᠷᠤᠨ ᠲᠡᠳᠬᠦᠵᠦ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠠᠰᠠᠭᠤᠳᠠᠯ  ᠢ ᠰᠢᠢᠳᠪᠦᠷᠢᠯᠡᠨ᠎ᠡ᠃     ︵ᠭᠤᠷᠪᠠ︶ ᠲᠥᠷᠥᠯ ᠬᠤᠪᠢᠶᠠᠨ ᠵᠢᠯᠣᠭᠤᠳᠴᠤ᠂ ᠭᠠᠵᠠᠷ ᠬᠤᠪᠢᠶᠠᠨ ᠠᠬᠢᠭᠤᠯᠤᠨ᠎ᠠ᠃ ᠣᠷᠣᠨ ᠨᠤᠲᠤᠭ  ᠤᠨ ᠡᠪᠡᠳᠴᠢᠨ ᠤ ᠣᠨᠴᠠᠯᠢᠭ ᠪᠠ ᠠᠳᠠᠯᠢ ᠪᠤᠰᠤ ᠭᠠᠵᠠᠷ ᠣᠷᠣᠨ ᠤ ᠪᠠᠶᠢᠭᠠᠯᠢ ᠶᠢᠨ ᠣᠷᠴᠢᠨ ᠨᠥᠬᠦᠴᠡᠯ ᠢ ᠦᠨᠳᠦᠰᠦᠯᠡᠨ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠣᠬᠢᠷᠠᠮᠵᠢᠲᠠᠶ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠡᠷᠭᠡᠶᠢᠯᠡᠨ ᠵᠠᠰᠠᠬᠤ ᠬᠠᠷᠠᠯᠲᠠ ᠪᠠ ᠠᠵᠢᠯ ᠤᠨ ᠵᠠᠩᠭᠢᠶᠠᠰᠤ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠪᠣᠳᠠᠲᠠᠶ ᠰᠠᠯᠠᠭ᠎ᠠ ᠮᠥᠴᠢᠷ ᠲᠤ  ᠨᠠᠶᠢᠳᠠᠪᠤᠷᠢᠵᠢᠭᠤᠯᠵᠤ᠂ ᠬᠥᠮᠦᠨ ᠳᠤ  ᠨᠠᠶᠢᠳᠠᠪᠤᠷᠢᠵᠢᠭᠤᠯᠬᠤ ᠬᠡᠷᠡᠭᠲᠡᠶ᠃     ︵ᠳᠥᠷᠪᠡ︶ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠠᠯᠲᠠᠲᠤ ᠬᠠᠮᠢᠶᠠᠷᠤᠯᠲᠠ ᠬᠢᠨ᠎ᠡ᠃ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠪᠠ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ   ᠲᠠᠢ ᠨᠢᠭᠲᠠ ᠤᠶᠠᠯᠳᠤᠭᠤᠯᠵᠤ᠂ ᠰᠡᠷᠭᠡᠶᠢᠯᠡᠨ ᠵᠠᠰᠠᠬᠤ ᠪᠠᠯᠠ ᠮᠥᠩᠭᠦ ᠣᠷᠣᠭᠤᠯᠤᠨ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃     ᠭᠤᠷᠪᠠ᠂ ᠠᠵᠢᠯ  ᠤᠨ ᠬᠠᠷᠠᠯᠲᠠ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ ᠳᠤ ᠬᠦᠴᠦ ᠨᠡᠮᠡᠷᠢᠯᠡᠵᠦ᠂ 2020 ᠣᠨ ᠤ ᠰᠡᠭᠦᠯᠴᠢ ᠪᠣᠯᠬᠤ  ᠳᠤ᠂ ᠢᠣᠳ᠋  ᠳᠤᠲᠠᠭᠳᠠᠬᠤ  ᠬᠤᠣᠷ ᠬᠥᠨᠥᠭᠡᠯ ᠶᠢ ᠦᠷᠭᠦᠯᠵᠢᠯᠡᠨ ᠠᠷᠢᠯᠭᠠᠨ᠎ᠠ︔ ᠤᠤᠭᠤᠬᠤ ᠤᠰᠤᠨ ᠤ ᠬᠡᠯᠪᠡᠷᠢ  ᠶᠢᠨ ᠹᠯᠣᠷ ᠲᠤ ᠬᠤᠤᠷᠳᠠᠭᠳᠠᠬᠤ ᠶᠢ ᠪᠦᠲᠦᠮᠵᠢᠲᠡᠶ ᠬᠢᠵᠠᠭᠠᠷᠯᠠᠨ᠎ᠠ︔ ᠠᠮᠢᠲᠠᠨ ᠤ ᠬᠤᠭᠤᠷᠣᠨᠳᠣᠬᠢ ᠬᠤᠯᠤᠭᠠᠨ᠎ᠠ  ᠶᠢᠨ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠦᠨ ᠬᠢᠵᠠᠭᠠᠷᠯᠠᠵᠤ᠂ ᠬᠥᠮᠦᠨ ᠤ  ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠡᠭᠦᠰᠬᠦ ᠶᠢ ᠡᠷᠡᠰ ᠰᠡᠷᠭᠡᠶᠢᠯᠡᠨ᠎ᠡ ; ᠪᠷᠦ᠋ᠼᠧᠯ ᠡᠪᠡᠳᠴᠢᠨ  ᠢ ᠬᠢᠵᠠᠭᠠᠷᠯᠠᠬᠤ ᠪᠠᠷᠢᠮᠵᠢᠶ᠎ᠠ  ᠳᠤ ᠬᠦᠷᠴᠦ᠂ ᠬᠥᠮᠦᠨ ᠤ ᠬᠢᠵᠢᠭ ᠤᠨ ᠪᠠᠶᠢᠳᠠᠯ ᠢ ᠪᠠᠭᠠᠰᠬᠠᠨ᠎ᠠ ; ᠰᠡᠷᠭᠡᠶᠢᠯᠡᠨ ᠵᠠᠰᠠᠬᠤ ᠬᠠᠷᠠᠯᠲᠠ  ᠪᠠ ᠶᠠᠳᠠᠭᠤ  ᠠᠴᠠ ᠠᠩᠭᠢᠵᠢᠷᠠᠭᠤᠯᠬᠤ  ᠰᠢᠪᠲᠤᠯᠤᠯᠲᠠ ᠶᠢᠨ ᠡᠭᠦᠷᠭᠡ ᠲᠠᠢ ᠵᠡᠷᠭᠡ ᠪᠠᠷ ᠪᠡᠶᠡᠯᠡᠭᠦᠯᠦᠨ᠎ᠡ᠃     ᠳᠥᠷᠪᠡ᠂ ᠭᠤᠤᠯᠳᠠᠯᠭ᠎ᠠ ᠲᠠᠢ ᠡᠭᠦᠷᠭᠡ    ( ᠨᠢᠭᠡ ) ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠦᠨ᠎ᠡ    1 . ᠤᠤᠭᠤᠬᠤ ᠤᠰᠤᠨ ᠤ ᠬᠡᠯᠪᠡᠷᠢᠲᠦ ᠹᠯᠣᠷ ᠲᠤ ᠬᠤᠣᠷᠳᠠᠭᠳᠠᠭᠰᠠᠨ ᠡᠪᠡᠳᠴᠢᠨ ᠤ ᠣᠷᠣᠨ ᠤ ᠤᠰᠤ ᠶᠢ ᠥᠭᠡᠷᠡᠴᠢᠯᠡᠬᠦ ᠠᠵᠢᠯ ᠢ ᠨᠠᠶᠢᠳᠠᠪᠤᠷᠢᠵᠢᠭᠤᠯᠤᠨ᠎ᠠ    ( 1 )  ᠲᠤᠰᠬᠤᠨ ᠢᠶᠠᠷ ᠨᠢᠭᠡᠴᠢ ᠪᠣᠯᠭᠠᠨ᠂ ᠤᠤᠭᠤᠬᠤ ᠤᠰᠤ  ᠶᠢᠨ ᠬᠡᠯᠪᠡᠷᠢ  ᠶᠢᠨ ᠹᠯᠣᠷ ᠲᠤ ᠬᠤᠣᠷᠳᠠᠭᠳᠠᠭᠰᠠᠨ ᠡᠪᠡᠳᠴᠢᠨ  ᠤ ᠭᠠᠵᠠᠷ ᠤᠷᠤᠨ ᠤ ᠰᠠᠭᠤᠷᠢ ᠲᠤᠭ᠎ᠠ  ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠰᠢᠯᠲᠠᠭᠠᠨ ᠢ ᠨᠢ ᠵᠠᠳᠠᠯᠤᠨ᠂ ᠰᠢᠯᠢᠳᠡᠭ ᠣᠰᠣᠨ ᠰᠤᠷᠪᠤᠯᠵᠢ  ᠶᠢ ᠰᠣᠯᠢᠬᠤ᠂ ᠬᠤᠲᠠ ᠪᠠᠯᠭᠠᠰᠤ  ᠶᠢᠨ ᠤᠰᠤ ᠬᠠᠩᠭᠠᠬᠤ ᠬᠤᠭᠤᠯᠠᠢ ᠶᠢᠨ ᠲᠣᠣᠷ  ᠢ ᠤᠷᠲᠤᠳᠬᠠᠬᠤ᠂ ᠬᠡᠪᠴᠢᠶᠡᠵᠢᠭᠦᠯᠦᠨ ᠤᠰᠤ ᠬᠠᠩᠭᠠᠬᠤ ᠪᠠᠷᠢᠯᠭ᠎ᠠ ᠶᠢ ᠪᠦᠲᠦᠭᠡᠨ  ᠪᠠᠶᠢᠭᠤᠯᠬᠤ ᠵᠢᠴᠢ ᠣᠳᠣ  ᠪᠠᠶᠢᠭ᠎ᠠ ᠤᠰᠤ ᠬᠠᠩᠭᠠᠬᠤ ᠪᠠᠷᠢᠯᠭ᠎ᠠ  ᠶᠢᠨ ᠣᠰᠣᠨ ᠴᠢᠨᠠᠷ ᠢ ᠴᠡᠪᠡᠷᠰᠢᠭᠦᠯᠬᠦ  ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ  ᠤ  ᠪᠠᠶᠢᠳᠠᠯ ᠲᠤᠨᠢ ᠲᠤᠬᠢᠷᠠᠭᠤᠯᠤᠨ᠂ ᠰᠢᠢᠳᠪᠦᠷᠢᠯᠡᠬᠦ ᠲᠥᠰᠦᠯ  ᠢ ᠵᠦᠢ ᠵᠣᠬᠢᠰᠲᠠᠢ ᠲᠣᠭᠲᠠᠭᠠᠵᠤ᠂ ᠣᠰᠣᠨ  ᠤ ᠴᠢᠨᠠᠷ ᠤᠨ ᠪᠠᠷᠢᠮᠵᠢᠶ᠎ᠠ ᠳᠤ ᠬᠦᠷᠬᠦ ᠨᠤᠷᠮ᠎ᠠ  ᠶᠢ ᠲᠠᠰᠤᠷᠠᠯᠳᠠ ᠦᠭᠡᠢ  ᠳᠡᠭᠡᠭᠰᠢᠯᠡᠭᠦᠯᠦᠨ᠎ᠡ᠃ ︵ᠲᠤᠭᠤᠷᠢᠭ ‍ᠤᠨ‌ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ ‍ᠤᠨ‌ᠣᠰᠣᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ  ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶     ( 2 ) ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ  ᠤ ᠤᠤᠭᠤᠬᠤ ᠣᠰᠣᠨ  ᠤ ᠠᠶᠤᠯ ᠥᠬᠡᠶ  ᠪᠠᠶᠢᠬᠤ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠢᠨᠵᠧᠨᠧᠷᠢᠩ ᠤᠨ ᠪᠦᠲᠦᠭᠡᠨ  ᠪᠠᠶᠢᠭᠤᠯᠤᠯᠲᠠ  ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠤᠭᠤᠬᠤ ᠣᠰᠣᠨ  ᠤ ᠹᠯᠣᠷ ᠲᠤ ᠬᠤᠣᠷᠳᠠᠭᠳᠠᠭᠰᠠᠨ ᠡᠪᠡᠳᠴᠢᠨ ᠤ ᠭᠠᠵᠠᠷ ᠣᠷᠣᠨ  ᠤ ᠤᠤᠭᠤᠬᠤ ᠣᠰᠣᠨ ᠤ ᠠᠶᠤᠯ ᠥᠬᠡᠶ  ᠶᠢ ᠪᠠᠬᠢᠵᠢᠭᠦᠯᠦᠨ ᠳᠡᠭᠡᠭᠰᠢᠯᠡᠭᠦᠯᠬᠦ ᠡᠭᠦᠷᠭᠡ  ᠪᠠᠨ ᠬᠤᠭᠤᠴᠠᠭ᠎ᠠ ᠶᠣᠰᠣᠭᠠᠷ  ᠪᠡᠶᠡᠯᠡᠭᠦᠯᠦᠨ᠂ ᠬᠥᠳᠡᠭᠡ ᠲᠣᠰᠬᠤᠨ ᠤ ᠤᠤᠭᠤᠬᠤ ᠣᠰᠣᠨ ᠤ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ  ᠶᠢᠨ ᠬᠠᠮᠢᠶᠠᠷᠤᠯᠲᠠ ᠶᠢᠨ ᠭᠤᠣᠯ ᠴᠣᠭᠴᠠ ᠪᠣᠯᠤᠨ ᠠᠵᠢᠯᠯᠠᠭᠠᠨ  ᠢ ᠬᠠᠮᠠᠭᠠᠯᠠᠬᠤ ᠵᠠᠷᠤᠳᠠᠯ ᠟  ᠢ  ᠨᠠᠶᠢᠳᠠᠪᠤᠷᠢᠵᠢᠭᠤᠯᠵᠤ᠂ ᠪᠠᠷᠢᠯᠭ᠎ᠠ  ᠶᠢᠨ ᠬᠡᠪ  ᠤᠨ ᠶᠣᠰᠣᠭᠠᠷ  ᠶᠠᠪᠤᠭᠳᠠᠬᠤ ᠶᠢ ᠠᠬᠢᠭᠤᠯᠤᠨ᠎ᠠ᠃ ᠤᠰᠤ ᠥᠭᠡᠷᠡᠴᠢᠯᠡᠬᠦ ᠢᠨᠵᠧᠨᠧᠷᠢᠩ  ᠤᠨ ᠠᠵᠢᠯᠯᠠᠭᠠᠨ ᠤ  ᠪᠠᠶᠢᠳᠠᠯ᠂ ᠣᠰᠣᠨ ᠤ ᠴᠢᠨᠠᠷ  ᠤᠨ ᠬᠤᠪᠢᠷᠠᠯᠲᠠ ᠶᠢᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ ᠦᠨᠡᠯᠡᠨ ᠵᠢᠱᠢᠯᠲᠡ ᠬᠢᠬᠦ ᠬᠡᠷᠡᠭᠲᠡᠢ᠃ ︵ᠲᠣᠭᠤᠷᠢᠭ  ᠤᠨ ᠣᠰᠣᠨ ᠠᠰᠢᠭᠯᠠᠯᠲᠠ ᠶᠢᠨ ᠲᠣᠪᠴᠢᠶ᠎ᠠ ᠲᠦᠷᠦᠭᠦᠯᠡᠵᠦ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ  ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶     ( 3 ) 2020 ᠣᠨ ᠪᠣᠯᠬᠤ  ᠳᠤ᠂ ᠹᠯᠣᠷ  ᠤᠨ ᠪᠠᠷᠢᠮᠵᠢᠶ᠎ᠠ ᠠᠴᠠ ᠬᠡᠲᠦᠷᠡᠭᠰᠡᠨ ᠤᠰᠤ ᠥᠭᠡᠷᠡᠴᠢᠯᠡᠬᠦ ᠪᠣᠶ ᠪᠦᠬᠦᠢ ᠪᠠᠷᠢᠯᠭ᠎ᠠ ᠵᠢᠨ‌ᠠᠵᠢᠯᠯᠠᠭᠠᠨ  ᠤ ᠪᠠᠶᠢᠳᠠᠯ ᠢ ᠪᠠᠲᠤᠯᠠᠵᠤ᠂ ᠤᠤᠭᠤᠬᠤ ᠣᠰᠣᠨ  ᠤ ᠹᠯᠣᠷ  ᠤᠨ ᠠᠭᠤᠯᠤᠭᠳᠠᠴᠠ ᠨᠢ ᠤᠯᠤᠰ  ᠤᠨ ᠡᠷᠡᠭᠦᠯ ᠬᠠᠮᠠᠭᠠᠯᠠᠯ  ᠤᠨ ᠪᠠᠷᠢᠮᠵᠢᠶ᠎ᠠ  ᠳᠤ  ᠨᠡᠶᠢᠴᠡᠬᠦ ᠬᠡᠷᠡᠭᠲᠡᠢ᠃ ︵ᠲᠣᠭᠤᠷᠢᠭ ᠤᠨ ᠣᠰᠣᠨ ᠠᠰᠢᠭᠯᠠᠯᠲᠠ ᠶᠢᠨ ᠲᠣᠪᠴᠢᠶ᠎ᠠ ᠲᠦᠷᠦᠭᠦᠯᠡᠵᠦ᠂ ᠲᠣᠭᠤᠷᠢᠭ  ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶    2 . ᠢᠣᠳ᠋ ᠳᠤᠲᠠᠭᠳᠠᠬᠤ ᠬᠤᠣᠷ ᠬᠥᠨᠥᠭᠡᠯ ᠢ ᠦᠷᠭᠦᠯᠵᠢᠯᠡᠨ ᠠᠷᠢᠯᠭᠠᠨ᠎ᠠ    ︵1︶ ᠢᠣᠳ᠋ ᠳᠤᠲᠠᠭᠳᠠᠵᠤ ᠪᠠᠶᠭ᠎ᠠ ᠭᠠᠵᠠᠷ ᠣᠷᠣᠨ ᠳᠤ ᠢᠳᠡᠰᠢᠨ ᠤ ᠳᠠᠪᠤᠰᠤᠨ ᠳᠤ ᠢᠣᠳ᠋ ᠨᠡᠮᠡᠬᠦ ᠠᠷᠭ᠎ᠠ ᠪᠣᠳᠣᠯᠭ᠎ᠠ ᠶᠢ ᠦᠷᠭᠦᠯᠵᠢᠯᠡᠨ ᠨᠠᠢᠳᠠᠪᠤᠷᠢᠵᠢᠭᠤᠯᠬᠤ᠂ ᠬᠥᠮᠦᠰ ᠤᠨ ᠢᠣᠳ᠋ ᠤᠨ ᠰᠢᠮ᠎ᠡ ᠲᠡᠵᠢᠭᠡᠯ ᠣᠨ ᠲᠣᠬᠢᠷᠠᠮᠵᠢᠲᠠᠶ ᠬᠢᠷᠢ ᠬᠡᠮᠵᠢᠶ᠎ᠡ ᠶᠢ ᠪᠠᠲᠤᠯᠠᠨ᠎ᠠ᠃ ᠬᠢᠷᠢ ᠲᠡᠩᠴᠡᠭᠰᠡᠨ ᠢᠣᠳ᠋ᠲᠤ ᠳᠠᠪᠤᠰᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ᠂ ᠢᠳᠡᠰᠢᠨ ᠤ ᠳᠠᠪᠤᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠬᠢᠷᠢ ᠲᠡᠩᠴᠡᠭᠰᠡᠨ ᠢᠣᠳ᠋ᠲᠤ ᠳᠠᠪᠤᠰᠤ ᠶᠢ ᠢᠳᠡᠵᠦ ᠲᠠᠢᠯᠬᠤ᠂ ᠢᠳᠡᠵᠦ ᠳᠡᠶᠢᠯᠬᠦ ᠶᠢ ᠪᠠᠲᠤᠯᠠᠨ᠎ᠠ᠃ ︵ᠣᠷᠣᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠵᠦ ᠂ ᠲᠣᠭᠤᠷᠢᠭ ᠣᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠣᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶       ( 2 ) ᠢᠣᠳ᠋  ᠳᠤᠲᠠᠭᠳᠠᠬᠤ ᠬᠤᠣᠷ ᠬᠥᠨᠥᠭᠡᠯ ᠤᠨ ᠪᠠᠶᠢᠳᠠᠯ ᠢ ᠠᠷᠢᠯᠭᠠᠵᠤ᠂ ᠺᠧᠲ᠋ᠢᠨ ᠤ ᠡᠪᠡᠳᠴᠢᠨ ᠰᠢᠨ᠎ᠡ  ᠪᠠᠷ ᠡᠭᠦᠰᠬᠦ ᠶᠢ ᠰᠡᠷᠭᠡᠶᠢᠯᠡᠨ᠎ᠡ᠃ ︵ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶     3 . ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ    ︵1︶ ᠬᠢᠨᠠᠨ ᠬᠡᠮᠵᠢᠵᠦ  ᠪᠠᠶᠢᠴᠠᠭᠠᠨ ᠬᠡᠮᠵᠢᠬᠦ ᠠᠵᠢᠯ ᠢ ᠴᠢᠩᠭᠠᠳᠬᠠᠵᠤ᠂ ᠬᠤᠯᠤᠭᠠᠨ᠎ᠠ ᠬᠢᠵᠢᠭ ᠤᠨ ᠴᠡᠭ  ᠤᠨ ᠣᠳᠣᠬᠢ ᠪᠥᠬᠦ ᠪᠠᠶᠢᠳᠠᠯ ᠢ ᠵᠢᠭᠰᠠᠭᠠᠨ ᠪᠠᠶᠢᠴᠠᠭᠠᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ ᠬᠠᠮᠠᠭᠠᠯᠠᠯᠲᠠ  ᠶᠢᠨ ᠴᠢᠨᠠᠷᠲᠠᠶ ᠬᠤᠯᠤᠭᠠᠨ᠎ᠠ ᠪᠥᠭᠡᠰᠦ ᠶᠢ ᠤᠰᠠᠳᠬᠠᠬᠤ ᠪᠠᠷ ᠭᠤᠤᠯ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠭᠠᠵᠠᠷ ᠣᠷᠣᠨ ᠪᠠ ᠬᠤᠯᠤᠭᠠᠨ᠎ᠠ ᠶᠢᠨ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠳᠡᠯᠭᠡᠷᠡᠭᠰᠡᠨ ᠭᠠᠵᠠᠷ ᠣᠷᠣᠨ ᠳᠤ ᠬᠤᠯᠤᠭᠠᠨ᠎ᠠ ᠨᠣᠬᠠᠶ ᠶᠢᠨ ᠪᠥᠭᠡᠰᠦ ᠶᠢ ᠤᠰᠠᠳᠬᠠᠬᠤ ᠠᠵᠢᠯᠯᠠᠭ᠎ᠠ ᠥᠷᠨᠢᠭᠦᠯᠵᠦ᠂ ᠴᠠᠭ ᠲᠤᠬᠠᠶ ᠳᠤᠨᠢ ᠢᠯᠡᠷᠡᠭᠦᠯᠦᠨ᠂ ᠲᠦᠷᠭᠡᠨ ᠲᠤᠰᠬᠠᠯ ᠭᠠᠷᠭᠠᠵᠤ᠂ ᠪᠦᠲᠦᠮᠵᠢᠲᠡᠶ ᠰᠢᠶᠳᠪᠦᠷᠢᠯᠡᠵᠦ᠂ ᠬᠤᠯᠤᠭᠠᠨ᠎ᠠ ᠶᠢᠨ ᠬᠢᠵᠢᠭ ᠤᠨ  ᠪᠠᠶᠢᠳᠠᠯ ᠤᠨ ᠮᠡᠳᠡᠭᠦᠯᠦᠯᠲᠡ ᠶᠢᠨ ᠨᠣᠷᠮ᠎ᠠ ᠪᠠ ᠬᠢᠵᠢᠭᠲᠦ ᠣᠷᠣᠨ ᠢ ᠰᠢᠶᠳᠪᠦᠷᠢᠯᠡᠬᠦ ᠨᠣᠷᠮ᠎ᠠ  ᠶᠢ 100 % ᠳᠤ ᠬᠦᠷᠦᠭᠦᠯᠦᠨ᠎ᠡ᠃ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠵᠢᠱᠢᠬᠦ ᠠᠵᠢᠯ ᠢ ᠥᠷᠨᠢᠭᠦᠯᠵᠦ᠂ ᠰᠠᠯᠠᠭ᠎ᠠ ᠮᠥᠴᠢᠷ ᠪᠠ ᠭᠠᠵᠠᠷ ᠣᠷᠣᠨ ᠤ ᠬᠤᠭᠤᠷᠣᠨᠳᠣᠬᠢ ᠵᠣᠬᠢᠴᠠᠭᠤᠯᠭ᠎ᠠ ᠨᠡᠪᠲᠡᠷᠡᠯᠴᠡᠭᠡ ᠶᠢ ᠴᠢᠩᠭᠠᠳᠬᠠᠨ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠤᠨ ᠲᠣᠭᠲᠠᠴᠠ ᠶᠢ  ᠨᠠᠶᠢᠳᠠᠪᠤᠷᠢᠵᠢᠭᠤᠯᠤᠨ᠂ ᠬᠥᠮᠦᠨ ᠤ  ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠡᠭᠦᠰᠬᠦ ᠶᠢ ᠡᠷᠡᠰ ᠰᠡᠷᠭᠡᠶᠢᠯᠡᠨ᠎ᠡ᠃    ( 2 ) ᠬᠤᠯᠤᠭᠠᠨ᠎ᠠ ᠬᠢᠵᠢᠭ  ᠤᠨ ᠪᠠᠴᠢᠮ  ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠷᠠᠭᠤᠯᠬᠤ  ᠶᠢᠨ ᠬᠠᠮᠲᠤ ᠪᠡᠶᠡᠯᠡᠭᠦᠯᠵᠦ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠣᠳᠠᠲᠤ ᠰᠣᠷᠢᠯᠲᠠ ᠪᠣᠯᠤᠨ ᠮᠡᠷᠭᠡᠵᠢᠯ  ᠤᠨ ᠪᠣᠯᠪᠠᠰᠤᠷᠠᠭᠤᠯᠤᠯ  ᠢ ᠵᠣᠬᠢᠶᠠᠨ  ᠪᠠᠶᠢᠭᠤᠯᠤᠨ᠎ᠠ᠃    ︵ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ‍ᠤᠨ‌‍ᠲ᠋ᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠰᠣᠶᠣᠯ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶  4 . ᠪᠷᠦ᠋ᠼᠧᠯ ᠪᠠᠺᠲ᠋ᠧᠷᠢ ᠡᠪᠡᠳᠴᠢᠨ ᠢ ᠰᠡᠷᠭᠡᠶᠢᠯᠡᠨ ᠵᠠᠰᠠᠨ᠎ᠠ    ( 1 ) 《 ᠤᠯᠤᠰ ᠤᠨ ᠪᠷᠦ᠋ᠼᠧᠯ  ᠤᠨ ᠪᠠᠺᠲ᠋ᠧᠷᠢ ᠶᠢᠨ ᠡᠪᠡᠳᠴᠢᠨ  ᠢ ᠰᠡᠷᠭᠡᠶᠢᠯᠡᠨ ᠵᠠᠰᠠᠬᠤ ᠲᠥᠯᠥᠪᠯᠡᠭᠡ ( 2016 — 2020 ᠣᠨ ) 》 ᠶᠢ ᠦᠨᠡᠨᠬᠦ  ᠨᠠᠶᠢᠳᠠᠪᠤᠷᠢᠵᠢᠭᠤᠯᠵᠤ᠂ ᠪᠷᠦ᠋ᠼᠧᠯ  ᠤᠨ ᠡᠪᠡᠳᠴᠢᠨ ᠤ ᠳᠡᠯᠭᠡᠷᠡᠬᠦ ᠣᠷᠣᠨ  ᠳᠤ ᠬᠠᠯᠳᠠᠪᠤᠷᠢᠯᠠᠬᠤ ᠡᠬᠢ ᠰᠤᠷᠪᠤᠯᠵᠢ ᠶᠢ ᠬᠢᠵᠠᠭᠠᠷᠯᠠᠬᠤ  ᠪᠠᠷ ᠭᠤᠣᠯ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠶᠢ ᠬᠡᠷᠡᠭᠵᠢᠭᠦᠯᠵᠦ᠂ ᠮᠠᠯ  ᠤᠨ ᠬᠤᠭᠤᠷᠣᠨᠳᠣ   ᠦᠯᠦ ᠬᠠᠯᠳᠠᠭᠠᠬᠤ ᠪᠠᠷ ᠭᠤᠣᠯ ᠪᠣᠯᠭᠠᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ  ᠶᠢ ᠴᠢᠩᠭᠠᠷᠠᠭᠤᠯᠤᠨ᠂ ᠡᠭᠦᠯᠳᠡᠷ ᠤᠨ ᠮᠠᠯ  ᠤᠨ ᠲᠠᠯᠠᠪᠠᠢ᠂ ᠦᠨᠢᠶ᠎ᠡ ᠲᠡᠵᠢᠭᠡᠬᠦ ᠲᠠᠯᠠᠪᠠᠢ  ᠶᠢᠨ ᠴᠡᠪᠡᠷᠵᠢᠭᠦᠯᠬᠦ ᠠᠬᠢᠴᠠ ᠶᠢ ᠲᠦᠷᠭᠡᠳᠬᠡᠬᠦ ᠬᠡᠷᠡᠭᠲᠡᠢ  ᠃᡾ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ᠂ ᠠᠮᠢᠳᠤ ᠮᠠᠯ ᠢ  ᠪᠠᠶᠢᠴᠠᠭᠠᠨ ᠬᠡᠮᠵᠢᠵᠦ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠢᠵᠢᠭ ᠬᠠᠯᠳᠠᠪᠤᠷᠢᠯᠠᠭᠰᠠᠨ ᠮᠠᠯ ᠢ ᠲᠤᠬᠠᠶ ᠶᠢᠨ ᠭᠠᠵᠠᠷ ᠲᠤᠨᠢ ᠠᠯᠠᠵᠤ ᠤᠰᠠᠳᠬᠠᠬᠤ ᠪᠠ ᠬᠤᠤᠷ ᠥᠬᠡᠶ ᠪᠣᠯᠭᠠᠨ ᠰᠢᠶᠳᠪᠦᠷᠢᠯᠡᠬᠦ ᠵᠢᠴᠢ ᠲᠤᠬᠠᠶ ᠶᠢᠨ ᠭᠠᠵᠠᠷ ᠲᠤᠨᠢ ᠠᠷᠢᠭᠤᠳᠬᠠᠵᠤ᠂ ᠬᠢᠵᠢᠭ  ᠳᠡᠯᠭᠡᠷᠡᠬᠦ ᠶᠢ ᠰᠡᠷᠭᠡᠶᠢᠯᠡᠨ᠎ᠡ᠃   ︵2︶ ᠪᠷᠦ᠋ᠼᠧᠯ ᠡᠪᠡᠳᠴᠢᠨ ᠤ ︽ᠭᠤᠷᠮᠤᠰᠤᠨ ᠴᠣᠭᠴᠠ︾ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠠᠭᠪᠤᠷ  ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠷᠦ᠋ᠼᠧᠯ ᠡᠪᠡᠳᠴᠢᠨ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠂ ᠪᠷᠦ᠋ᠼᠧᠯ ᠡᠪᠡᠳᠴᠢᠨ ᠤ ᠵᠢᠱᠢᠶ᠎ᠡ ᠶᠢ ᠢᠯᠡᠷᠡᠭᠦᠯᠦᠭᠰᠡᠨ ᠮᠡᠳᠡᠭᠦᠯᠦᠯᠲᠡ᠂ ᠵᠢᠷᠤᠮᠵᠢᠭᠤᠯᠤᠭᠰᠠᠨ ᠡᠮᠴᠢᠯᠡᠭᠡ ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ  ᠪᠠᠶᠢᠴᠠᠭᠠᠨ ᠰᠢᠶᠳᠪᠦᠷᠢᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠬᠢᠵᠢᠭ ᠤᠨ  ᠪᠠᠶᠢᠳᠠᠯ ᠤᠨ  ᠳᠡᠯᠭᠡᠷᠡᠬᠦ ᠶᠢ ᠰᠡᠷᠭᠡᠶᠢᠯᠡᠨ᠎ᠡ᠃ ᠠᠶᠤᠯ ᠶᠡᠬᠡᠲᠡᠶ ᠬᠥᠮᠦᠰ ᠢ ᠰᠢᠭᠰᠢᠨ  ᠪᠠᠶᠢᠴᠠᠭᠠᠬᠤ᠂ ᠡᠷᠡᠭᠦᠯ ᠮᠡᠨᠳᠦ ᠶᠢᠨ ᠬᠥᠮᠦᠵᠢᠯ ᠬᠢᠬᠦ ᠪᠠ ᠦᠢᠯᠡ ᠠᠵᠢᠯᠯᠠᠭ᠎ᠠ   ᠶᠢ ᠨᠢ ᠡᠵᠡᠮᠳᠡᠬᠦ ᠶᠢ ᠴᠢᠩᠭᠠᠳᠬᠠᠵᠤ᠂ ᠡᠪᠡᠳᠴᠢᠲᠡᠨ ᠤ  ᠴᠠᠭ ᠲᠤᠬᠠᠢ ᠳᠤᠨᠢ ᠡᠪᠡᠳᠴᠢᠨ  ᠢᠶᠠᠨ ᠦᠵᠡᠭᠦᠯᠬᠦ ᠶᠢ ᠳᠡᠭᠡᠭᠰᠢᠯᠡᠭᠦᠯᠵᠦ᠂ ᠣᠨᠣᠰᠢᠯᠠᠨ ᠡᠮᠨᠡᠬᠦ ᠨᠤᠷᠮ᠎ᠠ ᠶᠢ 90 % ᠠᠴᠠ ᠳᠡᠭᠡᠭᠰᠢ ᠳᠤ ᠬᠦᠷᠭᠡᠵᠦ᠂ ᠡᠳᠡᠭᠡᠷᠡᠭᠦᠯᠬᠦ ᠨᠤᠷᠮ᠎ᠠ ᠶᠢ 80 % ᠠᠴᠠ ᠳᠡᠭᠡᠭᠰᠢ ᠳᠤ ᠬᠦᠷᠭᠡᠵᠦ᠂ ᠤᠳᠠᠭᠠᠨ ᠴᠢᠨᠠᠷᠲᠠᠢ ᠪᠣᠯᠭᠠᠬᠤ ᠨᠤᠷᠮ᠎ᠠ ᠶᠢ 15 % ᠠᠴᠠ ᠳᠣᠷᠣᠭᠰᠢ ᠬᠢᠵᠠᠭᠠᠷᠯᠠᠨ᠎ᠠ᠃ ᠤᠬᠠᠭᠤᠯᠭ᠎ᠠ ᠬᠥᠮᠦᠵᠢᠯ ᠢ ᠨᠡᠶᠢᠳᠡᠮ ᠬᠡᠷᠡᠭᠵᠢᠭᠦᠯᠵᠦ᠂ ᠦᠢᠯᠡ ᠠᠵᠢᠯᠯᠠᠭ᠎ᠠ  ᠶᠢ ᠨᠢ ᠡᠵᠡᠮᠳᠡᠬᠦ ᠶᠢ ᠪᠠᠷᠤᠭ 30 % ᠠᠴᠠ ᠳᠡᠭᠡᠭᠰᠢᠬᠢ ᠪᠠᠯᠭᠠᠰᠤ ᠰᠢᠶᠠᠩ ᠵᠡᠭᠡᠯᠢ ᠶᠢ ᠭᠤᠤᠯᠳᠠᠯᠭ᠎ᠠ ᠲᠠᠢ ᠬᠠᠮᠤᠷᠴᠤ᠂ ᠭᠤᠤᠯᠳᠠᠯᠭ᠎ᠠ ᠲᠠᠢ ᠠᠵᠢᠯ ᠮᠡᠷᠭᠡᠵᠢᠯ ᠤᠨ ᠬᠥᠮᠦᠰ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠮᠡᠳᠡᠯᠭᠡ ᠶᠢ ᠮᠡᠳᠡᠬᠦ ᠨᠣᠷᠮ᠎ᠠ  ᠶᠢ 90 % ᠠᠴᠠ ᠳᠡᠭᠡᠭᠰᠢ ᠳᠤ ᠬᠦᠷᠦᠭᠦᠯᠦᠨ᠎ᠡ᠃  ︵3︶ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠳᠦᠷᠢᠮ ᠢ ᠴᠢᠩᠭᠠᠳᠬᠠᠵᠤ᠂ ᠬᠢᠵᠢᠭ ᠤᠨ  ᠪᠠᠶᠢᠳᠠᠯ ᠪᠠ ᠰᠡᠷᠭᠡᠶᠢᠯᠡᠨ ᠡᠵᠡᠮᠳᠡᠬᠦ ᠠᠬᠢᠯᠲᠠ ᠶᠢᠨ ᠮᠡᠳᠡᠭᠡ ᠵᠠᠩᠭᠢ ᠶᠢ ᠴᠠᠭ ᠲᠤᠬᠠᠶ  ᠳᠤᠨᠢ ᠮᠡᠳᠡᠭᠡᠯᠡᠨ᠎ᠡ᠃ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ  ᠪᠠᠶᠢᠴᠠᠭᠠᠬᠤ᠂ ᠰᠢᠶᠳᠪᠦᠷᠢᠯᠡᠬᠦ ᠪᠠ ᠬᠥᠮᠦᠰ  ᠢ ᠬᠠᠮᠠᠭᠠᠯᠠᠬᠤ ᠠᠵᠢᠯ ᠢ ᠬᠠᠮᠲᠤᠷᠠᠨ ᠥᠷᠨᠢᠭᠦᠯᠦᠨ᠎ᠡ᠃    ︵ᠲᠣᠭᠤᠷᠢᠭ  ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ  ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ  ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ  ᠤᠨ ᠡᠳ᠋ ᠤᠨ ᠵᠠᠰᠠᠭ  ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶    ︵ᠬᠤᠶᠠᠷ︶ ᠣᠳᠣ ᠪᠠᠶᠢᠬᠤ ᠡᠪᠡᠳᠴᠢᠲᠡᠨ ᠢ ᠠᠪᠤᠷᠠᠨ ᠲᠤᠰᠠᠯᠠᠬᠤ    1 .   ᠣᠳᠣ ᠪᠠᠶᠢᠬᠤ ᠣᠷᠣᠨ ᠨᠤᠲᠤᠭ ᠤᠨ ᠡᠪᠡᠳᠴᠢᠨ ᠲᠠᠢ ᠡᠪᠡᠳᠴᠢᠲᠡᠨ ᠤ  ᠵᠢᠱᠢᠶ᠎ᠡ ᠶᠢ ᠲᠣᠳᠣᠯᠠᠨ ᠵᠠᠰᠠᠬᠤ ᠪᠠ  ᠨᠡᠶᠢᠭᠡᠮ ᠲᠣᠭᠤᠷᠢᠭ  ᠤᠨ ᠬᠠᠮᠢᠶᠠᠷᠤᠯᠲᠠ ᠶᠢ ᠰᠠᠶᠢᠲᠤᠷ ᠬᠢᠨ᠎ᠡ    ︵1︶ ᠡᠮ ᠪᠠ ᠮᠡᠰᠡ ᠵᠠᠰᠠᠯ ᠢᠶᠠᠷ ᠠᠪᠤᠷᠠᠨ ᠵᠠᠰᠠᠬᠤ ᠡᠲᠡᠭᠡᠳ᠃ ᠨᠥᠬᠦᠴᠡᠯ ᠳᠤ  ᠨᠡᠶᠢᠴᠡᠬᠦ ᠹᠯᠣᠷᠲᠤ ᠶᠠᠰᠤᠨ ᠤ ᠡᠪᠡᠳᠴᠢᠨ ᠪᠠ ᠬᠥᠮᠦᠨ ᠤ ᠪᠡᠶ᠎ᠡ ᠶᠢᠨ  ᠲᠤᠬᠢᠶᠠᠯᠢᠭ ᠬᠠᠯᠠᠭᠤᠨ ᠡᠪᠡᠳᠴᠢᠨ ᠢᠶᠠᠷ ᠨᠤᠲᠠᠯᠠᠭᠰᠠᠨ ᠡᠪᠡᠳᠴᠢᠨ ᠤ ᠵᠢᠱᠢᠶ᠎ᠡ ᠪᠣᠯᠤᠨ᠎ᠠ᠃      ︵2︶ ᠳᠠᠩᠰᠠ ᠡᠪᠬᠡᠮᠡᠯ  ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠥᠬᠦᠴᠡᠯ  ᠳᠤ ᠨᠡᠶᠢᠴᠡᠬᠦ ᠣᠷᠣᠨ ᠨᠤᠲᠤᠭ ᠤᠨ ᠡᠪᠡᠳᠴᠢᠲᠡᠨ ᠢ ᠪᠦᠬᠦᠨ ᠢ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯᠯᠠᠭᠠᠨ ᠤ ᠲᠥᠯᠥᠪᠯᠡᠭᠡ ᠳᠤ ᠣᠷᠣᠭᠤᠯᠵᠤ᠂  ᠤᠨᠤᠴᠢᠲᠠᠢ ᠪᠠᠷ ᠠᠪᠤᠷᠠᠨ ᠵᠠᠰᠠᠬᠤ ᠶᠢ ᠥᠷᠨᠢᠭᠦᠯᠦᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ᠂ ᠶᠡᠷᠦᠩᠬᠡᠶᠢᠯᠡᠨ ᠪᠠᠲᠤᠯᠠᠬᠤ ᠶᠢ ᠬᠡᠷᠡᠭᠵᠢᠭᠦᠯᠵᠦ᠂ ︽ᠨᠢᠭᠡ ᠯᠠ ᠥᠷᠲᠡᠭᠡᠨ ᠤ ᠮᠠᠶ᠋ᠢᠭ︾ ᠢᠶᠠᠷ ᠳ᠋ᠦᠩᠨᠡᠨ ᠪᠤᠳᠤᠬᠤ ᠶᠢ ᠠᠬᠢᠭᠤᠯᠤᠨ᠎ᠠ  ( 3 ) ᠹᠯᠣᠷᠲᠤ ᠶᠠᠰᠤᠨ ᠬᠡᠮ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠮᠪᠠᠢ ᠪᠤᠯᠴᠢᠷᠬᠠᠶ ᠶᠢᠨ ᠬᠠᠪᠤᠳᠠᠷ  ᠵᠡᠷᠭᠡ ᠡᠪᠡᠳᠴᠢᠨ ᠡᠮᠭᠡᠭ ᠲᠤ ᠨᠡᠷᠪᠡᠭᠳᠡᠭᠰᠡᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ  ᠪᠠᠶᠢᠭᠤᠯᠵᠤ᠂ ᠣᠨᠴᠠᠭᠠᠢ ᠬᠡᠷᠡᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠹᠯᠣᠷᠲᠤ ᠶᠠᠰᠤᠨ ᠡᠪᠡᠳᠴᠢᠨ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠮᠪᠠᠢ ᠪᠤᠯᠴᠢᠷᠬᠠᠶ ᠶᠢᠨ ᠬᠠᠪᠤᠳᠠᠷ  ᠪᠠ ᠤᠳᠠᠭᠠᠨ ᠴᠢᠨᠠᠷᠲᠠᠶ ᠪᠷᠦ᠋ᠼᠧᠯ ᠡᠪᠡᠳᠴᠢᠲᠡᠨ ᠢ ᠵᠢᠯ ᠪᠦᠷᠢ ᠨᠢᠭᠡ ᠤᠳᠠᠭ᠎ᠠ ᠮᠥᠷᠳᠡᠨ ᠰᠤᠷᠪᠤᠯᠵᠢᠯᠠᠵᠤ᠂ ᠲᠦᠷᠭᠡᠨ ᠴᠢᠨᠠᠷᠲᠠᠶ ᠬᠤᠭᠤᠴᠠᠭᠠᠨ  ᠳᠠᠬᠢ ᠪᠷᠦ᠋ᠼᠧᠯ ᠡᠪᠡᠳᠴᠢᠨ ᠲᠠᠢ ᠡᠪᠡᠳᠴᠢᠲᠡᠨ ᠢ  ᠬᠠᠭᠠᠰ ᠰᠠᠷ᠎ᠠ ᠪᠦᠷᠢ ᠨᠢᠭᠡ ᠤᠳᠠᠭ᠎ᠠ ᠮᠥᠷᠳᠡᠨ ᠰᠤᠷᠪᠤᠯᠵᠢᠯᠠᠬᠤ ᠶᠢ ᠬᠡᠷᠡᠭᠵᠢᠭᠦᠯᠦᠨ᠎ᠡ᠃    ︵ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠲᠤᠯᠤᠭᠠᠶᠢᠯᠠᠨ᠂  ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶    2 . ᠣᠳᠣ  ᠪᠠᠶᠢᠬᠤ ᠡᠪᠡᠳᠴᠢᠨ ᠲᠠᠢ ᠬᠥᠮᠦᠨ ᠢ ᠶᠡᠷᠦᠩᠬᠡᠶᠢᠯᠡᠨ ᠬᠠᠪᠰᠤᠷᠤᠨ ᠲᠡᠳᠬᠦᠬᠦ ᠠᠵᠢᠯ ᠢ  ᠦᠷᠨᠢᠭᠦᠯᠦᠨ᠎ᠡ    ( 1 ) ᠹᠯᠣᠷᠲᠤ ᠶᠠᠰᠤᠨ ᠤ ᠬᠡᠮ᠂ ᠪᠷᠦ᠋ᠼᠧᠯ ᠡᠪᠡᠳᠴᠢᠨ ᠲᠠᠢ ᠡᠪᠡᠳᠴᠢᠲᠡᠨ ᠢ ᠵᠡᠮᠳᠡᠭ  ᠪᠣᠯᠬᠤ ᠡᠰᠡᠬᠦ ᠶᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠵᠦ᠂ ᠪᠠᠷᠢᠮᠵᠢᠶ᠎ᠠ ᠳᠤ  ᠨᠡᠶᠢᠴᠡᠭᠰᠡᠨ ᠡᠪᠡᠳᠴᠢᠲᠡᠨ ᠢ ᠵᠡᠮᠳᠡᠭᠴᠦᠳ  ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃    ︵2︶ ᠨᠥᠬᠦᠴᠡᠯ ᠳᠤ  ᠨᠡᠶᠢᠴᠡᠬᠦ ᠡᠪᠡᠳᠴᠢᠲᠡᠨ ᠤ ᠭᠡᠷ ᠪᠦᠯᠢ ᠶᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ  ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃    ︵3︶ ᠣᠳᠣ  ᠪᠠᠶᠢᠭ᠎ᠠ ᠡᠪᠡᠳᠴᠢᠲᠡᠨ ᠤ ᠭᠡᠷ ᠪᠦᠯᠢ ᠳᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠡᠷᠭᠡ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠠᠯᠬᠤᠴᠠ  ᠶᠢ ᠲᠦᠷᠭᠡᠳᠬᠡᠨ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ᠂ ᠡᠪᠡᠳᠴᠢᠨ ᠠᠴᠠ ᠪᠣᠯᠵᠤ ᠶᠠᠳᠠᠭᠤᠷᠠᠬᠤ   ᠶᠢ ᠬᠤᠷᠢᠭᠯᠠᠨ ᠵᠣᠭᠰᠣᠭᠠᠨ᠎ᠠ᠃    ︵ᠲᠣᠭᠤᠷᠢᠭ  ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠲᠤᠯᠤᠭᠠᠶᠢᠯᠠᠵᠤ᠂ ᠲᠣᠭᠤᠷᠢᠭ  ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶     ︵ᠭᠤᠷᠪᠠ︶ ᠬᠢᠨᠠᠨ ᠬᠡᠮᠵᠢᠵᠦ ᠦᠨᠡᠯᠡᠬᠦ ᠶᠢ ᠨᠡᠶᠢᠳᠡᠮ  ᠬᠡᠷᠡᠭᠵᠢᠭᠦᠯᠦᠨ᠎ᠡ    1 . ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠥᠷᠨᠢᠭᠦᠯᠵᠦ᠂ ᠬᠢᠨᠠᠨ ᠬᠡᠮᠵᠢᠯᠲᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠢᠣᠳ᠋ ᠳᠤᠲᠠᠭᠳᠠᠬᠤ ᠡᠪᠡᠳᠴᠢᠨ᠂ ᠤᠰᠤ ᠤᠤᠭᠤᠬᠤ ᠬᠡᠯᠪᠡᠷᠢ ᠶᠢᠨ ᠹᠯᠣᠷ ᠲᠤ ᠬᠤᠣᠷᠳᠠᠭᠳᠠᠬᠤ᠂ ᠪᠷᠦ᠋ᠼᠧᠯ ᠡᠪᠡᠳᠴᠢᠨ ᠪᠠ ᠬᠤᠯᠤᠭᠠᠨ᠎ᠠ ᠶᠢᠨ ᠡᠪᠡᠳᠴᠢᠨ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢ ᠵᠢᠯ ᠪᠦᠷᠢ ᠲᠤᠭᠤᠷᠢᠭ ᠤᠨ ᠵᠠᠰᠠᠭ ᠣᠨ ᠣᠷᠳᠣᠨ ᠳᠤ ᠮᠡᠳᠡᠭᠦᠯᠵᠦ᠂  ᠲᠤᠭᠤᠷᠢᠭ ᠤᠨ ᠵᠠᠰᠠᠭ  ᠤᠨ ᠣᠷᠳᠣᠨ ᠠᠴᠠ ᠬᠢᠨᠠᠨ ᠬᠡᠮᠵᠢᠯᠲᠡ ᠶᠢᠨ ᠮᠡᠳᠡᠭᠦᠯᠦᠯᠲᠡ ᠳᠤ ᠲᠤᠰᠬᠠᠭᠰᠠᠨ ᠠᠰᠠᠭᠤᠳᠠᠯ ᠢ ᠦᠨᠳᠦᠰᠦᠯᠡᠨ ᠴᠠᠭ ᠲᠤᠬᠠᠶ ᠳᠤᠨᠢ ᠪᠦᠲᠦᠮᠵᠢᠲᠡᠶ  ᠡᠵᠡᠮᠳᠡᠬᠦ ᠠᠷᠭ᠎ᠠ ᠬᠡᠮᠵᠢᠶ᠎ᠡ  ᠠᠪᠤᠨ᠎ᠠ᠃    2᠂ ᠬᠢᠵᠠᠭᠠᠷᠯᠠᠬᠤ ᠪᠠ ᠠᠷᠢᠯᠭᠠᠬᠤ ᠦᠨᠡᠯᠡᠯᠲᠡ ᠬᠢᠨ᠎ᠡ᠃ ︽ᠭᠤᠤᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ ᠦᠨᠡᠯᠡᠯᠲᠡ ᠶᠢᠨ ᠠᠷᠭ᠎ᠠ︾ ᠪᠠ ︽ᠤᠯᠤᠰ  ᠤᠨ ᠪᠷᠦ᠋ᠼᠧᠯ ᠪᠠᠺᠲ᠋ᠧᠷᠢ  ᠶᠢᠨ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠯᠡᠭᠡ ︵2016 — 2020 ᠣᠨ︶︾ ᠶᠢᠨ ᠱᠠᠭᠠᠷᠳᠠᠯᠭ᠎ᠠ ᠶᠣᠰᠣᠭᠠᠷ᠂ 2020 ᠣᠨ  ᠤ ᠰᠡᠭᠦᠯᠴᠢ ᠠᠴᠠ ᠡᠮᠦᠨ᠎ᠡ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ ᠦᠨᠡᠯᠡᠯᠲᠡ ᠶᠢᠨ ᠠᠵᠢᠯ ᠢ ᠪᠡᠶᠡᠯᠡᠭᠦᠯᠦᠨ᠎ᠡ᠃ ︵ ᠲᠤᠭᠤᠷᠢᠭ ‍ᠤᠨ‌ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ  ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠣᠰᠣᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ  ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶    ( ᠳᠥᠷᠪᠡ ) ᠤᠯᠠᠨ ᠲᠦᠮᠡᠨ ᠤ ᠡᠪᠡᠳᠴᠢᠨ ᠰᠡᠷᠭᠡᠶᠢᠯᠡᠬᠦ ᠦᠵᠡᠯ ᠤᠬᠠᠮᠰᠠᠷ  ᠢ  ᠳᠡᠭᠡᠭᠰᠢᠯᠡᠭᠦᠯᠦᠨ᠎ᠡ    1 . ᠡᠷᠬᠡ ᠰᠦᠷᠲᠦ ᠴᠢᠨᠠᠷᠲᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠢ ᠨᠡᠭᠡᠭᠡᠨ ᠬᠥᠭᠵᠢᠭᠦᠯᠵᠦ᠂ ᠬᠠᠮ ᠵᠠᠭᠤᠴᠢᠯᠠᠭᠤᠷ ᠤᠨ ᠲᠠᠪᠴᠠᠩ  ᠢ ᠪᠠᠶᠢᠭᠤᠯᠤᠨ᠎ᠠ᠃ ᠲᠤᠰᠬᠠᠶ ᠮᠡᠷᠭᠡᠵᠢᠯ ᠤᠨ ᠪᠠᠶᠢᠭᠤᠯᠤᠮᠵᠢ  ᠶᠢᠨ ᠣᠷᠣᠨ ᠲᠤᠭ᠎ᠠ ᠶᠢ ᠵᠣᠬᠢᠶᠠᠨ  ᠪᠠᠶᠢᠭᠤᠯᠤᠨ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠭᠤᠤᠯᠯᠠᠬᠤ ᠮᠡᠳᠡᠭᠡ ᠵᠠᠩᠭᠢ ᠶᠢ ᠨᠡᠶᠢᠲᠡᠯᠡᠵᠦ᠂ ᠨᠢᠭᠡ ᠪᠦᠯᠦᠭ ᠣᠷᠣᠨ ᠨᠤᠲᠤᠭ  ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠩᠰᠢᠬᠤ ᠪᠢᠴᠢᠭ ᠢ ᠬᠡᠪᠯᠡᠭᠦᠯᠬᠦ ᠪᠠ ᠲᠠᠨᠢᠯᠴᠠᠭᠤᠯᠵᠤ᠂ ᠡᠷᠬᠡ ᠰᠦᠷᠲᠦ ᠴᠢᠨᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ᠂ ᠰᠣᠨᠢᠷᠬᠠᠯᠲᠤ ᠴᠢᠨᠠᠷ  ᠢ ᠳᠣᠪᠣᠶᠢᠯᠭᠠᠨ᠎ᠠ᠃    2 . ᠣᠯᠠᠨ ᠬᠡᠯᠪᠡᠷᠢ ᠶᠢᠨ ᠡᠷᠡᠭᠦᠯ ᠮᠡᠨᠳᠦ ᠶᠢᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠠᠬᠢᠭᠤᠯᠤᠯ ᠢ ᠴᠢᠩᠭᠠᠳᠬᠠᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠵᠢᠴᠢ ᠪᠢᠴᠢᠯ ᠪᠯᠤᠭ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠬᠡᠷᠡᠭᠯᠡᠨ᠂ ᠠᠷᠠᠳ ᠣᠯᠠᠨ ᠤ ᠦᠵᠡᠵᠦ ᠰᠣᠨᠣᠰᠬᠤ ᠳᠤᠷᠠᠲᠠᠶ ᠦᠭᠡ  ᠶᠠᠷᠢᠶ᠎ᠠ ᠪᠠ ᠠᠷᠭ᠎ᠠ ᠮᠠᠶ᠋ᠢᠭ  ᠢ ᠬᠡᠷᠡᠭᠯᠡᠵᠦ᠂ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠦᠨ᠎ᠡ᠃ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠰᠤᠷᠭᠠᠭᠤᠯᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ  ᠪᠠᠶᠢᠭᠤᠯᠤᠮᠵᠢ᠂ ᠨᠡᠢᠭᠡᠮ ᠲᠣᠭᠤᠷᠢᠭ ᠵᠡᠷᠭᠡ ᠡᠷᠡᠭᠦᠯ ᠮᠡᠨᠳᠦ ᠶᠢᠨ ᠬᠥᠮᠦᠵᠢᠯ ᠤᠨ ᠠᠭᠤᠯᠭ᠎ᠠ ᠳᠤ ᠣᠷᠣᠭᠤᠯᠵᠤ᠂ 《 8 . 25 》 ᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ᠂ 《 5.  15 》 ᠤ ᠢᠣᠳ᠋ ᠳᠤᠲᠠᠭᠳᠠᠬᠤ ᠡᠳᠦᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠬᠢᠵᠦ᠂ ᠠᠷᠠᠳ ᠣᠯᠠᠨ ᠢ ᠦᠷᠭᠦᠯᠵᠢᠯᠡᠨ ᠬᠥᠲᠥᠯᠥᠨ ᠵᠢᠯᠣᠭᠤᠳᠴᠤ  ᠪᠠᠶᠢᠭᠠᠳ ᠵᠥᠪ ᠡᠷᠡᠭᠦᠯ ᠮᠡᠨᠳᠦ ᠶᠢᠨ ᠦᠵᠡᠯᠲᠡ ᠶᠢ ᠨᠢ ᠪᠣᠶ  ᠪᠤᠯᠭᠠᠨ᠂ ᠲᠡᠭᠦᠨ ᠢ ᠲᠠᠨᠢᠨ ᠮᠡᠳᠡᠬᠦ ᠪᠠᠨ ᠳᠡᠭᠡᠭᠰᠢᠯᠡᠭᠦᠯᠬᠦ ᠠᠴᠠ ᠣᠪᠣᠷ ᠢᠶᠠᠨ ᠬᠤᠪᠢᠷᠠᠭᠤᠯᠬᠤ ᠬᠦᠷᠲᠡᠯ᠎ᠡ ᠳᠠᠬᠢᠨ ᠰᠠᠨᠠᠭᠠᠴᠢᠯᠠᠭᠠᠲᠤ ᠦᠢᠯᠡᠳᠦᠯᠭᠡ ᠬᠢᠬᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠡᠷᠡᠭᠦᠯ ᠰᠠᠢᠬᠠᠨ ᠦᠢᠯᠡᠳᠪᠦᠷᠢᠯᠡᠯ᠂ ᠠᠮᠢᠳᠤᠷᠠᠯ  ᠤᠨ ᠠᠷᠭ᠎ᠠ ᠮᠠᠶ᠋ᠢᠭ ᠢ ᠪᠣᠶ ᠪᠣᠯᠭᠠᠵᠤ᠂ ᠡᠪᠡᠳᠴᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ 《 ᠡᠴᠦᠰ ᠤᠨ ᠨᠢᠭᠡ ᠺᠢᠯᠣᠮᠧᠲᠷ 》 ᠤᠨ ᠠᠰᠠᠭᠤᠳᠠᠯ ᠢ  ᠰᠢᠢᠳᠪᠦᠷᠢᠯᠡᠵᠦ᠂ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠡᠭᠦᠰᠬᠦ ᠶᠢ ᠪᠦᠲᠦᠮᠵᠢᠲᠡᠶ ᠪᠠᠷ ᠪᠠᠭᠠᠰᠬᠠᠨ᠎ᠠ᠃    ︵ᠲᠣᠭᠤᠷᠢᠭ  ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠲᠣᠭᠤᠷᠢᠭ  ᠤᠨ ᠨᠠᠮ  ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ  ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ︶   ( ᠲᠠᠪᠤ ) ᠰᠡᠷᠭᠡᠶᠢᠯᠡᠨ ᠵᠠᠰᠠᠬᠤ ᠴᠢᠳᠠᠪᠤᠷᠢ ᠪᠠᠨ  ᠳᠡᠭᠡᠭᠰᠢᠯᠡᠭᠦᠯᠦᠨ᠎ᠡ    1 . ᠲᠤᠭᠤᠷᠢᠭ  ᠤᠨ ᠳᠡᠰ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ  ᠪᠠᠶᠢᠭᠤᠯᠤᠯᠲᠠ ᠶᠢ ᠴᠢᠩᠭᠠᠳᠬᠠᠨ᠎ᠠ᠃  ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂  ᠲᠤᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠴᠢᠳᠠᠪᠤᠷᠢ ᠶᠢᠨ  ᠪᠠᠶᠢᠭᠤᠯᠤᠯᠲᠠ ᠶᠢ ᠴᠢᠩᠭᠠᠳᠬᠠᠵᠤ᠂ ᠪᠥᠬᠦ  ᠲᠤᠭᠤᠷᠢᠭ ᠤᠨ ᠣᠷᠣᠨ ᠨᠤᠲᠤᠭ ᠤᠨ ᠡᠪᠡᠳᠴᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ᠎ᠠ᠃    2 . ᠰᠡᠷᠭᠡᠶᠢᠯᠡᠨ ᠵᠠᠰᠠᠬᠤ ᠡᠩᠨᠡᠭᠡ ᠶᠢ ᠲᠣᠭᠲᠠᠪᠤᠷᠢᠵᠢᠭᠤᠯᠵᠤ᠂ ᠰᠡᠷᠭᠡᠶᠢᠯᠡᠨ ᠵᠠᠰᠠᠬᠤ ᠬᠦᠴᠦᠨ ᠬᠦᠷᠦᠯᠴᠡᠬᠦ ᠥᠬᠡᠶ ᠪᠠᠶᠢᠭ᠎ᠠ ᠠᠰᠠᠭᠤᠳᠠᠯ ᠢ ᠣᠯᠠᠨ ᠠᠷᠭ᠎ᠠ ᠵᠠᠮ ᠢᠶᠠᠷ ᠰᠢᠶᠳᠪᠦᠷᠢᠯᠡᠨ᠎ᠡ᠃ ᠰᠡᠷᠭᠡᠶᠢᠯᠡᠨ ᠵᠠᠰᠠᠬᠤ ᠠᠵᠢᠯ  ᠤᠨ ᠡᠭᠦᠷᠭᠡ ᠶᠢᠨ ᠬᠡᠷᠡᠭᠴᠡᠭᠡ ᠶᠢ ᠦᠨᠳᠦᠰᠦᠯᠡᠨ᠂ ᠣᠷᠣᠨ ᠨᠤᠲᠤᠭ  ᠤᠨ ᠡᠪᠡᠳᠴᠢᠨ᠂ ᠠᠮᠢᠲᠠᠨ  ᠤ ᠬᠢᠵᠢᠭ ᠡᠪᠡᠳᠴᠢᠨ  ᠢ ᠰᠡᠷᠭᠡᠶᠢᠯᠡᠨ ᠵᠠᠰᠠᠬᠤ ᠡᠩᠨᠡᠭᠡᠨ  ᠤ  ᠪᠠᠶᠢᠭᠤᠯᠤᠯᠲᠠ ᠶᠢ ᠴᠢᠩᠭᠠᠳᠬᠠᠵᠤ᠂ ᠰᠡᠷᠭᠡᠶᠢᠯᠡᠨ ᠵᠠᠰᠠᠬᠤ ᠠᠵᠢᠯᠲᠠᠨ  ᠤ ᠰᠢᠨᠡᠳᠬᠡᠨ ᠰᠣᠯᠢᠭᠳᠠᠬᠤ ᠶᠢ ᠦᠨᠡᠨᠬᠦ ᠪᠠᠲᠤᠯᠠᠵᠤ᠂ ᠴᠢᠳᠠᠪᠤᠷᠢᠲᠠᠨ  ᠤ ᠰᠢᠨ᠎ᠡ ᠬᠠᠭᠤᠴᠢᠨ ᠵᠠᠯᠭᠠᠵᠤ ᠳᠡᠶᠢᠯᠭᠦ ᠥᠬᠡᠶ  ᠪᠠᠶᠢᠬᠤ ᠠᠰᠠᠭᠤᠳᠠᠯ  ᠢ ᠰᠢᠢᠳᠪᠦᠷᠢᠯᠡᠨ᠎ᠡ᠃ ᠲᠤᠰᠬᠠᠶ ᠮᠡᠷᠭᠡᠵᠢᠯ ᠤᠨ ᠠᠵᠢᠯᠲᠠᠨ ᠤ ᠴᠠᠯᠢᠩ ᠣᠯᠭᠤᠮᠵᠢ ᠪᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠪᠠᠲᠤᠯᠠᠵᠤ᠂ ᠲᠤᠬᠠᠶ ᠶᠢᠨ ᠲᠠᠯᠠᠪᠤᠷ ᠤᠨ ᠠᠵᠢᠯ ᠤᠨ ᠨᠥᠬᠦᠪᠥᠷᠢ ᠶᠢ ᠨᠡᠮᠡᠭᠳᠡᠭᠦᠯᠦᠨ᠎ᠡ᠃ ᠰᠡᠷᠭᠡᠶᠢᠯᠡᠨ ᠵᠠᠰᠠᠭ ᠠᠵᠢᠯᠲᠠᠨ  ᠤ ᠮᠡᠷᠭᠡᠵᠢᠯ  ᠤᠨ ᠴᠣᠯᠠ  ᠢ ᠳᠡᠪᠰᠢᠭᠦᠯᠬᠦ ᠲᠠᠯ᠎ᠠ ᠪᠠᠷ ᠲᠥᠷᠥ  ᠶᠢᠨ ᠪᠣᠳᠣᠯᠭ᠎ᠠ ᠶᠢᠨ ᠲᠠᠯ᠎ᠠ ᠪᠠᠷ ᠬᠡᠯᠪᠡᠶᠢᠯᠭᠡᠵᠦ᠂ ᠳᠡᠪᠰᠢᠬᠦ ᠨᠥᠬᠦᠴᠡᠯ ᠢ ᠵᠣᠬᠢᠰᠲᠠᠢ ᠪᠠᠭᠤᠷᠠᠭᠤᠯᠤᠨ᠂ ᠡᠮᠦᠨ᠎ᠡ ᠹᠷᠣᠨᠲ ᠳᠤ ᠤᠷᠳᠤ ᠬᠤᠭᠤᠴᠠᠭ᠎ᠠ ᠪᠠᠷ ᠠᠵᠢᠭᠯᠠᠭᠰᠠᠨ ᠬᠥᠮᠦᠰ ᠢ ᠡᠩ ᠲᠡᠷᠢᠭᠦᠨ  ᠳᠤ ᠮᠡᠷᠭᠡᠵᠢᠯ  ᠤᠨ ᠴᠣᠯᠠ ᠳᠡᠪᠰᠢᠭᠦᠯᠬᠦ ᠬᠡᠷᠡᠭᠲᠡᠢ᠃    ︵ ᠲᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂  ᠲᠤᠭᠤᠷᠢᠭ  ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ  ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ   ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠢ ᠵᠠᠰᠠᠭ  ᠤᠨ ᠣᠷᠳᠣᠨ ᠤ ᠡᠳᠦᠷ ᠲᠣᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ ᠂ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ  ᠳᠤᠭᠤᠶᠢᠯᠠᠩ ᠪᠠᠶᠢᠭᠤᠯᠵᠤ᠂ ᠬᠤᠷᠠᠯ ᠬᠤᠷᠠᠯᠳᠤᠭᠤᠯᠤᠨ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ  ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠶᠳᠪᠦᠷᠢᠯᠡᠨ᠎ᠡ᠃ ᠣᠷᠣᠨ ᠨᠤᠲᠤᠭ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠢ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ  ᠶᠢᠨ ᠴᠢᠬᠤᠯᠠ  ᠠᠭᠤᠯᠭ᠎ᠠ ᠵᠢᠴᠢ ᠵᠠᠰᠠᠭ  ᠤᠨ ᠣᠷᠳᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠰᠢᠪᠠᠳᠠᠨ  ᠪᠠᠶᠢᠴᠠᠭᠠᠬᠤ ᠠᠭᠤᠯᠭ᠎ᠠ ᠳᠤ ᠣᠷᠣᠭᠤᠯᠤᠨ᠎ᠠ᠃ ᠲᠤᠰ ᠲᠥᠰᠦᠯ  ᠳᠤ ᠲᠣᠭᠲᠠᠭᠠᠭᠰᠠᠨ ᠡᠭᠦᠷᠭᠡ ᠠᠷᠭ᠎ᠠ ᠬᠡᠮᠵᠢᠶ᠎ᠡ ᠶᠢ ᠬᠢᠨᠠᠮᠠᠭᠠᠢ ᠵᠣᠬᠢᠶᠠᠨ  ᠪᠠᠶᠢᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠬᠢᠭᠡᠳ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ  ᠤᠨ ᠡᠬᠡ ᠳᠠᠩᠰᠠ ᠪᠠᠶᠢᠭᠤᠯᠤᠨ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠨᠢᠭᠲᠠ ᠬᠠᠮᠵᠢᠯᠴᠠᠨ᠂ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃    ︵ᠬᠤᠶᠠᠷ︶ ᠵᠠᠷᠤᠳᠠᠯ  ᠤᠨ ᠪᠠᠲᠤᠯᠠᠭ᠎ᠠ᠃ ᠰᠡᠷᠭᠡᠶᠢᠯᠡᠨ ᠵᠠᠰᠠᠬᠤ ᠪᠡᠯᠡ ᠮᠥᠩᠭᠦ  ᠶᠢ ᠨᠠᠶᠢᠳᠠᠪᠤᠷᠢᠵᠢᠭᠤᠯᠤᠨ᠂ ᠣᠷᠣᠨ ᠨᠤᠲᠤᠭ  ᠤᠨ ᠡᠪᠡᠳᠴᠢᠨ  ᠢ ᠰᠡᠷᠭᠡᠶᠢᠯᠡᠨ ᠵᠠᠰᠠᠭ ᠵᠠᠷᠤᠳᠠᠯ  ᠢ ᠪᠠᠲᠤᠯᠠᠬᠤ  ᠶᠢᠨ ᠬᠠᠮᠲᠤ ᠪᠡᠯᠡ ᠮᠥᠩᠭᠦ ᠶᠢᠨ ᠬᠤᠪᠢᠶᠠᠷᠢᠯᠠᠯᠲᠠ ᠢ ᠰᠡᠷᠭᠡᠶᠢᠯᠡᠨ ᠵᠠᠰᠠᠬᠤ ᠡᠭᠦᠷᠭᠡ  ᠪᠠᠨ ᠪᠡᠶᠡᠯᠡᠭᠦᠯᠦᠭᠰᠡᠨ ᠪᠠᠶᠢᠳᠠᠯ ᠲᠠᠢ ᠬᠤᠯᠪᠣᠭᠳᠠᠭᠤᠯᠬᠤ ᠲᠣᠭᠲᠠᠴᠠ ᠶᠢ  ᠪᠠᠶᠢᠭᠤᠯᠵᠤ᠂ ᠣᠷᠣᠨ ᠨᠤᠲᠤᠭ  ᠤᠨ ᠡᠪᠡᠳᠴᠢᠲᠡᠨ ᠲᠣᠭᠲᠠᠭᠠᠯ ᠶᠣᠰᠣᠭᠠᠷ ᠦᠨᠳᠦᠰᠦᠨ ᠡᠮᠨᠡᠯᠭᠡ  ᠶᠢᠨ ᠳᠠᠭᠠᠳᠬᠠᠯ  ᠳᠤ ᠣᠷᠣᠯᠴᠠᠬᠤ  ᠶᠢᠨ ᠬᠠᠮᠲᠤ ᠬᠤᠯᠪᠣᠭᠳᠠᠯ ᠪᠦᠬᠦᠢ ᠡᠮᠨᠡᠯᠭᠡ  ᠶᠢᠨ ᠪᠠᠲᠤᠯᠠᠭ᠎ᠠ  ᠶᠢᠨ ᠳᠠᠩᠰᠠ  ᠴᠠᠶᠢᠷᠠᠭᠤᠯᠬᠤ ᠲᠥᠷᠥ  ᠶᠢᠨ ᠪᠣᠳᠣᠯᠭ᠎ᠠ  ᠶᠢ ᠬᠦᠷᠲᠡᠨ᠎ᠡ᠃ ᠨᠥᠬᠦᠴᠡᠯ  ᠳᠤ  ᠨᠡᠶᠢᠴᠡᠬᠦ ᠬᠦᠴᠢᠷᠳᠡᠯᠲᠡᠢ ᠡᠪᠡᠳᠴᠢᠲᠡᠨ  ᠢ ᠲᠣᠭᠲᠠᠭᠠᠯ ᠶᠣᠰᠣᠭᠠᠷ  ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠡᠪᠴᠢᠶᠡᠨ  ᠳᠤ ᠣᠷᠣᠭᠤᠯᠵᠤ᠂ ᠡᠪᠡᠳᠴᠢᠲᠡᠨ  ᠤ ᠡᠮᠴᠢᠯᠡᠭᠡᠨ  ᠤ ᠵᠠᠷᠤᠳᠠᠯ ᠪᠣᠯᠤᠨ ᠦᠨᠳᠦᠰᠦᠨ ᠠᠮᠢᠳᠤᠷᠠᠯ  ᠤᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃   ᠵᠢᠷᠭᠤᠭ᠎ᠠ᠂ ᠰᠢᠯᠭᠠᠨ ᠬᠢᠨᠠᠵᠤ ᠦᠨᠡᠯᠡᠨ ᠵᠢᠱᠢᠬᠦ ᠲᠤᠭᠤᠷᠢᠭ ‍ᠤᠨ‌ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ  ᠠᠵᠢᠯᠯᠠᠭ᠎ᠠ  ᠶᠢᠨ ᠲᠥᠰᠦᠯ  ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠢᠨᠠᠨ ᠰᠢᠯᠭᠠᠬᠤ  ᠳᠠᠭᠠᠨ ᠴᠢᠨᠠᠷ ᠲᠣᠭᠲᠠᠭᠠᠬᠤ ᠪᠠ ᠬᠡᠮᠵᠢᠶ᠎ᠡ ᠲᠣᠭᠲᠠᠭᠠᠬᠤ᠂ ᠡᠩ  ᠤᠨ ᠦᠶ᠎ᠡ  ᠳᠤ ᠬᠢᠨᠠᠨ ᠬᠡᠮᠵᠢᠬᠦ᠂ ᠬᠠᠭᠠᠰ ᠵᠢᠯ  ᠳᠤ ᠬᠢᠨᠠᠨ  ᠪᠠᠶᠢᠴᠠᠭᠠᠬᠤ᠂ ᠵᠢᠯ  ᠤᠨ ᠡᠴᠦᠰ  ᠤᠨ  ᠪᠠᠶᠢᠴᠠᠭᠠᠯᠲᠠ ᠬᠢᠬᠦ  ᠵᠡᠷᠭᠡ ᠠᠷᠭ᠎ᠠ  ᠮᠠᠶ᠋ᠢᠭ ᠢ ᠠᠪᠴᠤ᠂ ᠠᠵᠢᠯ ᠤᠨ  ᠠᠭᠤᠯᠭ᠎ᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ  ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠨ᠎ᠡ᠃   
 
ᠢᠷᠡᠯᠲᠡ᠄ ᠶᠣᠸᠠᠨ ᠪᠣᠣ ᠱᠠᠨ ᠲᠣᠭᠤᠷᠢᠭ  ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1