| ᠤᠯᠠᠭᠠᠨᠬᠠᠳᠠ ᠬᠤᠲᠠ ᠶᠢᠨ ᠶᠤᠸᠠᠨ ᠪᠤᠣ ᠱᠠᠨ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ | ᠤ ᠠᠮᠤᠷ ᠲᠦᠪᠰᠢᠨ ᠤ ᠢᠨᠵᠧᠨᠧᠷᠢᠩ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ | ᠲᠤᠬᠠᠶ ᠤᠯᠠᠭᠠᠨᠬᠠᠳᠠ ᠬᠤᠲᠠ ᠶᠢᠨ ᠶᠤᠸᠠᠨ ᠪᠤᠣ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠲᠤᠭᠤᠷᠢᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | ᠤᠰᠤᠨ ᠠᠰᠢᠭᠯᠠᠯᠲᠠ ᠶᠢᠨ ᠶᠠᠮᠤᠨ ᠤ ︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠡᠳᠦᠭᠡ ︽ᠤᠯᠠᠭᠠᠨᠬᠠᠳᠠ ᠬᠤᠲᠠ ᠶᠢᠨ ᠶᠤᠸᠠᠨ ᠪᠤᠣ ᠱᠠᠨ ᠲᠣᠭᠤᠷᠢᠭ ᠤᠨ ᠬᠥᠳᠡᠭᠡ ᠲᠣᠰᠬᠤᠨ ᠤ | ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾ ᠶᠢ | ᠲᠠᠨᠠᠷ ᠲᠤ ᠳᠠᠷᠤᠮᠠᠯᠯᠠᠨ ᠲᠠᠷᠬᠠᠯ᠎ᠠ᠂ ᠵᠢᠷᠤᠮᠯᠠᠨ ᠬᠡᠷᠡᠭᠵᠢᠭᠦᠯᠲᠦᠭᠡᠶ᠃ | 2019 ᠣᠨ ᠤ 7 ᠰᠠᠷ᠎ᠠ ᠶᠢᠨ 5 ᠤ ᠡᠳᠦᠷ | | ᠤᠯᠠᠭᠠᠨᠬᠠᠳᠠ ᠬᠤᠲᠠ ᠶᠢᠨ ᠶᠤᠸᠠᠨ ᠪᠤᠣ ᠱᠠᠨ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ | ᠤ ᠠᠮᠤᠷ ᠲᠦᠪᠰᠢᠨ ᠤ ᠢᠨᠵᠧᠨᠧᠷᠢᠩ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠶᠯ ᠶᠤᠸᠠᠨ ᠪᠤᠣ ᠱᠠᠨ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ | ᠠᠮᠤᠷ ᠲᠦᠪᠰᠢᠨ ᠤ ᠢᠨᠵᠧᠨᠧᠷᠢᠩ ᠤᠨ ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠰᠠᠶᠢᠲᠤᠷ | ᠠᠵᠢᠯᠯᠠᠬᠤ ᠪᠠ ᠤᠷᠲᠤ ᠬᠤᠭᠤᠴᠠᠭ᠎ᠠ ᠪᠠᠷ ᠦᠷ᠎ᠡ ᠠᠰᠢᠭ ᠢᠶᠠᠨ ᠪᠠᠳᠠᠷᠠᠭᠤᠯᠬᠤ ᠶᠢ ᠪᠠᠲᠤᠯᠠᠬᠤ ᠶᠢᠨ ᠲᠤᠰᠠᠳᠠ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠲᠣᠭᠲᠠᠭᠠᠯ︾ | ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠤᠤᠭᠤᠬᠤ ᠤᠰᠤᠨ ᠤ | ᠤᠰᠤ ᠬᠠᠩᠭᠠᠬᠤ ᠳᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠶᠤᠸᠠᠨ ᠪᠤᠣ ᠱᠠᠨ ᠲᠣᠭᠤᠷᠢᠭ ᠤᠨ | ᠪᠣᠳᠠᠲᠠᠶ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠶᠯ ᠲᠣᠰ ᠠᠷᠭ᠎ᠠ ᠶᠤᠸᠠᠨ ᠪᠤᠣ ᠱᠠᠨ ᠲᠣᠭᠤᠷᠢᠭ ᠤᠨ ᠬᠢᠵᠠᠭᠠᠷ ᠳᠤᠲᠤᠷᠠᠬᠢ ᠲᠠᠷᠢᠶᠠᠴᠢᠨ | ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠤᠤᠭᠤᠬᠤ ᠤᠰᠤ ᠶᠢ ᠰᠢᠶᠳᠪᠦᠷᠢᠯᠡᠬᠦ ᠶᠢᠨ ᠲᠥᠯᠥᠭᠡ ᠪᠠᠶᠢᠭᠤᠯᠤᠭᠰᠠᠨ | ᠡᠯ᠎ᠡ ᠲᠥᠷᠥᠯ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠲᠤ ᠲᠣᠬᠢᠷᠠᠨ᠎ᠠ᠃ | ᠵᠠᠰᠠᠭ ᠵᠠᠬᠢᠷᠭᠠᠨ ᠤ ᠲᠣᠰᠬᠤᠨ ᠢ ᠠᠯᠤᠰᠯᠠᠵᠤ ᠪᠠᠶᠢᠭᠤᠯᠤᠭᠰᠠᠨ ᠲᠣᠰᠬᠤᠨ ᠬᠤᠯᠪᠤᠭᠠᠯᠠᠭᠰᠠᠨ ᠬᠥᠳᠡᠭᠡ ᠲᠣᠰᠬᠤᠨ | ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠂ ᠳᠠᠩ ᠭᠠᠭᠴᠠ ᠲᠣᠰᠬᠤᠨ ᠳᠤ ᠪᠠᠶᠢᠭᠤᠯᠤᠭᠰᠠᠨ | ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠵᠡᠷᠭᠡ ᠪᠠᠭᠲᠠᠨ᠎ᠠ᠃ | ᠭᠤᠷᠪᠠᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ | ᠬᠡᠷᠡᠭᠵᠢᠭᠦᠯᠬᠦ ᠬᠠᠮᠢᠶᠠᠷᠤᠯᠲᠠ ᠶᠢᠨ ᠶᠡᠷᠦᠩᠬᠡᠶ ᠬᠠᠷᠠᠯᠲᠠ ᠪᠣᠯ᠄ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠬᠦ | ᠤᠰᠤ ᠶᠢ ᠪᠠᠲᠤᠯᠠᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠶ ᠤᠰᠤ ᠬᠠᠩᠭᠠᠬᠤ ᠦᠶᠯᠡᠴᠢᠯᠡᠭᠡ ᠬᠠᠩᠭᠠᠬᠤ ᠪᠠᠷ | ᠵᠣᠷᠢᠯᠲᠠ ᠪᠤᠯᠭᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ᠂ ᠥᠮᠴᠢᠯᠡᠬᠦ | ᠡᠷᠬᠡ ᠶᠢᠨ ᠬᠠᠷᠢᠶᠠᠯᠠᠯ ᠲᠣᠳᠣᠷᠬᠠᠶ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠠᠶᠢᠳᠠᠪᠤᠷᠢᠵᠢᠭᠤᠯᠬᠤ᠂ | ᠬᠠᠷᠢᠭᠤᠴᠠᠯᠭ᠎ᠠ ᠡᠷᠬᠡ ᠠᠰᠢᠭ ᠢ ᠬᠠᠷᠢᠯᠴᠠᠨ ᠨᠢᠭᠡᠳᠬᠡᠭᠰᠡᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ | ᠲᠣᠭᠲᠠᠴᠠ ᠶᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠠᠷᠭ᠎ᠠ ᠮᠠᠶ᠋ᠢᠭ ᠢ ᠣᠷᠣᠭᠤᠯᠵᠤ ᠢᠷᠡᠨ᠂ | ᠤᠰᠤᠨ ᠤ ᠦᠨ᠎ᠡ ᠬᠠᠩᠰᠢ᠂ ᠬᠡᠮᠵᠢᠯᠲᠡ ᠶᠢᠨ ᠰᠦᠶᠳᠬᠡᠯ ᠬᠤᠷᠢᠶᠠᠬᠤ ᠶᠢ ᠵᠦᠶ ᠵᠣᠬᠢᠰᠲᠠᠶ ᠬᠢᠨᠠᠨ ᠲᠣᠭᠲᠠᠭᠠᠵᠤ᠂ | ᠤᠰᠤ ᠪᠠᠷ ᠤᠰᠤ ᠶᠢ ᠲᠡᠵᠢᠭᠡᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ | ᠲᠦᠪᠰᠢᠨ ᠤ ᠢᠨᠵᠧᠨᠧᠷᠢᠩ ᠤᠨ ᠰᠠᠶᠢᠲᠤᠷ ᠶᠠᠪᠤᠭᠳᠠᠬᠤ ᠢ ᠦᠨᠡᠨᠬᠦ ᠪᠠᠲᠤᠯᠠᠨ᠎ᠠ᠃ | ᠬᠤᠶᠠᠳᠤᠭᠠᠷ ᠪᠦᠯᠦᠭ ᠥᠮᠴᠢᠯᠡᠬᠦ ᠡᠷᠬᠡ ᠬᠢᠭᠡᠳ ᠪᠠᠶᠢᠭᠤᠯᠤᠮᠵᠢ | ᠳᠥᠷᠪᠡᠳᠦᠭᠡᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠬᠠᠮᠢᠶᠠᠷᠤᠯᠲᠠ ᠳᠤ ᠵᠠᠰᠠᠭ ᠵᠠᠬᠢᠷᠭᠠᠨ ᠤ ᠤᠳᠤᠷᠢᠳᠤᠯᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ | ᠶᠤᠸᠠᠨ ᠪᠤᠣ ᠱᠠᠨ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠲᠣᠭᠤᠷᠢᠭ ᠤᠨ ᠠᠷᠠᠳ | ᠤᠨ ᠵᠠᠰᠠᠭ ᠤᠨ ᠣᠷᠳᠣᠨ ᠢ ᠲᠥᠯᠥᠭᠡᠯᠡᠨ ᠶᠤᠸᠠᠨ ᠪᠤᠣ ᠱᠠᠨ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ | ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠶᠤᠸᠠᠨ ᠪᠤᠣ ᠱᠠᠨ | ᠲᠣᠭᠤᠷᠢᠭ ᠤᠨ ᠬᠡᠪᠴᠢᠶᠡᠨ ᠳᠤ ᠤᠯᠤᠰ ᠠᠴᠠ ᠪᠡᠯᠡ ᠣᠷᠣᠭᠤᠯᠵᠤ ᠰᠢᠨ᠎ᠡ ᠪᠠᠷ ᠪᠠᠶᠢᠭᠤᠯᠤᠭᠰᠠᠨ᠂ ᠪᠠᠬᠢᠵᠢᠭᠦᠯᠦᠨ | ᠳᠡᠭᠡᠭᠰᠢᠯᠡᠭᠦᠯᠦᠭᠰᠡᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠡᠳᠦᠷ | ᠲᠤᠲᠤᠮ ᠤᠨ ᠬᠠᠮᠢᠶᠠᠷᠤᠯᠲᠠ᠂ ᠮᠡᠷᠭᠡᠵᠢᠯ᠂ ᠮᠡᠷᠭᠡᠵᠢᠯ ᠤᠨ ᠴᠢᠳᠠᠪᠤᠷᠢ ᠶᠢᠨ ᠵᠢᠯᠣᠭᠤᠳᠣᠯᠭ᠎ᠠ ᠪᠠ ᠪᠣᠯᠪᠠᠰᠤᠷᠠᠭᠤᠯᠤᠯ | ᠢ ᠬᠠᠷᠢᠭᠤᠴᠠᠨ᠎ᠠ᠃ ᠶᠤᠸᠠᠨ ᠪᠤᠣ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠰᠠᠯᠠᠭ᠎ᠠ | ᠮᠥᠴᠢᠷ ᠶᠤᠸᠠᠨ ᠪᠤᠣ ᠱᠠᠨ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ ᠤᠨ ᠤᠤᠭᠤᠬᠤ ᠤᠰᠤᠨ ᠤ ᠬᠢᠨᠠᠯᠲᠠ ᠪᠠ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠠᠵᠢᠯ ᠢ | ᠬᠠᠷᠢᠭᠤᠴᠠᠵᠤ᠂ ᠶᠤᠸᠠᠨ ᠪᠤᠣ ᠱᠠᠨ ᠲᠣᠭᠤᠷᠢᠭ ᠤᠨ ᠤᠤᠭᠤᠬᠤ ᠤᠰᠤᠨ ᠤ ᠴᠢᠨᠠᠷ ᠢ ᠬᠢᠨᠠᠨ ᠰᠢᠯᠭᠠᠬᠤ ᠲᠣᠤᠷ | ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠲᠤᠨᠢ ᠲᠤᠬᠢᠷᠠᠭᠤᠯᠤᠨ ᠬᠢᠨᠠᠨ ᠡᠵᠡᠮᠳᠡᠨ᠎ᠡ᠃ ᠶᠤᠸᠠᠨ ᠪᠤᠣ | ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠶᠤᠸᠠᠨ ᠪᠤᠣ ᠱᠠᠨ ᠲᠣᠭᠤᠷᠢᠭ | ᠤᠨ ᠤᠤᠭᠤᠬᠤ ᠤᠰᠤᠨ ᠤ ᠰᠤᠷᠪᠤᠯᠵᠢ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ | ᠶᠢᠨ ᠠᠵᠢᠯ ᠢ ᠬᠠᠷᠢᠭᠤᠴᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠳᠤ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠶᠤᠸᠠᠨ ᠪᠤᠣ ᠱᠠᠨ ᠲᠣᠭᠤᠷᠢᠭ ᠤᠨ ᠥᠭᠡᠷᠡᠴᠢᠯᠡᠯᠲᠡ ᠬᠦᠭᠵᠢᠭᠦᠯᠦᠯᠲᠡ ᠶᠢᠨ ᠰᠠᠯᠠᠭ᠎ᠠ ᠮᠥᠴᠢᠷ | ᠤᠰᠤᠨ ᠤ ᠦᠨ᠎ᠡ ᠬᠠᠩᠰᠢ ᠶᠢ ᠬᠢᠨᠠᠨ ᠲᠣᠭᠲᠠᠭᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ | ᠤᠨ ᠲᠥᠷᠥᠯ ᠵᠦᠶᠯ ᠢ ᠪᠠᠶᠢᠭᠤᠯᠵᠤ ᠳᠠᠭᠤᠰᠬᠠᠭᠠᠳ ᠰᠢᠯᠭᠠᠨ ᠠᠪᠤᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ | ᠨᠢᠭᠡᠴᠡ ᠬᠢᠭᠡᠳ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ 1 ᠰᠠᠷ᠎ᠠ ᠶᠢᠨ ᠳᠣᠲᠣᠷ᠎ᠠ ᠰᠢᠯᠵᠢᠭᠦᠯᠦᠨ ᠲᠤᠰᠢᠶᠠᠬᠤ | ᠭᠠᠷᠳᠠᠮ ᠢ ᠭᠦᠶᠴᠡᠳᠬᠡᠵᠦ᠂ ᠪᠠᠷᠢᠯᠭ᠎ᠠ ᠶᠢᠨ ᠥᠮᠴᠢᠯᠡᠬᠦ ᠡᠷᠬᠡ ᠶᠢ ᠪᠠᠲᠤᠯᠠᠬᠤ ᠬᠡᠷᠡᠭᠲᠡᠶ᠃ ᠢᠨᠵᠧᠨᠧᠷᠢᠩ ᠢ | ᠰᠢᠯᠵᠢᠭᠦᠯᠦᠨ ᠲᠤᠰᠢᠶᠠᠭᠰᠠᠨ ᠤ ᠳᠠᠷᠠᠭ᠎ᠠ᠂ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠨᠢ ᠵᠠᠰᠠᠬᠤ ᠶᠢ | ᠪᠠᠲᠤᠯᠠᠬᠤ ᠬᠤᠭᠤᠴᠠᠭᠠᠨ ᠳᠠᠭᠤᠰᠤᠭᠰᠠᠨ ᠤ ᠳᠠᠷᠠᠭ᠎ᠠ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ | ᠶᠢᠨ ᠢᠨᠵᠧᠨᠧᠷᠢᠩ ᠤᠨ ᠭᠤᠤᠯ ᠬᠡᠰᠡᠭ ᠵᠢᠴᠢ ᠳᠠᠮᠵᠢᠭᠤᠯᠬᠤ ᠬᠤᠭᠤᠯᠠᠶ ᠶᠢ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ ᠶᠢ ᠬᠠᠷᠢᠭᠤᠴᠠᠨ᠎ᠠ᠂ ᠬᠡᠷᠪᠡ ᠭᠠᠳᠠᠭᠠᠳᠤ ᠰᠢᠯᠲᠠᠭᠠᠨ ᠠᠴᠠ ᠪᠣᠯᠵᠤ ᠬᠥᠳᠡᠭᠡ ᠲᠣᠰᠬᠤᠨ ᠤ ᠤᠤᠭᠤᠬᠤ | ᠤᠰᠤᠨ ᠤ ᠠᠶᠤᠯᠭᠦᠢ ᠶᠢᠨ ᠢᠨᠵᠧᠨᠧᠷᠢᠩ ᠤᠨ ᠭᠤᠤᠯ ᠬᠡᠰᠡᠭ ᠵᠢᠴᠢ ᠳᠠᠮᠵᠢᠭᠤᠯᠬᠤ ᠬᠤᠭᠤᠯᠠᠶ ᠡᠪᠳᠡᠷᠡᠭᠰᠡᠨ | ᠪᠠᠶᠢᠪᠠᠯ᠂ 《 ᠬᠡᠨ ᠡᠪᠳᠡᠭᠰᠡᠨ ᠪᠣᠯ ᠲᠡᠷᠡ ᠰᠡᠷᠭᠦᠭᠡᠬᠦ 》 ᠵᠠᠷᠴᠢᠮ ᠶᠣᠰᠣᠭᠠᠷ᠂ ᠡᠪᠳᠡᠭᠰᠡᠨ ᠨᠢᠭᠡᠴᠡ ᠪᠤᠶᠤ | ᠬᠤᠪᠢ ᠬᠥᠮᠦᠨ ᠬᠠᠷᠢᠭᠤᠴᠠᠨ ᠰᠢᠶᠳᠪᠦᠷᠢᠯᠡᠬᠦ ᠶᠢᠨ ᠬᠠᠮᠲᠤ ᠬᠤᠬᠢᠷᠠᠯ ᠢ ᠲᠥᠯᠥᠬᠦ ᠬᠡᠷᠡᠭᠲᠡᠶ᠃ | ᠵᠢᠷᠭᠤᠳᠤᠭᠠᠷ ᠵᠦᠶᠯ ᠥᠮᠴᠢᠯᠡᠬᠦ ᠡᠷᠬᠡ ᠶᠢᠨ ᠬᠠᠷᠢᠶᠠᠯᠠᠯ ᠬᠢᠭᠡᠳ ᠬᠠᠷᠢᠭᠤᠴᠠᠯᠭ᠎ᠠ ᠶᠢᠨ ᠬᠤᠪᠢᠶᠠᠷᠢᠯᠠᠯ | ( ᠨᠢᠭᠡ ) ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ | ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠪᠦᠬᠦ ᠲᠤᠭᠤᠷᠢᠭ ᠤᠨ ᠬᠥᠳᠡᠭᠡ ᠲᠣᠰᠬᠤᠨ ᠤ ᠤᠤᠭᠤᠬᠤ | ᠤᠰᠤᠨ ᠤ ᠠᠶᠤᠯᠭᠦᠢ ᠶᠢᠨ ᠢᠨᠵᠧᠨᠧᠷᠢᠩ ᠤᠨ ᠥᠮᠴᠢᠯᠡᠬᠦ ᠡᠷᠬᠡ ᠶᠢ ᠴᠥᠮ ᠬᠠᠷᠢᠶ᠎ᠠ ᠪᠠᠯᠭᠠᠰᠤ ᠰᠢᠶᠠᠩ ᠪᠤᠶᠤ | ᠲᠣᠰᠬᠤᠨ ᠳᠤ ᠰᠢᠯᠵᠢᠭᠦᠯᠦᠨ ᠲᠤᠰᠢᠶᠠᠵᠤ᠂ ᠠᠰᠢᠭ ᠬᠦᠷᠲᠡᠬᠦ ᠪᠠᠯᠭᠠᠰᠤ ᠰᠢᠶᠠᠩ ᠪᠤᠶᠤ ᠲᠣᠰᠬᠤᠨ ᠤ ᠬᠠᠮᠲᠤ ᠶᠢᠨ | ᠥᠮᠴᠢᠯᠡᠯ ᠢᠶᠠᠷ ᠲᠣᠭᠲᠠᠭᠠᠵᠤ᠂ ᠡᠯ᠎ᠡ ᠪᠠᠯᠭᠠᠰᠤ ᠰᠢᠶᠠᠩ ᠪᠤᠶᠤ ᠲᠣᠰᠬᠤᠨ ᠵᠢᠴᠢ ᠬᠠᠮᠢᠶᠠᠷᠴᠤ ᠬᠠᠮᠠᠭᠠᠯᠠᠬᠤ | ᠵᠣᠬᠢᠶᠠᠨ ᠪᠠᠶᠢᠭᠤᠯᠤᠯᠲᠠ ᠠᠴᠠ ᠬᠠᠷᠢᠭᠤᠴᠠᠨ ᠬᠠᠮᠠᠭᠠᠯᠠᠵᠤ ᠬᠠᠮᠢᠶᠠᠷᠤᠨ᠎ᠠ᠃ ᠡᠷᠦᠬᠡ ᠳᠤ ᠣᠷᠣᠬᠤ ᠢᠨᠵᠧᠨᠧᠷᠢᠩ | ᠤᠨ ᠥᠮᠴᠢᠯᠡᠬᠦ ᠡᠷᠬᠡ ᠨᠢ ᠤᠰᠤ ᠬᠡᠷᠡᠭᠯᠡᠬᠦ ᠡᠷᠦᠬᠡ ᠳᠤ ᠥᠮᠴᠢᠯᠡᠭᠳᠡᠵᠦ᠂ ᠤᠰᠤ ᠬᠡᠷᠡᠭᠯᠡᠬᠦ ᠡᠷᠦᠬᠡ ᠥᠪᠡᠷ ᠲᠡᠭᠡᠨ | ᠬᠠᠮᠢᠶᠠᠷᠴᠤ᠂ ᠬᠠᠮᠢᠶᠠᠷᠬᠤ ᠵᠢᠴᠢ ᠰᠡᠯᠪᠢᠨ ᠵᠠᠰᠠᠬᠤ ᠵᠠᠷᠤᠳᠠᠯ ᠢ ᠤᠰᠤ ᠬᠡᠷᠡᠭᠯᠡᠬᠦ ᠡᠷᠦᠬᠡ ᠥᠪᠡᠷ ᠲᠡᠭᠡᠨ | ᠡᠭᠦᠷᠭᠡᠯᠡᠵᠦ᠂ ᠬᠠᠮᠢᠶᠠᠷᠤᠯᠲᠠ ᠶᠢᠨ ᠶᠠᠪᠤᠳᠠᠯ ᠠᠴᠠ ᠪᠣᠯᠤᠭᠰᠠᠨ ᠪᠤᠢ ᠪᠦᠬᠦᠢ ᠬᠤᠬᠢᠷᠠᠯ ᠢ ᠤᠰᠤ ᠬᠡᠷᠡᠭᠯᠡᠬᠦ ᠡᠷᠦᠬᠡ | ᠡᠭᠦᠷᠭᠡᠯᠡᠬᠦ ᠬᠡᠷᠡᠭᠲᠡᠶ᠃ | ( ᠬᠤᠶᠠᠷ ) ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠥᠳᠡᠭᠡ ᠲᠣᠰᠬᠤᠨ ᠤ ᠤᠤᠭᠤᠬᠤ ᠤᠰᠤᠨ ᠤ | ᠠᠶᠤᠯᠭᠦᠢ ᠶᠢᠨ ᠢᠨᠵᠧᠨᠧᠷᠢᠩ ᠤᠨ ᠤᠰᠤ ᠬᠠᠩᠭᠠᠬᠤ ᠪᠡᠯᠡᠳᠬᠡᠮᠵᠢ ᠶᠢ ᠳᠤᠷ᠎ᠠ ᠪᠠᠷ ᠢᠶᠠᠨ ᠥᠭᠡᠷᠡᠴᠢᠯᠡᠨ | ᠤᠭᠰᠠᠷᠠᠵᠤ᠂ ᠨᠡᠭᠦᠯᠭᠡᠨ ᠰᠢᠯᠵᠢᠭᠦᠯᠵᠦ᠂ ᠨᠤᠷᠠᠭᠠᠵᠤ ᠪᠣᠯᠬᠤ ᠦᠭᠡᠢ᠂ ᠬᠥᠳᠡᠭᠡ ᠲᠣᠰᠬᠤᠨ ᠤ ᠤᠤᠭᠤᠬᠤ ᠤᠰᠤᠨ | ᠤ ᠠᠶᠤᠯᠭᠦᠢ ᠶᠢᠨ ᠢᠨᠵᠧᠨᠧᠷᠢᠩ ᠤᠨ ᠤᠰᠤ ᠬᠠᠩᠭᠠᠬᠤ ᠲᠦᠭᠦᠭᠡᠷᠦᠮᠵᠢ ᠶᠢᠨ ᠠᠵᠢᠯᠯᠠᠭᠠᠨ ᠤ ᠠᠶᠤᠯᠭᠦᠢ ᠶᠢ | ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ᠃ ᠤᠰᠤ ᠬᠡᠷᠡᠭᠯᠡᠬᠦ ᠡᠷᠦᠬᠡ ᠤᠰᠤ ᠬᠡᠷᠡᠭᠯᠡᠬᠦ ᠪᠡᠯᠡᠳᠬᠡᠮᠵᠢ ᠶᠢ ᠰᠢᠨ᠎ᠡ | ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ ᠨᠤᠷᠠᠭᠠᠵᠤ ᠨᠡᠭᠦᠯᠭᠡᠬᠦ ᠳᠤ ᠤᠰᠤ ᠬᠠᠩᠭᠠᠬᠤ ᠭᠤᠤᠯ ᠴᠣᠭᠴᠠ | ᠶᠢᠨ ᠢᠨᠵᠧᠨᠧᠷᠢᠩ ᠬᠤᠯᠪᠣᠭᠳᠠᠪᠠᠯ᠂ ᠰᠢᠶᠠᠩ ᠪᠠᠯᠭᠠᠰᠤ ᠪᠤᠶᠤ ᠲᠣᠰᠬᠤᠨ ᠵᠢᠴᠢ ᠬᠠᠮᠢᠶᠠᠷᠴᠤ ᠬᠠᠮᠠᠭᠠᠯᠠᠬᠤ ᠵᠣᠬᠢᠶᠠᠨ | ᠪᠠᠶᠢᠭᠤᠯᠤᠯᠲᠠ ᠶᠢᠨ ᠵᠥᠪᠰᠢᠶᠡᠷᠡᠯ ᠢ ᠣᠯᠬᠤ ᠬᠡᠷᠡᠭᠲᠡᠶ᠃ ᠤᠰᠤ ᠬᠠᠩᠭᠠᠬᠤ ᠲᠥᠬᠦᠭᠡᠷᠦᠮᠵᠢ ᠶᠢ ᠡᠪᠳᠡᠵᠦ | ᠰᠦᠶᠳᠬᠡᠭᠰᠡᠨ ᠪᠠᠶᠢᠪᠠᠯ᠂ ᠬᠠᠷᠢᠭᠤᠴᠠᠯᠭ᠎ᠠ ᠲᠠᠢ ᠨᠢᠭᠡᠴᠢ ᠪᠤᠶᠤ ᠬᠤᠪᠢ ᠬᠥᠮᠦᠨ ᠬᠠᠤᠯᠢ ᠶᠣᠰᠣᠭᠠᠷ ᠲᠥᠯᠥᠬᠦ | ᠬᠡᠷᠡᠭᠲᠡᠶ᠃ | ᠳᠣᠯᠣᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠤᠨ | ᠠᠵᠢᠯᠯᠠᠭᠠᠨ ᠢ ᠬᠠᠮᠢᠶᠠᠷᠬᠤ ᠨᠢᠭᠡᠴᠢ᠂ ᠲᠤᠰᠬᠠᠶ ᠬᠠᠮᠢᠶᠠᠷᠬᠤ ᠪᠠᠶᠢᠭᠤᠯᠤᠮᠵᠢ ᠶᠢᠨ ᠦᠨᠳᠦᠰᠦᠨ ᠲᠤᠰᠢᠶᠠᠯ | ᠬᠠᠷᠢᠭᠤᠴᠠᠯᠭ᠎ᠠ | ( ᠨᠢᠭᠡ ) ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠤᠨ | ᠲᠤᠤᠱᠯᠠᠭᠤᠯᠤᠨ ᠬᠡᠷᠡᠭᠵᠢᠭᠦᠯᠬᠦ᠂ ᠤᠰᠤ ᠶᠢ ᠠᠷᠪᠢᠯᠠᠨ ᠬᠡᠷᠡᠭᠯᠡᠬᠦ ᠮᠡᠳᠡᠯᠭᠡ ᠶᠢ ᠤᠬᠠᠭᠤᠯᠬᠤ ᠃ | ︵ᠬᠤᠶᠠᠷ︶ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠮᠤᠷ | ᠲᠦᠪᠰᠢᠨ ᠠᠵᠢᠯᠯᠠᠭᠠᠨ ᠢ ᠬᠠᠤᠯᠢ ᠶᠣᠰᠣᠭᠠᠷ ᠬᠠᠮᠠᠭᠠᠯᠠᠵᠤ᠂ ᠢᠨᠵᠧᠨᠧᠷᠢᠩ ᠤᠨ ᠲᠦᠭᠦᠭᠡᠷᠦᠮᠵᠢ ᠶᠢᠨ ᠠᠮᠤᠷ | ᠲᠦᠪᠰᠢᠨ ᠢ ᠬᠠᠮᠠᠭᠠᠯᠠᠬᠤ ᠬᠡᠷᠡᠭᠲᠡᠶ︔ | ︵ᠭᠤᠷᠪᠠ︶ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠤᠤᠭᠤᠬᠤ ᠤᠰᠤᠨ ᠤ | ᠠᠮᠤᠷ ᠲᠦᠪᠰᠢᠨ ᠢ ᠦᠨᠡᠨᠬᠦ ᠪᠠᠲᠤᠯᠠᠨ᠂ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ | ( ᠳᠥᠷᠪᠡ ) ᠤᠤᠭᠤᠬᠤ ᠤᠰᠤᠨ ᠤ ᠠᠶᠤᠯᠭᠦᠢ ᠶᠢᠨ ᠡᠯ᠎ᠡ ᠵᠦᠶᠯ ᠤᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠤᠤᠭᠤᠬᠤ ᠤᠰᠤᠨ ᠤ ᠠᠶᠤᠯᠭᠦᠢ ᠶᠢᠨ ᠪᠠᠴᠢᠮ ᠪᠠᠶᠢᠳᠠᠯ ᠢ ᠠᠷᠭᠠᠴᠠᠬᠤ ᠡᠯ᠎ᠡ | ᠵᠦᠶᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠤᠤᠭᠤᠬᠤ ᠤᠰᠤᠨ ᠤ ᠠᠶᠤᠯᠭᠦᠢ ᠶᠢᠨ ᠭᠡᠨᠡᠳᠲᠡ ᠡᠭᠦᠰᠬᠦ | ᠠᠳᠡᠯ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠲᠠᠪᠤ ︶ ᠲᠣᠰ ᠬᠠᠷᠢᠶ᠎ᠠ ᠣᠷᠣᠨ ᠤ ᠪᠠᠨ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ | ᠶᠢᠨ ᠢᠨᠵᠧᠨᠧᠷᠢᠩ ᠤᠨ ᠡᠳᠦᠷ ᠲᠤᠲᠤᠮ ᠤᠨ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠶᠢ ᠬᠠᠷᠢᠭᠤᠴᠠᠵᠤ᠂ | ᠢᠨᠵᠧᠨᠧᠷᠢᠩ ᠤᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠨ᠂ ᠲᠤᠰᠬᠠᠶ ᠬᠠᠮᠢᠶᠠᠷᠬᠤ ᠪᠠᠶᠢᠭᠤᠯᠤᠮᠵᠢ ᠨᠤᠭᠤᠳ | ᠠᠵᠢᠯᠯᠠᠭᠠᠨ ᠤ ᠬᠠᠮᠢᠶᠠᠷᠤᠯᠲᠠ ᠶᠢᠨ ᠰᠠᠭᠤᠷᠢ ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠶ᠃ | ᠭᠤᠷᠪᠠᠳᠤᠭᠠᠷ ᠪᠦᠯᠦᠭ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠰᠠᠭᠤᠷᠢ ᠮᠥᠩᠭᠦ ᠪᠠᠶᠢᠭᠤᠯᠬᠤ | ᠪᠠ ᠬᠡᠷᠡᠭᠯᠡᠬᠦ | ᠨᠠᠶᠮᠠᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠠᠵᠢᠯᠯᠠᠭᠠᠨ ᠤ ᠬᠠᠮᠢᠶᠠᠷᠤᠯᠲᠠ ᠶᠢᠨ ᠰᠠᠭᠤᠷᠢ ᠮᠥᠩᠭᠦ ᠶᠢ ᠪᠠᠶᠢᠭᠤᠯᠵᠤ᠂ ᠶᠤᠸᠠᠨ ᠪᠤᠣ ᠱᠠᠨ ᠲᠣᠭᠤᠷᠢᠭ ᠤᠨ | ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠰᠡᠯᠪᠢᠨ ᠵᠠᠰᠠᠵᠤ ᠥᠭᠡᠷᠡᠴᠢᠯᠡᠬᠦ | ᠂ ᠠᠵᠢᠯᠯᠠᠭᠠᠨ ᠢ ᠬᠠᠮᠠᠭᠠᠯᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ ᠵᠠᠷᠤᠳᠠᠯ ᠳᠤ | ᠬᠡᠷᠡᠭᠯᠡᠬᠦ ᠬᠡᠷᠡᠭᠲᠡᠶ᠃ | ︵ᠨᠢᠭᠡ︶ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠬᠠᠮᠢᠶᠠᠷᠴᠤ | ᠬᠠᠮᠠᠭᠠᠯᠠᠬᠤ ᠪᠡᠯᠡ ᠮᠥᠩᠭᠦ ᠶᠢ ᠳᠡᠭᠡᠳᠦ ᠱᠠᠲᠤᠨ ᠤ ᠲᠤᠰᠬᠠᠶ ᠵᠦᠶᠯ ᠤᠨ ᠲᠤᠰᠠᠯᠠᠮᠵᠢ ᠶᠢᠨ ᠪᠡᠯᠡ ᠮᠥᠩᠭᠦ᠂ | ᠲᠤᠭᠤᠷᠢᠭ ᠤᠨ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ᠂ ᠤᠰᠤᠨ ᠤ ᠵᠠᠷᠤᠳᠠᠯ ᠢ ᠬᠤᠪᠢᠳᠠᠨ ᠦᠯᠡᠳᠡᠭᠡᠬᠦ | ᠂ ᠣᠯᠠᠨ ᠲᠦᠮᠡᠨ ᠥᠪᠡᠷ ᠲᠡᠭᠡᠨ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠤᠨ᠎ᠠ᠃ | ︵ᠬᠤᠶᠠᠷ︶ ᠲᠤᠭᠤᠷᠢᠭ ᠤᠨ ᠳᠣᠲᠣᠷᠠᠬᠢ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠪᠦᠬᠦᠨ ᠳᠤ ᠡᠷᠬᠡᠪᠰᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠪᠠᠶᠢᠭᠤᠯᠵᠤ᠂ | ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠶᠢ ᠵᠠᠷᠴᠢᠮ ᠳᠡᠭᠡᠷ᠎ᠡ ᠪᠠᠨ ᠥᠪᠡᠷ ᠲᠡᠭᠡᠨ | ᠴᠤᠭᠯᠠᠭᠤᠯᠬᠤ ᠬᠡᠷᠡᠭᠲᠡᠶ᠃ ᠲᠣᠭᠤᠷᠢᠭ᠂ ᠰᠢᠶᠠᠩ᠂ ᠲᠣᠰᠬᠤᠨ ᠭᠤᠷᠪᠠᠨ ᠱᠠᠲᠤᠨ ᠤ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ ᠰᠠᠭᠤᠷᠢ ᠮᠥᠩᠭᠦ ᠪᠠᠶᠢᠭᠤᠯᠬᠤ ᠪᠠᠷ ᠳᠠᠮᠵᠢᠭᠤᠯᠤᠨ᠂ ᠥᠪᠡᠷ ᠲᠡᠭᠡᠨ ᠴᠤᠭᠯᠠᠭᠤᠯᠬᠤ ᠪᠠᠷ ᠭᠤᠤᠯ | ᠪᠣᠯᠭᠠᠵᠤ᠂ ᠨᠥᠬᠦᠪᠥᠷᠢᠯᠡᠬᠦ ᠪᠠᠷ ᠬᠠᠪᠰᠤᠷᠤᠮᠵᠢ ᠪᠣᠯᠭᠠᠬᠤ ᠵᠠᠷᠴᠢᠮ ᠢ ᠪᠠᠷᠢᠮᠲᠠᠯᠠᠨ᠂ 《 ᠤᠰᠤ ᠪᠠᠷ ᠤᠰᠤ ᠶᠢ | ᠲᠡᠵᠢᠭᠡᠵᠦ᠂ ᠵᠢᠭᠠᠬᠠᠨ ᠦᠯᠡᠳᠡᠪᠦᠷᠢ ᠲᠠᠢ ᠪᠠᠶᠢᠯᠭᠠᠬᠤ 》 ᠶᠢ ᠪᠡᠶᠡᠯᠡᠭᠦᠯᠬᠦ ᠬᠡᠷᠡᠭᠲᠡᠶ᠃ | ᠲᠤᠭᠤᠷᠢᠭ ᠤᠨ ᠱᠠᠲᠤᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠶᠢ ᠳᠡᠭᠡᠳᠦ | ᠱᠠᠲᠤᠨ ᠤ ᠰᠠᠯᠠᠭ᠎ᠠ ᠮᠥᠴᠢᠷ ᠠᠴᠠ ᠬᠤᠪᠢᠶᠠᠷᠢᠯᠠᠨ ᠥᠭᠭᠦᠭᠰᠡᠨ ᠰᠡᠯᠪᠢᠨ ᠵᠠᠰᠠᠬᠤ ᠪᠡᠯᠡ ᠮᠥᠩᠭᠦ ᠪᠣᠯᠤᠨ | ᠲᠤᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠦᠪ ᠤᠨ ᠲᠣᠬᠢᠷᠠᠭᠤᠯᠤᠯᠲᠠ ᠪᠠᠷ ᠳᠠᠮᠵᠢᠨ | ᠪᠠᠲᠤᠯᠠᠨ ᠨᠠᠶᠢᠳᠠᠪᠤᠷᠢᠵᠢᠭᠤᠯᠵᠤ᠂ ᠶᠤᠸᠠᠨ ᠪᠤᠣ ᠱᠠᠨ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ | ᠠᠴᠠ ᠲᠤᠰᠬᠠᠶ ᠳᠠᠩᠰᠠ ᠪᠠᠶᠢᠭᠤᠯᠤᠨ ᠬᠠᠮᠢᠶᠠᠷᠴᠤ᠂ ᠲᠤᠰᠬᠠᠶ ᠵᠣᠭᠤᠰ ᠢ ᠲᠤᠰᠬᠠᠶ ᠵᠦᠶᠯ ᠳᠤᠨᠢ ᠬᠡᠷᠡᠭᠯᠡᠬᠦ ᠵᠠᠷᠴᠢᠮ | ᠢ ᠵᠢᠷᠤᠮᠯᠠᠨ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠰᠤ ᠬᠠᠩᠭᠠᠬᠤ | ᠪᠡᠯᠡᠳᠬᠡᠮᠵᠢ ᠶᠢ ᠬᠥᠮᠦᠨ ᠪᠤᠰᠤ ᠰᠢᠯᠲᠠᠭᠠᠨ ᠠᠴᠠ ᠪᠣᠯᠵᠤ ᠡᠪᠳᠡᠵᠦ ᠰᠦᠶᠳᠬᠡᠭᠰᠡᠨ ᠪᠣᠯ ᠵᠠᠰᠠᠵᠤ ᠰᠡᠷᠭᠦᠭᠡᠬᠦ ᠳᠤ | ᠲᠤᠰᠬᠠᠶ ᠵᠦᠶᠯ ᠢᠶᠠᠷ ᠬᠡᠷᠡᠭᠯᠡᠵᠦ᠂ ᠬᠢᠨᠠᠭᠠᠳ ᠦᠨᠡᠬᠡᠷ ᠡᠭᠦᠷᠭᠡᠯᠡᠵᠦ ᠳᠡᠶᠢᠯᠬᠦ ᠦᠭᠡᠢ ᠬᠡᠰᠡᠭ ᠢ ᠬᠥᠳᠡᠭᠡ ᠲᠣᠰᠬᠤᠨ | ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠨᠥᠬᠦᠪᠥᠷᠢ ᠥᠭᠬᠦ ᠬᠡᠷᠡᠭᠲᠡᠶ᠃ | ᠡᠯ᠎ᠡ ᠪᠠᠯᠭᠠᠰᠤ ᠶᠢᠨ ᠴᠤᠭᠯᠠᠭᠤᠯᠤᠭᠰᠠᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠳᠤ | ᠲᠤᠰᠬᠠᠶ ᠳᠠᠩᠰᠠ ᠪᠠᠶᠢᠭᠤᠯᠵᠤ᠂ ᠬᠠᠷᠢᠶ᠎ᠠ ᠣᠷᠣᠨ ᠤ ᠪᠠᠨ ᠳᠣᠲᠣᠷᠠᠬᠢ ᠬᠥᠳᠡᠭᠡ ᠲᠣᠰᠬᠤᠨ ᠤ ᠤᠤᠭᠤᠬᠤ ᠤᠰᠤᠨ | ᠤ ᠠᠶᠤᠯᠭᠦᠢ ᠶᠢᠨ ᠢᠨᠵᠧᠨᠧᠷᠢᠩ ᠤᠨ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠪᠠ ᠰᠡᠯᠪᠢᠨ ᠵᠠᠰᠠᠬᠤ ᠳᠤ | ᠲᠤᠰᠬᠠᠶ ᠬᠡᠷᠡᠭᠯᠡᠬᠦ ᠶᠢᠨ ᠬᠠᠮᠲᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠶᠢ ᠰᠠᠶᠢᠲᠤᠷ ᠬᠢᠬᠦ ᠬᠡᠷᠡᠭᠲᠡᠶ᠃ | ᠡᠯ᠎ᠡ ᠲᠣᠰᠬᠤᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠶᠢ ᠤᠰᠤᠨ ᠤ ᠰᠦᠶᠳᠬᠡᠯ | ᠠᠴᠠ ᠬᠤᠪᠢᠳᠠᠨ ᠦᠯᠡᠳᠡᠭᠡᠬᠦ᠂ ᠤᠰᠤ ᠬᠡᠷᠡᠭᠯᠡᠬᠦ ᠡᠷᠦᠬᠡ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠤᠰᠬᠠᠶ ᠳᠠᠩᠰᠠ ᠪᠠᠶᠢᠭᠤᠯᠤᠨ᠂ ᠲᠤᠰᠬᠠᠶ ᠳᠠᠩᠰᠠ ᠪᠠᠷ ᠬᠠᠳᠠᠭᠠᠯᠠᠵᠤ᠂ ᠬᠡᠷᠡᠭᠯᠡᠭᠰᠡᠨ ᠪᠠᠶᠢᠳᠠᠯ ᠨᠢ ᠤᠰᠤ | ᠬᠡᠷᠡᠭᠯᠡᠬᠦ ᠡᠷᠦᠬᠡ ᠪᠣᠯᠤᠨ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ | ᠶᠢᠰᠦᠳᠦᠭᠡᠷ ᠵᠦᠶᠯ ᠡᠵᠡᠩᠨᠡᠯᠲᠡ ᠬᠠᠮᠢᠶᠠᠷᠤᠯᠲᠠ ᠶᠢᠨ ᠰᠠᠭᠤᠷᠢ ᠮᠥᠩᠭᠦ ᠳᠤ ᠠᠷᠪᠢᠯᠠᠨ ᠭᠠᠮᠨᠠᠬᠤ ᠵᠠᠷᠴᠢᠮ | ᠢ ᠵᠢᠷᠤᠮᠯᠠᠬᠤ ᠬᠡᠷᠡᠭᠲᠡᠶ᠃ | ᠡᠵᠡᠩᠨᠡᠯᠲᠡ ᠬᠠᠮᠢᠶᠠᠷᠤᠯᠲᠠ ᠶᠢᠨ ᠰᠠᠭᠤᠷᠢ ᠮᠥᠩᠭᠦ ᠶᠢ ᠡᠩ ᠲᠡᠷᠢᠭᠦᠨ ᠳᠤ ᠲᠤᠰᠬᠤᠨ ᠤ ᠱᠠᠲᠤᠨ ᠤ | ᠬᠠᠮᠢᠶᠠᠷᠤᠯᠲᠠ ᠶᠢᠨ ᠨᠢᠭᠡᠴᠢ ᠠᠴᠠ ᠭᠤᠶᠤᠴᠢᠯᠠᠯ ᠭᠠᠷᠭᠠᠵᠤ᠂ ᠪᠠᠯᠭᠠᠰᠤ ᠰᠢᠶᠠᠩ ᠤᠨ ᠲᠤᠰᠬᠠᠶ ᠬᠠᠮᠢᠶᠠᠷᠬᠤ | ᠪᠠᠶᠢᠭᠤᠯᠤᠮᠵᠢ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ ᠨᠤᠲᠠᠯᠠᠭᠤᠯᠤᠨ᠎ᠠ᠂ ᠪᠠᠯᠭᠠᠰᠤ ᠰᠢᠶᠠᠩ ᠤᠨ ᠠᠷᠠᠳ ᠤᠨ | ᠵᠠᠰᠠᠭ ᠤᠨ ᠣᠷᠳᠣᠨ ᠵᠥᠪᠰᠢᠶᠡᠷᠡᠭᠰᠡᠨ ᠤ ᠲᠠᠷᠠᠭ᠎ᠠ᠂ ᠲᠤᠰᠬᠠᠶ ᠮᠡᠷᠭᠡᠵᠢᠯ ᠤᠨ ᠰᠡᠯᠪᠢᠨ ᠵᠠᠰᠠᠬᠤ ᠠᠩᠭᠢ ᠠᠴᠠ | ᠬᠡᠷᠡᠭᠵᠢᠭᠦᠯᠦᠨ᠎ᠡ᠃ | ᠳᠥᠷᠪᠡᠳᠦᠭᠡᠷ ᠪᠦᠯᠦᠭ ᠢᠨᠵᠧᠨᠧᠷᠢᠩ ᠤᠨ ᠬᠠᠮᠢᠶᠠᠷᠤᠯᠲᠠ | ᠠᠷᠪᠠᠳᠤᠭᠠᠷ ᠵᠦᠶᠯ ᠲᠣᠰᠬᠤᠨ ᠬᠤᠯᠪᠤᠭᠠᠯᠠᠭᠰᠠᠨ ᠬᠥᠳᠡᠭᠡ ᠲᠣᠰᠬᠤᠨ ᠤ ᠤᠤᠭᠤᠬᠤ ᠤᠰᠤᠨ ᠤ | ᠠᠶᠤᠯᠭᠦᠢ ᠶᠢᠨ ᠢᠨᠵᠧᠨᠧᠷᠢᠩ ᠢ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠠᠴᠠ ᠢᠨᠵᠧᠨᠧᠷᠢᠩ | ᠤᠨ ᠪᠠᠶᠢᠳᠠᠯ ᠢ ᠦᠨᠳᠦᠰᠦᠯᠡᠨ᠂ ᠬᠠᠮᠢᠶᠠᠷᠤᠯᠲᠠ ᠶᠢᠨ ᠨᠢᠭᠡᠴᠡ ᠪᠣᠯᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ | ᠲᠣᠭᠲᠠᠭᠠᠵᠤ᠂ ᠲᠤᠰᠠᠭᠠᠷ ᠡᠵᠡᠩᠨᠡᠬᠦ᠂ ᠲᠤᠰᠠᠭᠠᠷ ᠲᠣᠭᠠᠴᠠᠭ᠎ᠠ ᠬᠢᠬᠦ᠂ ᠥᠪᠡᠷ ᠢᠶᠠᠷ ᠬᠠᠷᠢᠭᠤᠴᠠᠬᠤ ᠶᠢ | ᠬᠡᠷᠡᠭᠵᠢᠭᠦᠯᠵᠦ᠂ ᠤᠰᠤ ᠪᠠᠷ ᠤᠰᠤ ᠶᠢ ᠲᠡᠵᠢᠭᠡᠬᠦ ᠣᠷᠴᠢᠯ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠤᠢ | ᠪᠣᠯᠭᠠᠬᠤ ᠬᠡᠷᠡᠭᠲᠡᠶ᠃ ᠤᠰᠤᠨ ᠤ ᠦᠶᠯᠡᠳᠪᠦᠷᠢ᠂ ᠤᠰᠤ ᠳᠠᠮᠵᠢᠭᠤᠯᠬᠤ ᠤᠰᠤ ᠲᠦᠭᠡᠭᠡᠬᠦ ᠬᠤᠭᠤᠯᠠᠶ ᠶᠢᠨ ᠲᠣᠤᠷ᠂ | ᠳᠠᠷᠤᠯᠲᠠ ᠨᠡᠮᠡᠬᠦ ᠬᠥᠭᠡᠷᠭᠡ ᠶᠢᠨ ᠥᠷᠲᠡᠭᠡ᠂ ᠴᠠᠬᠢᠯᠭᠠᠨ ᠬᠦᠴᠦᠨ ᠤ ᠲᠥᠬᠦᠭᠡᠷᠦᠮᠵᠢ᠂ ᠮᠠᠰᠢᠨ ᠴᠠᠬᠢᠯᠭᠠᠨ ᠤ | ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠭᠤᠤᠯ ᠴᠣᠭᠴᠠ ᠪᠣᠯ ᠬᠤᠯᠪᠣᠭᠠᠲᠤ ᠲᠣᠰᠬᠤᠨ ᠤ | ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠡ | ᠪᠣᠯᠤᠨ᠎ᠠ᠂ ᠢᠨᠵᠧᠨᠧᠷᠢᠩ ᠤᠨ ᠪᠠᠶᠢᠭ᠎ᠠ ᠭᠠᠵᠠᠷ ᠤᠨ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ | ᠠᠴᠠ ᠬᠠᠷᠢᠭᠤᠴᠠᠨ ᠬᠢᠨᠠᠨ ᠬᠠᠮᠢᠶᠠᠷᠴᠤ᠂ ᠡᠷᠦᠬᠡ ᠳᠤ ᠣᠷᠣᠵᠤ ᠬᠠᠮᠢᠶᠠᠷᠬᠤ ᠵᠠᠮ ᠵᠢᠴᠢ ᠡᠷᠦᠬᠡ ᠶᠢᠨ ᠳᠣᠲᠣᠷᠠᠬᠢ | ᠲᠥᠬᠦᠭᠡᠷᠦᠮᠵᠢ ᠶᠢ ᠡᠯ᠎ᠡ ᠡᠷᠦᠬᠡ ᠥᠪᠡᠷ ᠲᠡᠭᠡᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠬᠠᠷᠢᠭᠤᠴᠠᠵᠤ᠂ | ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠡ ᠨᠦᠭᠦᠳ ᠮᠡᠷᠭᠡᠵᠢᠯ ᠤᠨ ᠳᠡᠮᠵᠢᠯᠭᠡ ᠪᠤᠶᠤ ᠰᠡᠯᠪᠢᠨ ᠵᠠᠰᠠᠬᠤ | ᠦᠶᠯᠡᠴᠢᠯᠡᠭᠡᠨ ᠬᠠᠩᠭᠠᠬᠤ ᠬᠡᠷᠡᠭᠲᠡᠶ᠃ | ᠳᠠᠩ ᠭᠠᠭᠴᠠ ᠲᠣᠰᠬᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ ᠢ ᠲᠣᠰᠬᠤᠨ ᠤ ᠠᠷᠠᠳ ᠤᠨ ᠵᠥᠪᠯᠡᠯ ᠪᠤᠶᠤ ᠠᠰᠢᠭ ᠬᠦᠷᠲᠡᠬᠦ ᠣᠯᠠᠨ ᠲᠦᠮᠡᠨ ᠤ ᠲᠥᠯᠥᠭᠡᠯᠡᠭᠴᠢ | ᠪᠠᠷ ᠪᠦᠷᠢᠯᠳᠦᠭᠰᠡᠨ ᠢᠨᠵᠧᠨᠧᠷᠢᠩ ᠤᠨ ᠬᠠᠮᠢᠶᠠᠷᠤᠯᠲᠠ ᠶᠢᠨ ᠵᠥᠪᠯᠡᠯ ᠠᠴᠠ ᠬᠠᠮᠢᠶᠠᠷᠬᠤ ᠪᠤᠶᠤ ᠪᠤᠰᠤᠳ ᠠᠷᠭ᠎ᠠ | ᠮᠠᠶ᠋ᠢᠭ ᠢᠶᠠᠷ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠲᠣᠭᠲᠠᠭᠠᠨ᠎ᠠ᠃ ᠤᠰᠤᠨ ᠤ ᠰᠤᠷᠪᠤᠯᠵᠢ᠂ ᠤᠰᠤ | ᠳᠠᠮᠵᠢᠭᠤᠯᠵᠤ ᠤᠰᠤ ᠲᠦᠭᠡᠭᠡᠬᠦ ᠬᠤᠭᠤᠯᠠᠶ ᠶᠢᠨ ᠲᠣᠤᠷ᠂ ᠴᠠᠬᠢᠯᠭᠠᠨ ᠬᠦᠴᠦᠨ ᠤ ᠪᠡᠯᠡᠳᠬᠡᠮᠵᠢ᠂ ᠮᠠᠰᠢᠨ ᠴᠠᠬᠢᠯᠭᠠᠨ | ᠤ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠭᠤᠤᠯ ᠴᠣᠭᠴᠠ ᠪᠣᠯ ᠬᠥᠳᠡᠭᠡ ᠲᠣᠰᠬᠤᠨ ᠤ | ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠡ ᠪᠣᠯᠤᠨ᠎ᠠ᠂ ᠡᠷᠦᠬᠡ ᠳᠤ | ᠣᠷᠣᠵᠤ ᠬᠠᠮᠢᠶᠠᠷᠬᠤ ᠵᠠᠮ ᠵᠢᠴᠢ ᠡᠷᠦᠬᠡ ᠶᠢᠨ ᠳᠣᠲᠣᠷᠠᠬᠢ ᠪᠡᠯᠡᠳᠬᠡᠮᠵᠢ ᠲᠥᠬᠦᠭᠡᠷᠦᠮᠵᠢ ᠶᠢ ᠡᠯ᠎ᠡ ᠡᠷᠦᠬᠡ ᠥᠪᠡᠷ | ᠲᠡᠭᠡᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠬᠠᠷᠢᠭᠤᠴᠠᠵᠤ᠂ ᠢᠨᠵᠧᠨᠧᠷᠢᠩ ᠤᠨ ᠬᠠᠮᠢᠶᠠᠷᠤᠯᠲᠠ ᠶᠢᠨ | ᠨᠢᠭᠡᠴᠡ ᠨᠢ ᠮᠡᠷᠭᠡᠵᠢᠯ ᠤᠨ ᠳᠡᠮᠵᠢᠯᠭᠡ ᠪᠤᠶᠤ ᠰᠡᠯᠪᠢᠨ ᠵᠠᠰᠠᠬᠤ ᠦᠶᠯᠡᠴᠢᠯᠡᠭᠡᠨ ᠬᠠᠩᠭᠠᠬᠤ ᠬᠡᠷᠡᠭᠲᠡᠶ᠃ | ᠢᠨᠵᠧᠨᠧᠷᠢᠩ ᠤᠨᠮᠡᠷᠭᠡᠵᠢᠯ ᠢ ᠳᠡᠰ ᠳᠡᠪᠰᠢᠭᠦᠯᠦᠨ ᠥᠭᠡᠷᠡᠴᠢᠯᠡᠬᠦ ᠳᠤ᠂ ᠵᠢᠯ ᠤᠨ ᠡᠬᠢᠨ ᠳᠤ ᠲᠣᠰᠬᠤᠨ ᠤ | ᠱᠠᠲᠤᠨ ᠤ ᠬᠠᠮᠢᠶᠠᠷᠤᠯᠲᠠ ᠶᠢᠨ ᠨᠢᠭᠡᠴᠡ ᠠᠴᠠ ᠳᠡᠰ ᠳᠡᠪᠰᠢᠭᠦᠯᠬᠦ ᠪᠠ ᠥᠭᠡᠷᠡᠴᠢᠯᠡᠨ ᠰᠠᠶᠢᠵᠢᠷᠠᠭᠤᠯᠬᠤ ᠲᠥᠯᠥᠪᠯᠡᠭᠡ | ᠳᠤᠷᠠᠳᠴᠤ᠂ ᠪᠠᠯᠭᠠᠰᠤ ᠰᠢᠶᠠᠩ ᠤᠨ ᠲᠤᠰᠬᠠᠶ ᠬᠠᠮᠢᠶᠠᠷᠬᠤ ᠪᠠᠶᠢᠭᠤᠯᠤᠮᠵᠢ ᠠᠴᠠ ᠬᠢᠨᠠᠨ ᠪᠠᠶᠢᠴᠠᠭᠠᠵᠤ ᠨᠤᠲᠠᠯᠠᠨ᠂ | ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠠᠴᠠ ᠶᠤᠸᠠᠨ ᠪᠤᠣ ᠱᠠᠨ ᠲᠣᠭᠤᠷᠢᠭ ᠤᠨ ᠤᠰᠤᠨ | ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠶᠤᠸᠠᠨ ᠪᠤᠣ ᠱᠠᠨ ᠲᠣᠭᠤᠷᠢᠭ ᠤᠨ ᠤᠰᠤᠨ | ᠠᠰᠢᠭᠯᠠᠯᠲᠠ ᠶᠢᠨ ᠲᠣᠪᠴᠢᠶ᠎ᠠ ᠠᠴᠠ ᠪᠠᠷᠢᠯᠭ᠎ᠠ ᠶᠢᠨ ᠣᠳᠣᠬᠢ ᠪᠠᠶᠢᠳᠠᠯ ᠢ ᠦᠨᠳᠦᠰᠦᠯᠡᠨ ᠢᠨᠵᠧᠨᠧᠷᠢᠩ ᠤᠨ | ᠮᠡᠷᠭᠡᠵᠢᠯ ᠢ ᠳᠡᠰ ᠳᠡᠪᠰᠢᠭᠦᠯᠬᠦ ᠪᠤᠶᠤ ᠥᠭᠡᠷᠡᠴᠢᠯᠡᠨ ᠰᠠᠶᠢᠵᠢᠷᠠᠭᠤᠯᠬᠤ ᠲᠥᠰᠦᠯ ᠢᠶᠠᠨ ᠳᠤᠷᠠᠳᠴᠤ᠂ ᠳᠡᠭᠡᠳᠦ | ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠪᠠᠶᠢᠴᠠᠭᠠᠯᠭᠠᠵᠤ | ᠴᠣᠬᠤᠯᠠᠪᠤᠷᠢᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ | ᠠᠷᠪᠠᠨ ᠨᠢᠭᠡᠳᠦᠭᠡᠷ ᠵᠦᠶᠯ ᠪᠠᠯᠭᠠᠰᠤ ᠰᠢᠶᠠᠩ᠂ ᠭᠠᠴᠠᠭ᠎ᠠ ᠨᠢ ᠬᠥᠳᠡᠭᠡ ᠲᠣᠰᠬᠤᠨ ᠤ ᠤᠤᠭᠤᠬᠤ | ᠤᠰᠤᠨ ᠤ ᠠᠶᠤᠯᠭᠦᠶ ᠶᠢᠨ ᠢᠨᠵᠧᠨᠧᠷᠢᠩ ᠣᠨ ᠬᠠᠮᠢᠶᠠᠷᠤᠯᠲᠠ ᠶᠢᠨ ᠨᠢᠭᠡᠴᠢ ᠪᠠ ᠡᠵᠡᠩᠨᠡᠭᠴᠢ ᠶᠢᠨ ᠰᠠᠶᠢᠨ ᠳᠤᠷ᠎ᠠ | ᠠᠴᠠ ᠪᠠᠨ ᠣᠷᠣᠯᠴᠠᠭᠰᠠᠨ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠨᠡᠶᠢᠭᠡᠮᠯᠢᠭ ᠢ ᠵᠣᠬᠢᠶᠠᠨ | ᠪᠠᠶᠢᠭᠤᠯᠵᠤ ᠪᠣᠯᠤᠨ᠎ᠠ᠃ ᠨᠡᠶᠢᠭᠡᠮᠯᠢᠭ ᠨᠢ ᠦᠶᠯᠡᠴᠢᠯᠡᠬᠦ ᠪᠠᠷ ᠵᠣᠷᠢᠯᠲᠠ ᠪᠣᠯᠭᠠᠵᠤ᠂ ᠬᠠᠮᠢᠶᠠᠷᠤᠯᠲᠠ ᠶᠢᠨ ᠲᠤᠷᠰᠢᠯᠭ᠎ᠠ | ᠶᠢ ᠳ᠋ᠦᠩᠨᠡᠨ ᠳᠡᠯᠭᠡᠷᠡᠭᠦᠯᠵᠦ᠂ ᠮᠡᠳᠡᠭᠡ ᠵᠠᠩᠭᠢ ᠪᠠ ᠮᠡᠷᠭᠡᠵᠢᠯ ᠤᠨ ᠦᠶᠯᠡᠴᠢᠯᠡᠭᠡ ᠬᠠᠩᠭᠠᠬᠤ ᠵᠡᠷᠭᠡ ᠪᠣᠯᠤᠨ᠎ᠠ᠃ | ᠨᠡᠶᠢᠭᠡᠮᠯᠢᠭ ᠤᠨ ᠠᠵᠢᠯ ᠨᠢ ᠪᠠᠯᠭᠠᠰᠤᠨ ᠤ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠨ᠎ᠡ᠃ | ᠠᠷᠪᠠᠨ ᠬᠤᠶᠠᠳᠤᠭᠠᠷ ᠵᠦᠶᠯ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ | ᠣᠷᠣᠨ ᠤ ᠪᠠᠨ ᠳᠣᠲᠣᠷᠠᠬᠢ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠢ ᠢᠯᠡ | ᠪᠠᠷ ᠦᠨ᠎ᠡ ᠥᠷᠢᠰᠥᠯᠳᠦᠭᠦᠯᠬᠦ ᠪᠠᠷ ᠳᠠᠮᠵᠢᠭᠤᠯᠤᠨ ᠳᠠᠭᠠᠭᠠᠴᠢᠯᠠᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ | ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ | ᠪᠡᠶᠡᠴᠢ ᠴᠣᠭᠴᠠ ᠶᠢ ᠲᠣᠭᠲᠠᠭᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠪᠣᠯᠤᠨ᠎ᠠ᠃ | ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠢ ᠲᠤᠰᠬᠠᠶ ᠬᠠᠮᠢᠶᠠᠷᠬᠤ | ᠪᠠᠶᠢᠭᠤᠯᠤᠮᠵᠢ᠂ ᠪᠠᠯᠭᠠᠰᠤ ᠰᠢᠶᠠᠩ ᠲᠣᠰᠬᠤᠨ ᠳᠤ ᠳᠠᠭᠠᠭᠠᠴᠢᠯᠠᠭᠤᠯᠤᠨ ᠲᠦᠷᠢᠶᠡᠰᠦᠯᠡᠭᠦᠯᠵᠦ ᠂ ᠤᠰᠤᠨ ᠬᠤᠭᠤᠯᠠᠶ | ᠶᠢᠨ ᠵᠣᠬᠢᠶᠠᠨ ᠪᠠᠶᠢᠭᠤᠯᠤᠯᠲᠠ ᠪᠠᠶᠢᠭᠤᠯᠵᠤ ᠪᠣᠯᠤᠨ᠎ᠠ᠂ ᠪᠠᠰᠠ ᠬᠤᠯᠪᠣᠭᠠᠲᠤ ᠡᠷᠦᠬᠡ ᠪᠤᠶᠤ ᠬᠤᠪᠢ ᠶᠢᠨ ᠲᠠᠷᠢᠶᠠᠴᠢᠨ | ᠡᠷᠦᠬᠡ ᠪᠠᠶᠢᠵᠤ ᠪᠣᠯᠤᠨ᠎ᠠ᠃ | | ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠪᠤᠶᠤ ᠲᠣᠰᠬᠤᠨ ᠤ ᠠᠷᠠᠳ ᠤᠨ ᠵᠥᠪᠯᠡᠯ | ᠨᠢ ᠲᠣᠭᠲᠠᠭᠠᠭᠰᠠᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠯᠤᠭ᠎ᠠ ᠭᠡᠷ᠎ᠡ ᠲᠤᠭᠲᠠᠨ᠎ᠠ᠃ ᠬᠥᠳᠡᠭᠡ ᠲᠣᠰᠬᠤᠨ ᠤ | ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠨᠢ ᠤᠤᠯ ᠤᠨ ᠵᠢᠷᠤᠭᠯᠠᠨ ᠲᠥᠯᠥᠪᠯᠡᠭᠰᠡᠨ ᠬᠡᠪᠴᠢᠶᠡᠨ | ᠳᠣᠲᠣᠷᠠᠬᠢ ᠤᠰᠤ ᠬᠡᠷᠡᠭᠯᠡᠬᠦ ᠡᠷᠦᠬᠡ ᠶᠢᠨ ᠤᠤᠭᠤᠬᠤ ᠤᠰᠤ ᠶᠢ ᠪᠠᠲᠤᠯᠠᠬᠤ ᠬᠡᠷᠡᠭᠲᠡᠶ᠂ ᠤᠰᠤ ᠬᠡᠷᠡᠭᠯᠡᠬᠦ ᠰᠢᠨᠵᠢ | ᠴᠢᠨᠠᠷ ᠢ ᠬᠤᠪᠢᠷᠠᠭᠤᠯᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠨᠢ ᠠᠶᠤᠯ ᠦᠭᠡᠢ ᠦᠶᠯᠡᠳᠪᠦᠷᠢᠯᠡᠬᠦ᠂ ᠲᠥᠬᠦᠭᠡᠷᠦᠮᠵᠢ ᠶᠢᠨ ᠠᠵᠢᠯᠯᠠᠭᠤᠯᠬᠤ᠂ ᠲᠣᠭᠲᠠᠮᠠᠯ | ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠠᠷᠠᠴᠢᠯᠠᠬᠤ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠢ | ᠤᠰᠤᠨ ᠤ ᠰᠤᠷᠪᠤᠯᠵᠢ ᠶᠢᠨ ᠬᠤᠳᠳᠤᠭ᠂ ᠬᠤᠭᠤᠯᠠᠶ᠂ ᠤᠰᠤ ᠬᠠᠩᠭᠠᠬᠤ ᠰᠡᠯᠢᠭᠦᠷ ᠪᠠ ᠲᠥᠬᠦᠭᠡᠷᠦᠮᠵᠢ ᠵᠡᠷᠭᠡ ᠶᠢ | ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ ᠬᠡᠷᠡᠭᠲᠡᠶ᠃ | ᠲᠠᠪᠤᠳᠤᠭᠠᠷ ᠪᠦᠯᠦᠭ ᠤᠰᠤᠨ ᠤ ᠰᠤᠷᠪᠤᠯᠵᠢ᠂ ᠤᠰᠤᠨ ᠤ ᠴᠢᠨᠠᠷ ᠤᠨ ᠬᠠᠮᠢᠶᠠᠷᠤᠯᠲᠠ | ᠠᠷᠪᠠᠨ ᠳᠥᠷᠪᠡᠳᠦᠭᠡᠷ ᠵᠦᠶᠯ ᠢᠨᠵᠧᠨᠧᠷᠢᠩ ᠬᠠᠮᠢᠶᠠᠷᠬᠤ ᠨᠢᠭᠡᠴᠡ ᠵᠢᠴᠢ ᠠᠰᠢᠭ ᠬᠦᠷᠲᠡᠬᠦ | ᠲᠤᠭᠤᠷᠢᠭ ᠤᠨ ᠣᠯᠠᠨ ᠲᠦᠮᠡᠨ ᠴᠥᠮ ᠤᠤᠭᠤᠬᠤ ᠤᠰᠤᠨ ᠤ ᠠᠶᠤᠯᠭᠦᠢ ᠶᠢᠨ ᠤᠰᠤᠨ ᠰᠤᠷᠪᠤᠯᠵᠢ ᠶᠢ | ᠪᠣᠬᠢᠷᠲᠤᠭᠤᠯᠬᠤ ᠪᠠ ᠡᠪᠳᠡᠯᠡᠭᠡ ᠳᠤ ᠤᠴᠠᠷᠠᠭᠤᠯᠬᠤ ᠦᠭᠡᠢ ᠪᠠᠶᠢᠬᠤ ᠶᠢ ᠬᠠᠤᠯᠢ ᠶᠣᠰᠣᠭᠠᠷ ᠬᠠᠮᠠᠭᠠᠯᠠᠬᠤ ᠡᠭᠦᠷᠭᠡ | ᠲᠠᠢ᠃ | ᠠᠷᠪᠠᠨ ᠲᠠᠪᠤᠳᠤᠭᠠᠷ ᠵᠦᠶᠯ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠶᠤᠸᠠᠨ | ᠪᠤᠣ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠠᠴᠠ ᠶᠤᠸᠠᠨ ᠪᠤᠣ ᠱᠠᠨ | ᠲᠣᠭᠤᠷᠢᠭ ᠤᠨ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠷᠡᠭᠦᠯ ᠮᠡᠨᠳᠦ ᠡᠷᠡᠭᠦᠯ ᠬᠠᠮᠠᠭᠠᠯᠠᠯ᠂ | ᠪᠠᠶᠢᠭᠠᠯᠢ ᠶᠢᠨ ᠡᠬᠢ ᠪᠠᠶᠠᠯᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠲᠤᠪᠠᠷ | ᠬᠤᠪᠢᠶᠠᠷᠢᠯᠠᠨ ᠲᠣᠭᠲᠠᠭᠠᠨ᠎ᠠ᠃ ᠤᠰᠤᠨ ᠰᠤᠷᠪᠤᠯᠵᠢ ᠶᠢᠨ ᠭᠠᠵᠠᠷ ᠨᠢ 《 ᠤᠤᠭᠤᠬᠤ ᠤᠰᠤᠨ ᠤ ᠡᠬᠢ ᠰᠤᠷᠪᠤᠯᠵᠢ | ᠶᠢᠨ ᠬᠠᠮᠠᠭᠠᠯᠠᠯᠲᠠ ᠶᠢᠨ ᠣᠷᠣᠨ ᠤ ᠲᠡᠮᠳᠡᠭ ᠫᠠᠶᠢᠰᠠ ᠮᠡᠷᠭᠡᠵᠢᠯ ᠤᠨ ᠱᠠᠭᠠᠷᠳᠠᠯᠭ᠎ᠠ 》 ( H J / T 433 - | 2008 ) ᠶᠢᠨ ᠶᠣᠰᠣᠭᠠᠷ ᠰᠡᠷᠡᠮᠵᠢᠯᠡᠭᠦᠯᠬᠦ ᠲᠡᠮᠳᠡᠭ ᠪᠠ ᠬᠠᠮᠠᠭᠠᠯᠠᠯᠲᠠ ᠶᠢᠨ ᠵᠠᠷ ᠭᠠᠷᠭᠠᠬᠤ ᠬᠡᠷᠡᠭᠲᠡᠶ᠃ ᠤᠰᠤᠨ ᠤ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷ᠎ᠠ ᠤᠰᠤᠨ ᠤ ᠰᠤᠷᠪᠤᠯᠵᠢ ᠶᠢ ᠪᠣᠬᠢᠷᠲᠤᠭᠤᠯᠵᠤ | ᠮᠡᠳᠡᠬᠦ ᠠᠵᠤ ᠦᠶᠯᠡᠳᠪᠦᠷᠢ᠂ ᠵᠣᠷᠯᠣᠩ᠂ ᠪᠣᠬᠢᠷ ᠤᠰᠤ ᠨᠡᠪᠴᠢᠬᠦ ᠨᠦᠬᠡ᠂ ᠬᠠᠶᠠᠭᠳᠠᠮᠠᠯ ᠰᠢᠭᠠᠷᠤ᠂ ᠬᠤᠭ ᠨᠣᠪᠰᠢ | ᠪᠠ ᠪᠣᠬᠢᠷ ᠤᠰᠤᠨ ᠤ ᠰᠤᠪᠠᠭ ᠵᠡᠷᠭᠡ ᠶᠢ ᠪᠠᠶᠢᠭᠤᠯᠵᠤ ᠪᠣᠯᠬᠤ ᠦᠭᠡᠢ᠂ ᠤᠰᠤᠨ ᠤ ᠴᠢᠨᠠᠷ ᠢ ᠪᠣᠬᠢᠷᠲᠤᠭᠤᠯᠬᠤ | ᠠᠵᠢᠯᠯᠠᠭ᠎ᠠ ᠪᠦᠬᠦᠨ ᠢ ᠴᠠᠭᠠᠵᠠᠯᠠᠨ᠎ᠠ᠃ ᠨᠢᠭᠡᠨᠲᠡ ᠪᠠᠶᠢᠭ᠎ᠠ ᠪᠣᠬᠢᠷᠲᠤᠯ ᠤᠨ ᠡᠬᠢ ᠰᠤᠷᠪᠤᠯᠵᠢ ᠶᠢ ᠡᠷᠬᠡᠪᠰᠢ | ᠬᠤᠭᠤᠴᠠᠭ᠎ᠠ ᠲᠣᠭᠲᠠᠭᠠᠨ ᠵᠠᠰᠠᠬᠤ ᠪᠤᠶᠤ ᠨᠡᠭᠦᠯᠭᠡᠬᠦ ᠬᠡᠷᠡᠭᠲᠡᠶ᠃ ᠭᠠᠵᠠᠷ ᠳᠣᠣᠷᠠᠬᠢ ᠤᠰᠤ ᠪᠠᠷ ᠤᠰᠤᠨ ᠰᠤᠷᠪᠤᠯᠵᠢ | ᠪᠣᠯᠭᠠᠬᠤ ᠦᠶᠡᠰ᠂ ᠤᠰᠤ ᠠᠪᠬᠤ ᠪᠠᠷᠢᠯᠭ᠎ᠠ ᠪᠠᠷᠢᠵᠤ᠂ ᠬᠤᠳᠳᠤᠭ ᠤᠨ ᠭᠡᠷ᠂ ᠬᠥᠭᠡᠷᠭᠡ ᠶᠢᠨ ᠭᠡᠷ᠂ ᠬᠦᠷᠢᠶ᠎ᠡ | ᠬᠡᠷᠡᠮ ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠤᠰᠤᠨ ᠰᠤᠷᠪᠤᠯᠵᠢ ᠶᠢᠨ | ᠬᠤᠳᠳᠤᠭ ᠤᠨ ᠨᠥᠯᠥᠭᠡᠯᠡᠯ ᠢᠶᠠᠷ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠬᠤᠪᠢᠶᠠᠷᠢᠯᠠᠨ | ᠲᠣᠭᠲᠠᠭᠠᠨ᠎ᠠ︔ ᠬᠤᠳᠳᠤᠭ ᠤᠨ ᠭᠡᠷ᠂ ᠬᠥᠭᠡᠷᠭᠡ ᠶᠢᠨ ᠭᠡᠷ᠂ ᠬᠦᠷᠢᠶ᠎ᠡ ᠬᠡᠷᠡᠮ ᠵᠡᠷᠭᠡ ᠤᠰᠤ ᠠᠪᠬᠤ ᠪᠠᠷᠢᠯᠭ᠎ᠠ | ᠪᠠᠶᠬᠤ ᠦᠭᠡᠢ ᠪᠣᠯ ᠤᠰᠤ ᠬᠠᠩᠭᠠᠬᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠡᠭᠦᠨ ᠤ ᠬᠠᠷᠢᠶ᠎ᠠ ᠨᠢᠭᠡᠴᠡ ᠪᠤᠶᠤ ᠬᠤᠪᠢ ᠬᠥᠮᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠪᠦᠲᠦᠭᠡᠨ ᠪᠠᠶᠢᠭᠤᠯᠵᠤ ᠳᠠᠭᠤᠰᠬᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠶᠯ ᠤᠰᠤ ᠬᠠᠩᠭᠠᠬᠤ ᠪᠠ ᠤᠰᠤ ᠳᠠᠮᠵᠢᠭᠤᠯᠬᠤ ᠬᠤᠭᠤᠯᠠᠶ ᠵᠠᠮ ᠢ ᠪᠠᠷᠢᠯᠭ᠎ᠠ ᠶᠢᠨ | ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠲᠡᠮᠳᠡᠭ ᠲᠠᠯᠪᠢᠬᠤ ᠬᠡᠷᠡᠭᠲᠡᠶ᠂ ᠬᠠᠮᠠᠭᠠᠯᠠᠯᠲᠠ ᠶᠢᠨ | ᠬᠡᠪᠴᠢᠶᠡᠨ ᠳᠣᠲᠣᠷ᠎ᠠ ᠤᠰᠤ ᠬᠠᠩᠭᠠᠬᠤ ᠶᠢ ᠨᠥᠯᠥᠭᠡᠯᠡᠵᠦ ᠪᠣᠯᠬᠤ ᠦᠭᠡᠢ᠂ ᠶᠠᠮᠠᠷᠪᠠ ᠨᠢᠭᠡᠴᠢ ᠪᠠ ᠬᠤᠪᠢ ᠬᠥᠮᠦᠨ | ᠳᠤᠷ᠎ᠠ ᠪᠠᠷ ᠢᠶᠠᠨ ᠥᠭᠡᠷᠡᠴᠢᠯᠡᠨ ᠪᠠᠶᠢᠭᠤᠯᠵᠤ᠂ ᠤᠰᠤ ᠬᠠᠩᠭᠠᠬᠤ ᠲᠥᠬᠦᠭᠡᠷᠦᠮᠵᠢ ᠶᠢ ᠡᠪᠳᠡᠬᠦ ᠪᠠ ᠡᠵᠡᠯᠡᠨ ᠠᠪᠬᠤ | ᠶᠢ ᠴᠢᠩᠭ᠎ᠠ ᠴᠠᠭᠠᠵᠠᠯᠠᠨ᠎ᠠ ᠃ ᠰᠢᠷᠣᠶ ᠠᠪᠬᠤ᠂ ᠶᠠᠭᠤᠮ᠎ᠠ ᠬᠡᠦᠮ᠎ᠡ᠂ ᠬᠤᠭ ᠨᠣᠪᠰᠢ᠂ ᠮᠣᠳᠣ ᠲᠠᠷᠢᠬᠤ ᠵᠡᠷᠭᠡ ᠶᠢ | ᠴᠢᠩᠭ᠎ᠠ ᠴᠠᠭᠠᠵᠠᠯᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠶᠯ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ᠂ ᠬᠠᠮᠢᠶᠠᠷᠤᠯᠲᠠ ᠶᠢᠨ | ᠨᠢᠭᠡᠴᠡ ᠨᠢ ᠶᠤᠸᠠᠨ ᠪᠤᠣ ᠱᠠᠨ ᠲᠣᠭᠤᠷᠢᠭ ᠤᠨ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠤᠰᠤ | ᠬᠠᠩᠭᠠᠬᠤ ᠮᠡᠷᠭᠡᠵᠢᠯ ᠤᠨ ᠵᠢᠷᠤᠮᠵᠢᠯ ᠪᠣᠯᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠶᠢᠨ | ᠱᠠᠭᠠᠷᠳᠠᠯᠭ᠎ᠠ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠤᠰᠤ ᠬᠠᠩᠭᠠᠬᠤ ᠤᠰᠤᠨ ᠤ ᠴᠢᠨᠠᠷ ᠲᠤ ᠬᠢᠨᠠᠨ | ᠬᠡᠮᠵᠢᠯᠲᠡ ᠬᠢᠵᠦ᠂ ᠤᠰᠤ ᠬᠠᠩᠭᠠᠬᠤ ᠶᠠᠰᠤ ᠴᠢᠨᠠᠷ ᠢ ᠠᠮᠢᠳᠤᠷᠠᠯ ᠤᠨ ᠤᠤᠭᠤᠬᠤ ᠤᠰᠤᠨ ᠤ ᠪᠠᠷᠢᠮᠵᠢᠶ᠎ᠠ ᠳᠤ | ᠬᠦᠷᠦᠭᠦᠯᠬᠦ ᠶᠢ ᠪᠠᠲᠤᠯᠠᠬᠤ ᠬᠡᠷᠡᠭᠲᠡᠶ᠃ ᠬᠢᠷᠢ ᠲᠡᠩᠴᠡᠬᠦ ᠦᠭᠡᠢ ᠤᠰᠤᠨ ᠤ ᠴᠢᠨᠠᠷ ᠢ ᠨᠢ ᠴᠢᠩᠭ᠎ᠠ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ ᠭᠠᠭᠴᠠ ᠡᠷᠦᠬᠡ ᠶᠢᠨ ᠲᠠᠷᠠᠬᠠᠶ ᠪᠤᠲᠠᠷᠬᠠᠶ ᠤᠰᠤᠨ ᠤ ᠰᠤᠷᠪᠤᠯᠵᠢ ᠶᠢᠨ ᠢᠨᠵᠧᠨᠧᠷᠢᠩ | ᠤᠨ ᠲᠤᠬᠠᠶ ᠶᠤᠸᠠᠨ ᠪᠤᠣ ᠱᠠᠨ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠤᠸᠠᠨ ᠪᠤᠣ ᠱᠠᠨ | ᠲᠣᠭᠤᠷᠢᠭ ᠤᠨ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ ᠲᠦᠮᠡᠨ ᠤ ᠠᠮᠤᠷ ᠲᠦᠪᠰᠢᠨ | ᠢᠶᠠᠷ ᠤᠰᠤ ᠬᠡᠷᠡᠭᠯᠡᠬᠦ ᠶᠢ ᠵᠢᠯᠣᠭᠤᠳᠬᠤ ᠠᠵᠢᠯ ᠢ ᠬᠠᠮᠲᠤᠪᠠᠷ ᠰᠠᠶᠢᠲᠤᠷ ᠬᠢᠨ᠎ᠡ᠃ | ᠠᠷᠪᠠᠨ ᠨᠠᠶᠮᠠᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ | ᠤᠨ ᠬᠠᠮᠢᠶᠠᠷᠤᠯᠲᠠ ᠶᠢᠨ ᠠᠵᠢᠯᠲᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ | ᠣᠯᠭᠤᠭᠰᠠᠨ 《 ᠡᠷᠡᠭᠦᠯ ᠮᠡᠨᠳᠦ ᠶᠢᠨ ᠦᠨᠡᠮᠯᠡᠯ 》 ᠢᠶᠠᠨ ᠠᠪᠴᠤ ᠠᠵᠢᠯ ᠤᠨ ᠪᠠᠶᠢᠷᠢ ᠳᠤ ᠭᠠᠷᠬᠤ ᠶᠢᠨ ᠬᠠᠮᠲᠤ | ᠡᠷᠡᠭᠦᠯ ᠮᠡᠨᠳᠦ ᠶᠢᠨ ᠳᠠᠩᠰᠠ ᠡᠪᠬᠡᠮᠡᠯ ᠪᠠᠶᠢᠭᠤᠯᠵᠤ᠂ ᠵᠢᠯ ᠪᠦᠷᠢ ᠨᠢᠭᠡ ᠤᠳᠠᠭ᠎ᠠ ᠪᠡᠶ᠎ᠡ ᠶᠢᠨ ᠪᠠᠶᠢᠴᠠᠭᠠᠯᠲᠠ ᠬᠢᠬᠦ | ᠬᠡᠷᠡᠭᠲᠡᠶ᠂ ᠬᠡᠷᠪᠡ ᠬᠠᠯᠳᠠᠪᠤᠷᠢᠲᠤ ᠡᠪᠡᠳᠴᠢᠨ ᠪᠠᠶᠢᠬᠤ ᠶᠢ ᠣᠯᠵᠤ ᠮᠡᠳᠡᠪᠡᠯ᠂ ᠠᠵᠢᠯ ᠤᠨ ᠪᠠᠶᠢᠷᠢ ᠠᠴᠠ ᠪᠠᠨ | ᠰᠠᠯᠵᠤ ᠡᠮᠨᠡᠨ ᠵᠠᠰᠠᠬᠤ ᠬᠡᠷᠡᠭᠲᠡᠶ᠃ | ᠠᠷᠪᠠ ᠶᠢᠰᠦᠳᠦᠭᠡᠷ ᠵᠦᠶᠯ ᠠᠭᠤᠷᠬᠠᠶ ᠨᠡᠭᠡᠭᠡᠬᠦ᠂ ᠦᠶᠯᠡᠳᠪᠦᠷᠢ ᠪᠠᠶᠢᠭᠤᠯᠬᠤ ᠪᠤᠶᠤ ᠪᠤᠰᠤᠳ | ᠦᠶᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠭᠰᠡᠨ ᠠᠴᠠ ᠪᠣᠯᠵᠤ ᠤᠰᠤᠨ ᠤ ᠡᠬᠢ ᠰᠤᠷᠪᠤᠯᠵᠢ | ᠶᠢᠨ ᠬᠤᠪᠢᠷᠠᠯᠲᠠ᠂ ᠤᠰᠤᠨ ᠤ ᠴᠢᠨᠠᠷ ᠤᠨ ᠪᠣᠬᠢᠷᠲᠤᠯ ᠪᠠ ᠪᠠᠷᠢᠯᠭ᠎ᠠ ᠶᠢᠨ ᠠᠵᠢᠯ ᠢ ᠡᠪᠳᠡᠬᠦ ᠳᠤ ᠬᠦᠷᠪᠡᠯ᠂ 《 | ᠬᠡᠨ ᠪᠣᠬᠢᠷᠲᠤᠭᠤᠯᠪᠠᠯ ᠲᠡᠷᠡ ᠬᠠᠷᠢᠭᠤᠴᠠᠬᠤ᠂ ᠬᠡᠨ ᠡᠪᠳᠡᠪᠡᠯ ᠲᠡᠷᠡ ᠨᠥᠬᠦᠪᠥᠷᠢᠯᠡᠬᠦ 》 ᠵᠠᠷᠴᠢᠮ ᠶᠣᠰᠣᠭᠠᠷ᠂ | ᠡᠪᠳᠡᠯᠡᠭᠡ᠂ ᠪᠤᠵᠠᠷᠲᠤᠭᠤᠯᠤᠯ ᠢ ᠪᠤᠢ ᠪᠣᠯᠭᠠᠭᠰᠠᠨ ᠨᠢᠭᠡᠴᠢ ᠪᠤᠶᠤ ᠬᠤᠪᠢ ᠬᠥᠮᠦᠨ ᠬᠠᠷᠢᠭᠤᠴᠠᠬᠤ ᠬᠡᠷᠡᠭᠲᠡᠶ᠃ | ᠵᠢᠷᠭᠤᠳᠤᠭᠠᠷ ᠪᠦᠯᠦᠭ ᠤᠰᠤ ᠬᠠᠩᠭᠠᠬᠤ ᠬᠠᠮᠢᠶᠠᠷᠤᠯᠲᠠ | ᠬᠤᠷᠢᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠨᠢ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠡᠪᠴᠢᠶᠡᠨ ᠳᠠᠬᠢ ᠲᠠᠷᠢᠶᠠᠴᠢᠨ ᠲᠦᠮᠡᠨ ᠤ ᠤᠤᠭᠤᠬᠤ ᠤᠰᠤᠨ ᠤ | ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠶᠯ ᠬᠠᠮᠢᠶᠠᠷᠤᠯᠲᠠ ᠶᠢᠨ ᠨᠢᠭᠡᠴᠡ ᠤᠰᠤ ᠬᠡᠷᠡᠭᠯᠡᠬᠦ ᠡᠷᠦᠬᠡ ᠯᠦᠭᠡ ᠤᠰᠤ | ᠬᠠᠩᠭᠠᠬᠤ ᠵᠥᠪᠯᠡᠯᠴᠡᠭᠡᠷ ᠲᠣᠭᠲᠠᠵᠤ᠂ ᠵᠥᠪᠯᠡᠯᠴᠡᠭᠡᠷ ᠤᠨ ᠲᠣᠭᠲᠠᠭᠠᠯ ᠶᠣᠰᠣᠭᠠᠷ ᠤᠰᠤ ᠬᠠᠩᠭᠠᠬᠤ ᠬᠡᠷᠡᠭᠲᠡᠶ᠃ | ᠪᠠᠷᠢᠯᠭ᠎ᠠ ᠪᠠᠷᠢᠬᠤ᠂ ᠰᠡᠯᠪᠢᠨ ᠵᠠᠰᠠᠬᠤ ᠵᠡᠷᠭᠡ ᠰᠢᠯᠲᠠᠭᠠᠨ ᠠᠴᠠ ᠪᠣᠯᠵᠤ ᠤᠰᠤ ᠬᠠᠩᠭᠠᠬᠤ ᠪᠠᠨ ᠦᠨᠡᠨᠬᠦ | ᠵᠣᠭᠰᠣᠭᠠᠬᠤ ᠴᠢᠬᠤᠯᠠᠲᠠᠶ ᠪᠣᠯ᠂ ᠬᠠᠮᠢᠶᠠᠷᠤᠯᠲᠠ ᠶᠢᠨ ᠨᠢᠭᠡᠴᠡ ᠨᠢ 24 ᠴᠠᠭ ᠤᠨ ᠡᠮᠦᠨ᠎ᠡ ᠬᠡᠷᠡᠭᠯᠡᠭᠴᠢ ᠳᠤ | ᠮᠡᠳᠡᠭᠳᠡᠬᠦ ᠬᠡᠷᠡᠭᠲᠡᠶ᠃ ᠪᠠᠶᠢᠭᠠᠯᠢ ᠶᠢᠨ ᠭᠠᠮᠰᠢᠭ ᠪᠤᠶᠤ ᠤᠰᠤ ᠬᠠᠩᠭᠠᠬᠤ ᠪᠠᠷᠢᠯᠭ᠎ᠠ ᠳᠤ ᠤᠷᠢᠳᠴᠢᠯᠠᠨ ᠵᠢᠱᠢᠵᠦ | ᠪᠣᠯᠤᠰᠢ ᠦᠭᠡᠢ ᠠᠳᠡᠯ ᠭᠠᠷᠤᠭᠰᠠᠨ ᠠᠴᠠ ᠪᠣᠯᠵᠤ ᠬᠡᠷᠡᠭᠯᠡᠭᠴᠢᠳ ᠲᠤ ᠤᠷᠢᠳᠴᠢᠯᠠᠨ ᠮᠡᠳᠡᠭᠳᠡᠵᠦ ᠳᠡᠶᠢᠯᠬᠦ ᠦᠭᠡᠢ | ᠪᠣᠯ᠂ ᠬᠠᠮᠢᠶᠠᠷᠤᠯᠲᠠ ᠶᠢᠨ ᠨᠢᠭᠡᠴᠢ ᠨᠢ ᠢᠳᠡᠪᠬᠢᠲᠡᠢ ᠵᠠᠪᠳᠤᠨ ᠵᠠᠰᠠᠬᠤ ᠶᠢᠨ ᠬᠠᠮᠲᠤ᠂ ᠬᠡᠷᠡᠭᠯᠡᠭᠴᠢ ᠳᠤ ᠴᠠᠭ | ᠲᠤᠬᠠᠶ ᠳᠤᠨᠢ ᠮᠡᠳᠡᠭᠳᠡᠵᠦ᠂ ᠪᠠᠯᠭᠠᠰᠤ ᠰᠢᠶᠠᠩ ᠤᠨ ᠠᠷᠠᠳ ᠤᠨ ᠵᠠᠰᠠᠭ ᠣᠨ ᠣᠷᠳᠣᠨ ᠳᠤ ᠮᠡᠳᠡᠭᠦᠯᠬᠦ ᠬᠡᠷᠡᠭᠲᠡᠶ᠃ | | ᠬᠤᠷᠢᠨ ᠬᠤᠶᠠᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠰᠢᠨ᠎ᠡ ᠪᠠᠷ ᠨᠡᠮᠡᠭᠳᠡᠭᠰᠡᠨ ᠤᠰᠤ ᠬᠡᠷᠡᠭᠯᠡᠬᠦ ᠡᠷᠦᠬᠡ ᠨᠢ ᠬᠠᠮᠢᠶᠠᠷᠤᠯᠲᠠ ᠶᠢᠨ ᠨᠢᠭᠡᠴᠡ ᠳᠤ | ᠭᠤᠶᠤᠴᠢᠯᠠᠯ ᠢᠶᠠᠨ ᠳᠤᠷᠠᠳᠴᠤ᠂ ᠵᠥᠪᠰᠢᠶᠡᠷᠡᠭᠦᠯᠬᠦ ᠶᠢᠨ ᠬᠠᠮᠲᠤ ᠪᠠᠭᠲᠠᠭᠠᠮᠵᠢ ᠶᠢ ᠨᠢ ᠨᠡᠮᠡᠭᠳᠡᠭᠦᠯᠬᠦ ᠵᠣᠬᠢᠬᠤ | ᠵᠠᠷᠤᠳᠠᠯ ᠲᠤᠰᠢᠶᠠᠭᠰᠠᠨ ᠤ ᠳᠠᠷᠠᠭ᠎ᠠ᠂ ᠬᠠᠮᠢᠶᠠᠷᠤᠯᠲᠠ ᠶᠢᠨ ᠨᠢᠭᠡᠴᠡ ᠠᠴᠠ ᠬᠠᠶᠢᠨ ᠪᠠᠶᠢᠴᠠᠭᠠᠬᠤ᠂ ᠲᠥᠯᠥᠪᠵᠢᠭᠦᠯᠬᠦ | ᠂ ᠵᠢᠷᠤᠭᠯᠠᠨ ᠲᠥᠯᠥᠪᠯᠡᠬᠦ ᠪᠠ ᠤᠭᠰᠠᠷᠠᠭᠤᠯᠬᠤ ᠶᠢ ᠬᠠᠷᠢᠭᠤᠴᠠᠵᠤ᠂ ᠲᠡᠭᠦᠨ ᠤ ᠵᠠᠷᠤᠳᠠᠯ ᠢ ᠰᠢᠨ᠎ᠡ ᠪᠠᠷ | ᠨᠡᠮᠡᠭᠳᠡᠭᠰᠡᠨ ᠤᠰᠤ ᠬᠡᠷᠡᠭᠯᠡᠬᠦ ᠡᠷᠦᠬᠡ ᠡᠭᠦᠷᠭᠡᠯᠡᠬᠦ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠤᠰᠤ | ᠬᠠᠩᠭᠠᠬᠤ ᠪᠡᠯᠡᠳᠬᠡᠮᠵᠢ ᠶᠢ ᠳᠤᠷ᠎ᠠ ᠪᠠᠷ ᠢᠶᠠᠨ ᠥᠭᠡᠷᠡᠴᠢᠯᠡᠬᠦ᠂ ᠨᠤᠷᠠᠭᠠᠬᠤ ᠪᠠ ᠵᠠᠮ ᠢ ᠬᠤᠪᠢ ᠪᠠᠢ ᠢᠶᠠᠨ ᠵᠠᠯᠭᠠᠨ | ᠬᠠᠮᠢᠶᠠᠷᠴᠤ ᠤᠰᠤ ᠠᠪᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠶᠯ ᠬᠠᠮᠢᠶᠠᠷᠤᠯᠲᠠ ᠶᠢᠨ ᠨᠢᠭᠡᠴᠡ ᠤᠰᠤ ᠠᠷᠪᠢᠯᠠᠬᠤ ᠮᠡᠷᠭᠡᠵᠢᠯ᠂ ᠦᠶᠯᠡᠳᠬᠦᠨ᠂ | ᠲᠥᠬᠦᠭᠡᠷᠦᠮᠵᠢ ᠪᠣᠯᠤᠨ ᠤᠰᠤ ᠠᠷᠪᠢᠯᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠡᠭᠦᠷᠭᠡ ᠲᠠᠢ | ᠃ ᠠᠯᠢᠪᠠ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠳᠤ ᠴᠥᠮ ᠤᠰᠤᠨ ᠤ ᠬᠡᠮᠵᠢᠭᠦᠷ ᠢ ᠤᠭᠰᠠᠷᠠᠵᠤ᠂ ᠤᠰᠤ | ᠶᠢ ᠬᠡᠮᠵᠢᠵᠦ ᠬᠡᠷᠡᠭᠯᠡᠬᠦ ᠬᠡᠷᠡᠭᠲᠡᠶ᠃ ᠬᠠᠮᠢᠶᠠᠷᠤᠯᠲᠠ ᠶᠢᠨ ᠨᠢᠭᠡᠴᠡ ᠨᠦᠭᠦᠳ ᠤᠯᠤᠰ ᠵᠢᠴᠢ ᠬᠠᠮᠢᠶ᠎ᠠ ᠪᠦᠬᠦᠢ | ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ᠂ ᠤᠰᠤᠨ ᠤ ᠬᠡᠮᠵᠢᠭᠦᠷ ᠢ ᠬᠢᠨᠠᠨ ᠰᠢᠯᠭᠠᠬᠤ ᠪᠠ ᠰᠢᠨᠡᠳᠬᠡᠬᠦ ᠶᠢ | ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠬᠢᠨᠠᠨ ᠰᠢᠯᠭᠠᠵᠤ ᠰᠢᠨᠡᠳᠬᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠡᠪ ᠤᠨ ᠬᠢᠨᠠᠨ ᠰᠢᠯᠭᠠᠬᠤ ᠪᠠ ᠰᠢᠨᠡᠳᠬᠡᠬᠦ ᠳᠤ ᠬᠠᠮᠵᠢᠯᠴᠠᠬᠤ ᠦᠭᠡᠢ ᠪᠣᠯ ᠤᠰᠤ ᠬᠠᠩᠭᠠᠬᠤ ᠶᠢ | ᠨᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠤᠨ᠎ᠠ᠃ | ᠬᠤᠷᠢᠨ ᠳᠥᠷᠪᠡᠳᠦᠭᠡᠷ ᠵᠦᠶᠯ ᠲᠥᠪᠯᠡᠷᠡᠭᠦᠯᠦᠨ ᠤᠰᠤ ᠬᠠᠩᠭᠠᠬᠤ ᠶᠢ ᠬᠠᠮᠢᠶᠠᠷᠬᠤ ᠨᠢᠭᠡᠴᠡ ᠨᠦᠭᠦᠳ ᠤᠰᠤ | ᠬᠡᠷᠡᠭᠯᠡᠬᠦ ᠡᠮᠬᠢ ᠳᠢᠭᠯᠢᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠬᠦ | ᠶᠢ ᠬᠢᠨᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠵᠤᠷᠢᠭᠤᠲᠠ ᠤᠰᠤ ᠬᠤᠯᠠᠭᠠᠶᠢᠯᠠᠭᠰᠠᠨ ᠪᠠ ᠤᠰᠤ | ᠬᠠᠩᠭᠠᠬᠤ ᠪᠡᠯᠡᠳᠬᠡᠮᠵᠢ ᠶᠢ ᠳᠤᠷ᠎ᠠ ᠪᠠᠷ ᠢᠶᠠᠨ ᠪᠠᠶᠢᠭᠤᠯᠤᠭᠰᠠᠨ ᠵᠡᠷᠭᠡ ᠦᠢᠯᠡ ᠠᠵᠢᠯᠯᠠᠭ᠎ᠠ ᠶᠢ ᠬᠤᠷᠢᠭᠯᠠᠨ | ᠵᠣᠭᠰᠣᠭᠠᠵᠤ᠂ ᠤᠰᠤ ᠬᠠᠩᠭᠠᠬᠤ ᠪᠠᠨ ᠵᠣᠭᠰᠣᠭᠠᠬᠤ ᠪᠤᠶᠤ ᠬᠠᠤᠯᠢ ᠶᠣᠰᠣᠭᠠᠷ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠶᠯ ᠡᠯ᠎ᠡ ᠪᠠᠯᠭᠠᠰᠤ ᠰᠢᠶᠠᠩ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠢᠨᠵᠧᠨᠧᠷᠢᠩ ᠤᠨ ᠬᠠᠮᠢᠶᠠᠷᠤᠯᠲᠠ ᠶᠢᠨ ᠠᠵᠢᠯᠲᠠᠨ ᠢ ᠦᠷᠭᠦᠯᠵᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠨᠢ ᠳᠡᠭᠡᠭᠰᠢᠯᠡᠭᠦᠯᠬᠦ | ᠬᠡᠷᠡᠭᠲᠡᠶ᠃ ᠲᠧᠭᠨᠢᠭ ᠮᠡᠷᠭᠡᠵᠢᠯ ᠤᠨ ᠰᠢᠨᠡᠴᠢᠯᠡᠯᠲᠡ ᠶᠢ ᠵᠣᠷᠢᠭᠵᠢᠭᠤᠯᠵᠤ᠂ ᠥᠪᠡᠷ ᠤᠨ ᠥᠷᠲᠡᠭ ᠢ ᠪᠠᠭᠤᠷᠠᠭᠤᠯᠬᠤ | ᠪᠠᠷ ᠴᠢᠷᠮᠠᠶᠢᠵᠤ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | | ᠳᠣᠯᠣᠳᠤᠭᠠᠷ ᠪᠦᠯᠦᠭ ᠤᠰᠤᠨ ᠤ ᠰᠦᠶᠳᠬᠡᠯ ᠢ ᠪᠣᠳᠣᠵᠤ ᠬᠤᠷᠢᠶᠠᠬᠤ ᠵᠢᠴᠢ ᠡᠳ᠋ ᠤᠨ ᠶᠠᠪᠤᠳᠠᠯ ᠤᠨ | ᠬᠠᠮᠢᠶᠠᠷᠤᠯᠲᠠ | ᠬᠤᠷᠢᠨ ᠵᠢᠷᠭᠤᠳᠤᠭᠠᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠨᠢᠭᠡᠪᠦᠷᠢ ᠶᠢ ᠴᠥᠮ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ | ᠠᠴᠠ ᠤᠰᠤᠨ ᠤ ᠰᠦᠶᠳᠬᠡᠯ ᠤᠨ ᠰᠦᠶᠳᠬᠡᠯ ᠬᠤᠷᠢᠶᠠᠬᠤ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠬᠥᠳᠡᠭᠡ | ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠤᠰᠤᠨ ᠤ ᠰᠦᠶᠳᠬᠡᠯ ᠨᠢ ᠡᠵᠡᠩᠨᠡᠯᠲᠡ | ᠶᠢᠨ ᠴᠢᠨᠠᠷᠲᠠᠶ ᠣᠷᠣᠯᠭ᠎ᠠ ᠳᠤ ᠬᠠᠷᠢᠶᠠᠯᠠᠭᠳᠠᠵᠤ᠂ ᠭᠤᠤᠯᠳᠠᠭᠤ ᠬᠥᠳᠡᠭᠡ ᠲᠣᠰᠬᠤᠨ ᠤ ᠤᠤᠭᠤᠬᠤ ᠤᠰᠤᠨ ᠤ | ᠠᠶᠤᠯᠭᠦᠢ ᠶᠢᠨ ᠢᠨᠵᠧᠨᠧᠷᠢᠩ ᠤᠨ ᠪᠡᠯᠡᠳᠬᠡᠮᠵᠢ ᠶᠢᠨ ᠬᠠᠮᠢᠶᠠᠷᠤᠯᠲᠠ᠂ ᠰᠡᠯᠪᠢᠨ ᠵᠠᠰᠠᠬᠤ᠂ ᠰᠢᠨᠡᠳᠬᠡᠬᠦ᠂ | ᠥᠭᠡᠷᠡᠴᠢᠯᠡᠬᠦ ᠵᠢᠴᠢ ᠬᠠᠮᠢᠶᠠᠷᠤᠯᠲᠠ ᠶᠢᠨ ᠠᠵᠢᠯᠲᠠᠨ ᠤ ᠴᠠᠯᠢᠩ ᠵᠡᠷᠭᠡ ᠵᠦᠶᠯ ᠤᠨ ᠵᠠᠷᠤᠯᠭ᠎ᠠ ᠳᠤ ᠬᠡᠷᠡᠭᠯᠡᠨ᠎ᠡ᠂ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠲᠡᠰᠬᠡᠨ ᠨᠣᠭᠳᠠᠭᠤᠯᠬᠤ᠂ ᠳᠤᠮᠳᠠ ᠠᠴᠠ ᠨᠢ ᠲᠠᠰᠤᠳᠠᠨ ᠦᠯᠡᠳᠡᠭᠡᠬᠦ ᠪᠠ | ᠨᠡᠭᠦᠯᠭᠡᠨ ᠬᠡᠷᠡᠭᠯᠡᠵᠦ ᠪᠣᠯᠬᠤ ᠦᠭᠡᠢ᠃ | ᠬᠤᠷᠢᠨ ᠳᠣᠯᠣᠳᠤᠭᠠᠷ ᠵᠦᠶᠯ ᠲᠤᠰᠬᠤᠨ ᠬᠤᠯᠪᠤᠭᠠᠯᠠᠭᠰᠠᠨ ᠤᠰᠤ ᠬᠠᠩᠭᠠᠬᠤ ᠢᠨᠵᠧᠨᠧᠷᠢᠩ ᠨᠢ ᠰᠠᠷ᠎ᠠ ᠪᠦᠷᠢ | ᠴᠠᠬᠢᠯᠭᠠᠨ ᠬᠡᠮᠵᠢᠭᠦᠷ ᠤᠨ ᠶᠣᠰᠣᠭᠠᠷ ᠰᠦᠶᠳᠬᠡᠯ ᠬᠤᠷᠢᠶᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ | ᠬᠡᠷᠡᠭᠯᠡᠬᠦ ᠨᠢᠭᠡᠴᠡ ᠪᠣᠯᠤᠨ ᠬᠤᠪᠢ ᠬᠥᠮᠦᠨ ᠰᠦᠶᠳᠬᠡᠯ ᠲᠤᠰᠢᠶᠠᠬᠤ ᠮᠡᠳᠡᠭᠳᠡᠯ ᠢ ᠣᠯᠤᠭᠰᠠᠨ ᠤ ᠳᠠᠷᠠᠭ᠎ᠠ᠂ | ᠲᠣᠭᠲᠠᠭᠰᠠᠨ ᠬᠤᠭᠤᠴᠠᠭᠠᠨ ᠳᠣᠲᠣᠷ᠎ᠠ ᠤᠰᠤᠨ ᠤ ᠰᠦᠶᠳᠬᠡᠯ ᠢᠶᠠᠨ ᠴᠠᠭ ᠲᠤᠬᠠᠶ ᠳᠤᠨᠢ ᠲᠤᠰᠢᠶᠠᠬᠤ ᠬᠡᠷᠡᠭᠲᠡᠶ᠃ | ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠪᠠᠶᠢᠪᠠᠯ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ | ᠮᠥᠩᠭᠦ ᠨᠡᠮᠡᠵᠦ ᠬᠤᠷᠢᠶᠠᠬᠤ ᠪᠤᠶᠤ ᠤᠰᠤ ᠬᠠᠩᠭᠠᠬᠤ ᠶᠢ ᠨᠢ ᠵᠣᠭᠰᠣᠭᠠᠵᠤ ᠪᠣᠯᠤᠨ᠎ᠠ᠃ | | ᠬᠤᠷᠢᠨ ᠨᠠᠶᠮᠠᠳᠤᠭᠠᠷ ᠵᠦᠶᠯ ᠬᠠᠮᠢᠶᠠᠷᠤᠯᠲᠠ ᠶᠢᠨ ᠨᠢᠭᠡᠴᠡ ᠨᠦᠭᠦᠳ ᠡᠳ᠋ ᠤᠨ ᠶᠠᠪᠤᠳᠠᠯ ᠤᠨ ᠳᠦᠷᠢᠮ ᠢᠶᠠᠨ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠤᠰᠤᠨ | ᠤ ᠦᠨ᠎ᠡ᠂ ᠤᠰᠤ ᠬᠠᠩᠭᠠᠬᠤ ᠬᠡᠮᠵᠢᠶ᠎ᠡ᠂ ᠤᠰᠤᠨ ᠤ ᠰᠦᠶᠳᠬᠡᠯ ᠲᠠᠲᠠᠪᠤᠷᠢᠯᠠᠬᠤ ᠪᠠ ᠬᠡᠷᠡᠭᠯᠡᠬᠦ ᠵᠡᠷᠭᠡ ᠪᠠᠶᠢᠳᠠᠯ | ᠳᠤ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠬᠠᠮᠢᠶᠠᠷᠤᠯᠲᠠ ᠶᠢᠨ ᠢᠯᠡ | ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠶᠤᠸᠠᠨ ᠪᠤᠣ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠡᠳ᠋ ᠤᠨ ᠵᠠᠰᠠᠭ᠂ ᠬᠢᠨᠠᠨ ᠪᠣᠳᠣᠬᠤ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠤᠰᠤᠨ | ᠠᠰᠢᠭᠯᠠᠯᠲᠠ ᠵᠡᠷᠭᠡ ᠰᠠᠯᠠᠭ᠎ᠠ ᠮᠥᠴᠢᠷ ᠵᠢᠴᠢ ᠤᠰᠤ ᠬᠡᠷᠡᠭᠯᠡᠬᠦ ᠨᠢᠭᠡᠴᠡ ᠪᠣᠯᠤᠨ ᠬᠤᠪᠢ ᠬᠥᠮᠦᠨ ᠤ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ | | ᠨᠠᠶᠮᠠᠳᠤᠭᠠᠷ ᠪᠦᠯᠦᠭ ᠲᠣᠷᠭᠠᠬᠤ ᠳᠦᠷᠢᠮ | ᠬᠤᠷᠢ ᠶᠢᠰᠦᠳᠦᠭᠡᠷ ᠵᠦᠶᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ | ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠶᠤᠸᠠᠨ ᠪᠤᠣ ᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠠᠴᠠ ᠪᠠᠯᠭᠠᠰᠤ ᠰᠢᠶᠠᠩ ᠤᠨ ᠠᠷᠠᠳ ᠤᠨ ᠵᠠᠰᠠᠭ ᠤᠨᠣᠷᠳᠣᠨ ᠤ ᠣᠨ ᠤ ᠪᠣᠳᠠᠲᠤ ᠠᠮᠵᠢᠯᠲᠠ ᠶᠢ | ᠬᠢᠨᠠᠨ ᠰᠢᠯᠭᠠᠬᠤ ᠬᠠᠷᠠᠯᠲᠠ ᠳᠤ ᠣᠷᠣᠭᠤᠯᠵᠤ᠂ ᠠᠵᠢᠯᠲᠠᠨ ᠢ ᠨᠠᠶᠢᠳᠠᠪᠤᠷᠢᠵᠢᠭᠤᠯᠬᠤ᠂ ᠰᠡᠯᠪᠢᠨ ᠵᠠᠰᠠᠵᠤ ᠬᠠᠮᠢᠶᠠᠷᠤᠨ | ᠬᠠᠮᠠᠭᠠᠯᠠᠬᠤ ᠪᠡᠯᠡ ᠮᠥᠩᠭᠦ ᠶᠢ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ | ᠶᠢᠨ ᠢᠨᠵᠧᠨᠧᠷᠢᠩ ᠤᠨ ᠠᠵᠢᠯᠯᠠᠭᠠᠨ ᠤ ᠬᠡᠪ ᠤᠨ ᠨᠣᠷᠮ᠎ᠠ ᠵᠡᠷᠭᠡ ᠲᠠᠯ᠎ᠠ ᠠᠴᠠ ᠬᠢᠨᠠᠨ ᠰᠢᠯᠭᠠᠬᠤ ᠬᠡᠷᠡᠭᠲᠡᠶ᠃ | ᠭᠤᠴᠢᠳᠤᠭᠠᠷ ᠵᠦᠶᠯ ᠲᠣᠰ ᠠᠷᠭ᠎ᠠ ᠠᠴᠠ ᠵᠥᠷᠢᠴᠡᠨ᠂ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ | ᠶᠢ ᠬᠢᠭᠰᠡᠨ ᠪᠠᠶᠢᠪᠠᠯ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠬᠠᠮᠢᠶᠠᠷᠤᠯᠲᠠ ᠶᠢᠨ ᠨᠢᠭᠡᠴᠡ ᠨᠢ ᠲᠡᠭᠦᠨ ᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠬᠤᠭᠤᠴᠠᠭ᠎ᠠ | ᠬᠢᠵᠠᠭᠠᠷᠯᠠᠨ ᠵᠠᠯᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ ᠬᠠᠮᠢᠶ᠎ᠠ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠲᠤ ᠮᠡᠳᠡᠭᠦᠯᠵᠦ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠶ᠄ | ( ᠨᠢᠭᠡ ) ᠬᠤᠪᠢ ᠪᠠᠢ ᠢᠶᠠᠨ ᠤᠰᠤ ᠲᠤᠰᠴᠤ ᠬᠤᠯᠠᠭᠠᠶᠢᠯᠠᠭᠰᠠᠨ | ( ᠬᠤᠶᠠᠷ ) ᠤᠰᠤᠨ ᠤ ᠰᠦᠶᠳᠬᠡᠯ ᠲᠤᠰᠢᠶᠠᠬᠤ ᠶᠢ ᠲᠡᠪᠴᠢᠭᠰᠡᠨ | ( ᠭᠤᠷᠪᠠ ) ᠤᠰᠤ ᠬᠠᠩᠭᠠᠬᠤ ᠲᠥᠬᠦᠭᠡᠷᠦᠮᠵᠢ ᠶᠢ ᠳᠤᠷ᠎ᠠ ᠪᠠᠷ ᠢᠶᠠᠨ ᠨᠤᠷᠠᠭᠠᠵᠤ ᠨᠡᠭᠦᠯᠭᠡᠭᠰᠡᠨ | ( ᠳᠥᠷᠪᠡᠨ ) ᠤᠰᠤ ᠬᠠᠩᠭᠠᠬᠤ ᠲᠥᠬᠦᠭᠡᠷᠦᠮᠵᠢ ᠶᠢ ᠡᠪᠳᠡᠵᠦ ᠰᠦᠶᠳᠬᠡᠭᠰᠡᠨ | ( ᠲᠠᠪᠤ ) ᠳᠤᠷ᠎ᠠ ᠪᠠᠷ ᠢᠶᠠᠨ ᠴᠠᠬᠢᠯᠭᠠᠨ ᠡᠭᠦᠰᠭᠡᠭᠴᠢ᠂ ᠤᠰᠤᠨ ᠤ ᠰᠤᠷᠪᠤᠯᠵᠢ ᠶᠢ ᠲᠠᠰᠤᠯᠠᠵᠤ᠂ ᠤᠰᠤ | ᠬᠠᠩᠭᠠᠬᠤ ᠲᠥᠬᠦᠭᠡᠷᠦᠮᠵᠢ ᠶᠢᠨ ᠠᠵᠢᠯᠯᠠᠭᠠᠨ ᠢ ᠨᠥᠯᠥᠭᠡᠯᠡᠭᠰᠡᠨ | ( ᠵᠢᠷᠭᠤᠭ᠎ᠠ ) ᠤᠰᠤᠨ ᠤ ᠡᠬᠢ ᠰᠤᠷᠪᠤᠯᠵᠢ ᠶᠢ ᠡᠪᠳᠡᠭᠰᠡᠨ᠂ ᠤᠰᠤᠨ ᠤ ᠴᠢᠨᠠᠷ ᠢ ᠪᠣᠬᠢᠷᠲᠤᠭᠤᠯᠤᠭᠰᠠᠨ᠃ | | ᠭᠤᠴᠢᠨ ᠨᠢᠭᠡᠳᠦᠭᠡᠷ ᠵᠦᠶᠯ ᠬᠠᠮᠢᠶᠠᠷᠤᠯᠲᠠ ᠶᠢᠨ ᠠᠵᠢᠯᠲᠠᠨ ᠳᠣᠤᠷᠠᠬᠢ ᠮᠡᠲᠦ ᠪᠠᠶᠢᠳᠠᠯ ᠲᠠᠢ ᠪᠣᠯ᠂ ᠦᠢᠯᠡ | ᠪᠠᠶᠢᠳᠠᠯ ᠢ ᠨᠢ ᠦᠵᠡᠵᠦ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠭᠦᠮᠵᠢᠯᠡᠨ | ᠰᠤᠷᠭᠠᠬᠤ᠂ ᠵᠠᠰᠠᠭ ᠵᠠᠬᠢᠷᠭᠠᠨ ᠤ ᠰᠢᠶᠳᠬᠡᠯ ᠥᠭᠴᠦ᠂ ᠶᠠᠯ᠎ᠠ ᠳᠤ ᠬᠦᠷᠦᠭᠰᠡᠨ ᠪᠣᠯ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ( ᠨᠢᠭᠡ ) ᠠᠵᠢᠯ ᠤᠨ ᠪᠠᠶᠢᠷᠢ ᠠᠴᠠ ᠪᠠᠨ ᠰᠠᠯᠵᠤ᠂ ᠣᠰᠤᠨ ᠤ ᠬᠠᠩᠭᠠᠯᠭ᠎ᠠ ᠲᠠᠰᠤᠷᠠᠭᠰᠠᠨ | ( ᠬᠤᠶᠠᠷ ) ᠤᠰᠤ ᠬᠠᠩᠭᠠᠬᠤ ᠦᠨ᠎ᠡ ᠶᠢ ᠳᠤᠷ᠎ᠠ ᠪᠠᠷ ᠢᠶᠠᠨ ᠥᠰᠬᠡᠭᠰᠡᠨ | ( ᠭᠤᠷᠪᠠ ) ᠲᠤᠰᠢᠶᠠᠯ ᠬᠠᠷᠢᠭᠤᠴᠠᠯᠭ᠎ᠠ ᠪᠠᠨ ᠤᠮᠳᠤᠭᠠᠢᠯᠠᠵᠤ᠂ ᠳᠦᠷᠢᠮ ᠢ ᠵᠥᠷᠢᠴᠡᠨ ᠠᠵᠢᠯᠯᠠᠭᠠᠳ | ᠲᠣᠨᠤᠭ ᠲᠥᠬᠦᠭᠡᠷᠦᠮᠵᠢ ᠶᠢ ᠡᠪᠳᠡᠵᠦ᠂ ᠠᠵᠤ ᠠᠬᠤᠢ ᠶᠢᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ | ( ᠳᠦᠷᠪᠡ ) ᠤᠰᠤᠨ ᠤ ᠰᠦᠶᠳᠬᠡᠯ ᠪᠤᠶᠤ ᠤᠰᠤᠨ ᠵᠣᠭᠤᠰ ᠢ ᠱᠠᠮᠰᠢᠵᠤ ᠨᠡᠭᠦᠯᠭᠡᠨ ᠬᠡᠷᠡᠭᠯᠡᠭᠰᠡᠨ | ( ᠲᠠᠪᠤ ) ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠢ ᠬᠢᠨᠠᠨ ᠬᠠᠮᠢᠶᠠᠷᠤᠭᠰᠠᠨ ᠨᠢ ᠰᠤᠯᠠ ᠪᠠᠶᠢᠵᠤ | ᠂ ᠬᠦᠨᠳᠦ ᠨᠣᠴᠢᠲᠠᠶ ᠤᠷᠰᠢᠭ ᠲᠠᠲᠠᠭᠰᠠᠨ | | ᠶᠢᠰᠦᠳᠦᠭᠡᠷ ᠪᠦᠯᠦᠭ ᠳᠠᠭᠠᠯᠲᠠ ᠳᠦᠷᠢᠮ | ᠭᠤᠴᠢᠨ ᠬᠤᠶᠠᠳᠤᠭᠠᠷ ᠵᠦᠶᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠪᠠᠨ ᠡᠬᠢᠯᠡᠨ ᠬᠡᠷᠡᠭᠵᠢᠭᠦᠯᠦᠨ᠎ᠡ᠃ | | | |