ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ | ᠶᠤᠸᠠᠨ ᠣᠷᠴᠢᠨ ᠲᠣᠷᠭᠠᠬᠤ ᠥᠰᠥᠭ ﹇2019﹈ 23 ᠳ᠋ᠤᠭᠠᠷ ᠲᠣᠭᠠᠲᠤ | | ᠥᠪᠥᠷ ᠮᠣᠩᠭᠤᠯ ᠤᠨ ᠵᠢᠶ ᠠᠨ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠵᠢᠨᠶᠤᠸᠠᠨ ᠪᠤᠣ ᠱᠠᠨ ᠬᠤᠪᠢᠶᠠᠷᠢ ᠺᠤᠮᠫᠠᠨᠢ | ᠨᠡᠶᠢᠭᠡᠮ ᠤᠨ ᠢᠲᠡᠭᠡᠮᠵᠢ ᠶᠢᠨ ᠲᠥᠯᠥᠭᠡᠨ ᠤ ᠨᠣᠮᠧᠷ᠄ 91150403692872546E | ᠬᠠᠶ᠋ᠢᠭ᠄ ᠶᠤᠸᠠᠨ ᠪᠤᠤ ᠱᠠᠨ ᠲᠤᠭᠤᠷᠢᠭ ᠤᠨ ᠶᠤᠸᠠᠨ ᠪᠤᠤ ᠱᠠᠨ ᠪᠠᠯᠭᠠᠰᠤ ᠶᠢᠨ ᠫᠢᠩᠵᠤᠸᠠᠩ ᠤᠨ | ᠨᠡᠭᠦᠷᠡᠰᠦᠨ ᠠᠭᠤᠷᠬᠠᠢ ᠶᠢᠨ ᠺᠣᠮᠫᠠᠨᠢ ᠶᠢᠨ ᠪᠠᠷᠠᠭᠤᠨ ᠵᠠᠳᠠᠭᠠᠢ ᠠᠭᠤᠷᠬᠠᠢ ᠶᠢᠨ ᠪᠠᠷᠠᠭᠤᠨ ᠠᠭᠤᠯᠠ | ᠬᠠᠤᠯᠢ ᠶᠢᠨ ᠲᠥᠯᠥᠭᠡᠯᠡᠭᠴᠢ᠄ ᠰᠢᠤᠢ ᠴᠥᠨ ᠯᠠᠢ | ᠮᠠᠨ ᠤ ᠲᠣᠪᠴᠢᠶ᠎ᠠ 2019 ᠣᠨ ᠤ 6 ᠰᠠᠷ᠎ᠠ ᠶᠢᠨ 17 ᠤ ᠡᠳᠦᠷ ᠲᠠᠨ ᠤ ᠨᠢᠭᠡᠴᠢ ᠳᠤ ᠪᠠᠶᠢᠴᠠᠭᠠᠯᠲᠠ | ᠬᠢᠵᠦ᠂ ᠳᠣᠣᠷᠠᠬᠢ ᠮᠡᠲᠦ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠢ ᠣᠯᠵᠤ | ᠮᠡᠳᠡᠪᠡ᠄ | ᠪᠠᠶᠢᠴᠠᠭᠠᠭᠰᠠᠨ ᠢᠶᠠᠷ᠂ ᠲᠠᠨ ᠤ ᠨᠢᠭᠡᠴᠢ ᠶᠢᠨ ᠴᠠᠪᠠᠤᠯᠢᠭ ᠬᠡᠯᠪᠡᠷᠢᠲᠦ ᠴᠡᠶᠢᠳᠡᠮᠵᠢᠭᠦᠯᠦᠭᠰᠡᠨ ᠲᠠᠷᠢ | ᠦᠶᠯᠡᠳᠪᠦᠷᠢᠯᠡᠬᠦ ᠱᠤᠭᠤᠮ ᠤᠨ ᠲᠥᠷᠥᠯ ᠵᠦᠶᠯ ᠨᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠮᠡᠳᠡᠭᠦᠯᠦᠯᠲᠡ | ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠦᠭᠡᠢ ᠮᠥᠷᠲᠡᠭᠡᠨ ᠮᠡᠳᠡᠭᠦᠯᠦᠨ ᠵᠥᠪᠰᠢᠶᠡᠷᠡᠭᠦᠯᠦᠭᠰᠡᠨ ᠦᠭᠡᠢ᠂ ᠳᠤᠷ᠎ᠠ | ᠪᠠᠷ ᠢᠶᠠᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ ᠃ | ᠳᠡᠭᠡᠷᠡᠬᠢ ᠪᠣᠳᠠᠲᠤ ᠶᠠᠪᠤᠳᠠᠯ ᠳᠤ ᠳᠣᠣᠷ᠎ᠠ ᠵᠢᠭᠰᠠᠭᠠᠭᠰᠠᠨ ᠭᠡᠷᠡᠴᠢ ᠪᠠᠷᠢᠮᠲᠠ ᠪᠠᠷ ᠦᠨᠳᠦᠰᠦᠯᠡᠯ ᠪᠣᠯᠭᠠᠨ᠎ᠠ᠄ | 1 . 2019 ᠣᠨ ᠤ 6 ᠳ᠋ᠤᠭᠠᠷ ᠰᠠᠷ᠎ᠠ ᠶᠢᠨ 17 ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ | ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠲᠤᠬᠠᠶ ᠶᠢᠨ ᠲᠠᠯᠠᠪᠤᠷ ᠤᠨ | ᠪᠠᠶᠢᠴᠠᠭᠠᠯᠲᠠ ᠶᠢᠨ ᠲᠡᠮᠳᠡᠭᠯᠡᠯ︾᠃ | 2 . 2019 ᠣᠨ ᠤ 6 ᠳ᠋ᠤᠭᠠᠷ ᠰᠠᠷ᠎ᠠ ᠶᠢᠨ 17 ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ | ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠲᠤᠬᠠᠶ ᠶᠢᠨ ᠲᠠᠯᠠᠪᠤᠷ ᠤᠨ | ᠪᠠᠶᠢᠴᠠᠭᠠᠨ ᠠᠰᠠᠭᠤᠭᠰᠠᠨ ᠲᠡᠮᠳᠡᠭᠯᠡᠯ︾᠃ | 3᠂ 2019 ᠣᠨ 6 ᠳ᠋ᠤᠭᠠᠷ ᠰᠠᠷ᠎ᠠ ᠶᠢᠨ 17 ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ | ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠵᠢᠨᠲ᠋ᠤᠬᠠᠢ ᠶᠢᠨ ᠲᠠᠯᠠᠪᠠᠢ ᠶᠢᠨ | ᠪᠠᠶᠢᠴᠠᠭᠠᠭᠰᠠᠨ ᠵᠢᠷᠤᠭ ᠲᠦᠷᠰᠥ ᠪᠠ ᠲᠦᠷᠰᠥ ᠰᠢᠩᠭᠡᠭᠡᠯᠲᠡ ︾᠃ | 4᠂ ᠥᠪᠥᠷ ᠮᠣᠩᠭᠤᠯ ᠤᠨ ᠵᠧᠩ ᠾᠧ ᠡᠳ᠋ ᠬᠥᠷᠥᠩᠭᠡ ᠶᠢ ᠦᠨᠡᠯᠡᠨ ᠵᠢᠱᠢᠬᠦ ᠬᠢᠵᠠᠭᠠᠷᠲᠤ ᠺᠣᠮᠫᠠᠨᠢ ᠠᠴᠠ | 2019 ᠣᠨ 6 ᠳ᠋ᠤᠭᠠᠷ ᠰᠠᠷ᠎ᠠ ᠶᠢᠨ 14 ᠤ ᠡᠳᠦᠷ ᠭᠠᠷᠭᠠᠭᠰᠠᠨ ︽ᠥᠪᠥᠷ ᠮᠣᠩᠭᠤᠯ ᠤᠨ ᠵᠢᠶ ᠠᠨ ᠬᠢᠮᠢ ᠶᠢᠨ | ᠠᠵᠤ ᠦᠶᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠤᠸᠠᠨ ᠪᠤᠣ ᠱᠠᠨ ᠬᠤᠪᠢᠶᠠᠷᠢ | ᠺᠣᠮᠫᠠᠨᠢ ᠶᠢᠨ ᠭᠡᠷ ᠪᠠᠶᠢᠰᠢᠩ ᠪᠠᠷᠢᠯᠭ᠎ᠠ ᠵᠢᠴᠢ ᠮᠠᠰᠢᠨ ᠲᠥᠬᠦᠭᠡᠷᠦᠮᠵᠢ ᠶᠢᠨ ᠵᠠᠬ᠎ᠠ ᠳᠡᠯᠭᠡᠭᠦᠷ ᠤᠨ ᠥᠷᠲᠡᠭ ᠡᠳ᠋ | ᠬᠥᠷᠥᠩᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ︾ ︵ᠬᠡᠰᠡᠭ︶ ᠶᠢᠨ ᠬᠠᠭᠤᠯᠪᠤᠷᠢ᠃ | ᠭᠡᠷᠡᠴᠢ ᠪᠠᠷᠢᠮᠲᠠ 1 — 4 ᠨᠢ ᠲᠠᠨ ᠤ ᠨᠢᠭᠡᠴᠡ ᠶᠢᠨ ᠰᠢᠨ᠎ᠡ ᠪᠠᠷ ᠪᠠᠶᠢᠭᠤᠯᠤᠭᠰᠠᠨ ᠵᠢᠯ ᠳᠤ 17500 | ᠲᠣᠨ ᠴᠠᠪᠠᠤᠯᠢᠭ ᠬᠡᠯᠪᠡᠷᠢ ᠶᠢᠨ ᠲᠠᠷᠢ ᠦᠶᠯᠡᠳᠪᠦᠷᠢᠯᠡᠬᠦ ᠴᠡᠶᠢᠳᠡᠮᠯᠢᠭ ᠳᠠᠷᠢ ᠶᠢᠨ ᠦᠶᠯᠡᠳᠪᠦᠷᠢᠯᠡᠯ ᠤᠨ ᠱᠤᠭᠤᠮ | ᠤᠨ ᠦᠶᠯᠡᠳᠪᠦᠷᠢᠯᠡᠬᠦ ᠴᠢᠳᠠᠪᠤᠷᠢ ᠶᠢ ᠲᠣᠬᠢᠷᠠᠭᠤᠯᠬᠤ ᠲᠥᠷᠥᠯ ᠵᠦᠶᠯ ᠳᠤ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢ ᠦᠨᠡᠯᠡᠬᠦ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠥᠬᠡᠶ ᠪᠥᠭᠡᠳ ᠮᠡᠳᠡᠭᠦᠯᠦᠨ | ᠵᠥᠪᠰᠢᠶᠡᠷᠡᠭᠦᠯᠦᠭᠰᠡᠨ ᠥᠬᠡᠶ᠂ ᠨᠢᠭᠡᠨᠲᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠶᠡᠷᠦᠩᠬᠡᠶ ᠥᠷᠲᠡᠭ ᠨᠢ | 6393255.6 ᠲᠥᠭᠦᠷᠢᠭ ᠪᠣᠯᠬᠤ ᠶᠢ ᠭᠡᠷᠡᠴᠢᠯᠡᠪᠡ᠃ | 5 ᠂ ︽ᠡᠵᠡᠩᠨᠡᠯᠲᠡ ᠶᠢᠨ ᠦᠨᠡᠮᠯᠡᠯ︾ ᠤᠨ ᠬᠠᠭᠤᠯᠪᠤᠷᠢ | 6᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ᠃ | | ᠭᠡᠷᠡᠴᠢ ᠪᠠᠷᠢᠮᠲᠠ 5 — 6 ᠨᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠭᠤᠣᠯ ᠴᠣᠭᠴᠠ | ᠪᠣᠯ ᠥᠪᠥᠷ ᠮᠣᠩᠭᠤᠯ ᠤᠨ ᠵᠢᠶ ᠠᠨ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠶᠢᠨ ᠶᠤᠸᠠᠨ ᠪᠤᠣ ᠱᠠᠨ ᠬᠤᠪᠢᠶᠠᠷᠢ ᠺᠣᠮᠫᠠᠨᠢ ᠪᠣᠯᠬᠤ ᠶᠢ ᠭᠡᠷᠡᠴᠢᠯᠡᠵᠦ᠂ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠨᠢ ᠰᠢᠤᠢ ᠴᠥᠨ ᠯᠠᠢ ᠪᠤᠯᠬᠤ ᠶᠢ ᠭᠡᠷᠡᠴᠢᠯᠡᠵᠦ ᠪᠣᠢ ᠃ | ᠲᠠᠨ ᠤ ᠺᠣᠮᠫᠠᠨᠢ ᠶᠢᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ 《 ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ 》 ᠶᠢᠨ ᠠᠷᠪᠠᠨ | ᠵᠢᠷᠭᠤᠳᠤᠭᠠᠷ ᠵᠦᠶᠯ ᠤᠨ ᠬᠤᠶᠠᠳᠤᠭᠠᠷ ᠵᠤᠷᠪᠤᠰ ᠪᠣᠯᠬᠤ《 ᠪᠦᠲᠦᠭᠡᠨ ᠪᠠᠶᠢᠭᠤᠯᠬᠤ ᠨᠢᠭᠡᠴᠢ ᠳᠣᠤᠷ᠎ᠠ | ᠵᠢᠭᠰᠠᠭᠠᠭᠰᠠᠨ ᠲᠣᠭᠲᠠᠭᠠᠯ ᠶᠣᠰᠣᠭᠠᠷ ᠣᠷᠴᠢᠨ ᠲᠤᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ᠂ | ᠣᠷᠴᠢᠨ ᠲᠤᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠬᠦᠰᠦᠨᠦᠭᠲᠦ ᠪᠤᠶᠤ ᠣᠷᠴᠢᠨ ᠲᠤᠭᠤᠷᠢᠨ ᠤ | ᠨᠥᠯᠥᠭᠡᠯᠡᠯ ᠤᠨ ᠳᠠᠩᠰᠠᠯᠠᠯ ᠤᠨ ᠬᠦᠰᠦᠨᠦᠭᠲᠦ ( ᠳᠣᠷᠣᠭᠰᠢ ᠣᠷᠴᠢᠨ ᠲᠤᠭᠤᠷᠢᠨ ᠤ ᠨᠥᠯᠥᠭᠡᠯᠡᠯ ᠢ ᠦᠨᠡᠯᠡᠬᠦ | ᠪᠢᠴᠢᠭ ᠮᠠᠲ᠋ᠧᠷᠢᠶᠠᠯ ᠭᠡᠵᠦ ᠶᠡᠷᠦᠩᠬᠡᠶᠢᠯᠡᠨ ᠨᠡᠷᠡᠶᠢᠳᠦᠨ᠎ᠡ ) ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ | ᠬᠡᠷᠡᠭᠲᠡᠶ᠄ ( ᠨᠢᠭᠡ ) ᠣᠷᠴᠢᠨ ᠲᠤᠭᠤᠷᠢᠨ ᠤ ᠬᠦᠨᠳᠦ ᠶᠡᠭᠡ ᠨᠥᠯᠥᠭᠡᠯᠡᠯ ᠢ ᠪᠤᠢ ᠪᠣᠯᠭᠠᠵᠤ ᠮᠡᠳᠡᠬᠦ ᠳᠤ ᠬᠦᠷᠪᠡᠯ᠂ | ᠣᠷᠴᠢᠨ ᠲᠤᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠵᠤ᠂ ᠪᠤᠢ | ᠪᠣᠯᠭᠠᠭᠰᠠᠨ ᠣᠷᠴᠢᠨ ᠲᠤᠭᠤᠷᠢᠨ ᠤ ᠨᠥᠯᠥᠭᠡᠯᠡᠯ ᠳᠤ ᠪᠦᠬᠦ ᠲᠠᠯ᠎ᠠ ᠶᠢᠨ ᠦᠨᠡᠯᠡᠯᠲᠡ ᠬᠢᠬᠦ ᠬᠡᠷᠡᠭᠲᠡᠶ 》 ᠭᠡᠬᠦ | ᠲᠤᠭᠳᠠᠭᠠᠯ ᠢ ᠵᠦᠷᠢᠴᠡᠭᠰᠡᠨ ᠪᠠᠶᠢᠨ᠎ᠠ᠃ | ᠮᠠᠨ ᠤ ᠲᠣᠪᠴᠢᠶ᠎ᠠ 2019 ᠣᠨ ᠤ 6 ᠳ᠋ᠤᠭᠠᠷ ᠰᠠᠷ᠎ᠠ ᠶᠢᠨ 18 ᠤ ᠡᠳᠦᠷ ︽ᠤᠯᠠᠭᠠᠨᠬᠠᠳᠠ ᠬᠤᠲᠠ ᠶᠢᠨ | ᠶᠤᠸᠠᠨ ᠪᠤᠤ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ | ᠤ ᠰᠢᠢᠳᠬᠡᠯ ᠲᠣᠷᠭᠠᠭᠤᠯᠢ ᠳᠤ ᠤᠷᠢᠳᠴᠢᠯᠠᠨ ᠮᠡᠳᠡᠭᠳᠡᠬᠦ ᠪᠢᠴᠢᠭ︾ ︵ᠶᠤᠸᠠᠨ ᠣᠷᠴᠢᠨ ᠮᠡᠳᠡᠭᠳᠡᠬᠦ ᠥᠰᠥᠭ ﹇ | 2019﹈ 23 ᠳ᠋ᠤᠭᠠᠷ ᠲᠣᠭᠠᠲᠤ︶ ᠪᠠ ︽ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾ ︵ᠶᠤᠸᠠᠨ ᠣᠷᠴᠢᠨ ᠰᠣᠨᠣᠰᠬᠤ ᠥᠰᠥᠭ ﹇2019﹈ 23 | ᠳ᠋ᠤᠭᠠᠷ ᠲᠣᠭᠠᠲᠤ︶ ᠢᠶᠠᠷ ᠲᠠᠨ ᠤ ᠨᠢᠭᠡᠴᠢ ᠳᠤ ᠲᠣᠭᠠᠴᠢᠨ ᠲᠣᠳᠣᠷᠬᠠᠶᠢᠯᠠᠬᠤ ᠡᠷᠬᠡ ᠪᠠ ᠭᠡᠷᠡᠴᠢᠯᠡᠭᠡ ᠰᠣᠨᠣᠰᠬᠤ | ᠶᠢ ᠭᠤᠶᠤᠴᠢᠯᠠᠬᠤ ᠡᠷᠬᠡ ᠲᠠᠢ ᠭᠡᠵᠦ ᠮᠡᠳᠡᠭᠳᠡᠪᠡ᠃ ᠲᠠᠨ ᠤ ᠨᠢᠭᠡᠴᠢ ᠲᠣᠭᠲᠠᠭᠰᠠᠨ ᠬᠤᠭᠤᠴᠠᠭᠠᠨ ᠳᠣᠲᠣᠷ᠎ᠠ | ᠪᠢᠴᠢᠭ ᠮᠠᠲ᠋ᠧᠷᠢᠶᠠᠯ ᠤᠨ ᠲᠣᠭᠠᠴᠢᠯᠲᠠ ᠬᠢᠵᠦ ᠵᠥᠪᠲᠡᠭᠡᠨ ᠲᠣᠳᠣᠷᠬᠠᠶᠢᠯᠠᠭᠰᠠᠨ ᠦᠭᠡᠢ ᠪᠥᠭᠡᠳ ᠭᠡᠷᠡᠴᠢᠯᠡᠭᠡ | ᠰᠣᠨᠣᠰᠬᠤ ᠭᠤᠶᠤᠴᠢᠯᠠᠯ ᠴᠤ ᠳᠤᠷᠠᠳᠤᠭᠰᠠᠨ ᠦᠭᠡᠢ᠃ | 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠣᠷᠴᠢᠨ ᠲᠤᠭᠤᠷᠢᠨ ᠤ ᠨᠥᠯᠥᠭᠡᠯᠡᠯ ᠢ ᠦᠨᠡᠯᠡᠬᠦ | ᠬᠠᠤᠯᠢ 》 ᠶᠢᠨ ᠭᠤᠴᠢᠨ ᠨᠢᠭᠡᠳᠦᠭᠡᠷ ᠵᠦᠶᠯ ᠤᠨ ᠨᠢᠭᠡᠳᠦᠭᠡᠷ ᠵᠦᠢᠯ ᠪᠣᠯᠬᠤ《 ᠪᠦᠲᠦᠭᠡᠨ ᠪᠠᠶᠢᠭᠤᠯᠬᠤ ᠨᠢᠭᠡᠴᠢ | ᠪᠦᠲᠦᠭᠡᠨ ᠪᠠᠶᠢᠭᠤᠯᠤᠯᠲᠠ ᠶᠢᠨ ᠵᠦᠶᠯᠡᠰ ᠤᠨ ᠣᠷᠴᠢᠨ ᠲᠤᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ | ᠪᠢᠴᠢᠭ᠂ ᠮᠡᠳᠡᠭᠦᠯᠦᠯᠲᠡ ᠶᠢᠨ ᠬᠦᠰᠦᠨᠦᠭᠲᠦ ᠶᠢ ᠬᠠᠤᠯᠢ ᠶᠣᠰᠣᠭᠠᠷ ᠮᠡᠳᠡᠭᠦᠯᠦᠨ ᠵᠥᠪᠰᠢᠶᠡᠷᠡᠭᠦᠯᠦᠭᠰᠡᠨ ᠦᠭᠡᠢ᠂ | ᠡᠰᠡᠬᠦᠯ᠎ᠡ ᠲᠤᠰ ᠬᠠᠤᠯᠢ ᠶᠢᠨ ᠬᠤᠷᠢᠨ ᠳᠥᠷᠪᠡᠳᠦᠭᠡᠷ ᠵᠦᠶᠯ ᠤᠨ ᠲᠣᠭᠲᠠᠭᠠᠯ ᠶᠣᠰᠣᠭᠠᠷ ᠣᠷᠴᠢᠨ ᠠᠬᠤᠢ ᠶᠢᠨ | ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ᠂ ᠮᠡᠳᠡᠭᠦᠯᠦᠯᠲᠡ ᠶᠢᠨ ᠬᠦᠰᠦᠨᠦᠭᠲᠦ ᠶᠢ ᠳᠠᠬᠢᠨ ᠮᠡᠳᠡᠭᠦᠯᠦᠨ | ᠵᠥᠪᠰᠢᠶᠡᠷᠡᠭᠦᠯᠦᠭᠰᠡᠨ ᠦᠭᠡᠢ ᠪᠤᠶᠤ ᠳᠠᠬᠢᠨ ᠬᠢᠨᠠᠭᠤᠯᠬᠤ ᠪᠠᠷ ᠮᠡᠳᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠲᠦᠭᠡᠨ | ᠪᠠᠶᠢᠭᠤᠯᠬᠤ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠭᠰᠡᠨ ᠦᠢᠯᠡ ᠶᠠᠪᠤᠳᠠᠯ ᠪᠠ ᠬᠤᠤᠷ ᠬᠥᠨᠥᠭᠡᠯ | ᠤᠨ ᠦᠷ᠎ᠡ ᠤᠷᠰᠢᠭ ᠢ ᠦᠨᠳᠦᠰᠦᠯᠡᠨ᠂ ᠪᠦᠲᠦᠭᠡᠨ ᠪᠠᠶᠢᠭᠤᠯᠤᠯᠲᠠ ᠶᠢᠨ ᠵᠦᠶᠯᠡᠰ ᠤᠨ ᠶᠡᠷᠦᠩᠬᠡᠶ ᠪᠡᠯᠡ | ᠣᠷᠣᠭᠤᠯᠤᠯᠲᠠ ᠶᠢᠨ ᠲᠤᠭ᠎ᠠ ᠶᠢᠨ1 % ᠳᠡᠭᠡᠭᠰᠢ 5 % ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠬᠡᠬᠦ ᠪᠥᠭᠡᠳ ᠵᠠᠷᠯᠢᠭᠳᠠᠵᠤ ᠪᠠᠶᠢᠭᠠᠳ ᠤᠭ ᠬᠡᠪ ᠢ ᠨᠢ ᠰᠡᠷᠭᠦᠭᠡᠵᠦ᠂ ᠪᠦᠲᠦᠭᠡᠨ ᠪᠠᠶᠢᠭᠤᠯᠬᠤ ᠨᠢᠭᠡᠴᠢ ᠶᠢᠨ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃︾ ᠭᠡᠬᠦ ᠲᠣᠭᠲᠠᠭᠠᠯ ᠢ | ᠦᠨᠳᠦᠰᠦᠯᠡᠵᠦ᠂ ᠲᠠᠨ ᠤ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠵᠦᠶᠯᠡᠰ ᠨᠢ ᠬᠦᠨᠳᠦ ᠨᠣᠴᠢᠲᠠᠶ | ᠤᠷᠰᠢᠭ ᠲᠠᠲᠠᠭᠰᠠᠨ ᠦᠭᠡᠢ ᠠᠴᠠ ᠪᠣᠯᠵᠤ᠂ ᠮᠠᠨ ᠤ ᠲᠣᠪᠴᠢᠶ᠎ᠠ ᠲᠠᠨ ᠤ ᠨᠢᠭᠡᠴᠢ ᠳᠤ ᠶᠡᠷᠦᠩᠬᠡᠶ ᠪᠡᠯᠡ | ᠣᠷᠣᠭᠤᠯᠤᠯᠲᠠ ᠶᠢᠨ ᠲᠣᠭᠠᠨ ᠤ 2 % ᠤᠨ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠪᠠ᠃ | ᠳᠠᠷᠤᠢ ᠠᠷᠠᠳ ᠤᠨ ᠵᠣᠭᠤᠰ ᠠᠷᠪᠠᠨ ᠬᠤᠶᠠᠷ ᠲᠦᠮᠡ ᠳᠤᠯᠤᠭᠠᠨ ᠮᠢᠩᠭ᠎ᠠ ᠨᠠᠢᠮᠠ ᠵᠠᠭᠤ ᠵᠢᠷᠠᠨ ᠲᠠᠪᠤᠨ | ᠲᠦᠭᠦᠷᠢᠭ ᠪᠦᠬᠦᠯᠢ ︵¥127,865.00 ᠲᠥᠭᠦᠷᠢᠭ︶ ᠢᠶᠠᠷ ᠲᠤᠷᠭᠠᠨ᠎ᠠ᠃ | | ᠲᠤᠰ ᠰᠢᠢᠳᠬᠡᠯ ᠢ ᠣᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠵᠢᠭᠠᠨ | ᠲᠣᠭᠲᠠᠭᠠᠭᠰᠠᠨ ᠪᠠᠩᠬᠢ ᠳᠤ ᠲᠤᠰᠢᠶᠠᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠲᠣᠷᠭᠠᠭᠤᠯᠢ ᠶᠢᠨ ᠵᠣᠭᠤᠰ ᠢ | ᠲᠤᠰᠢᠶᠠᠭᠰᠠᠨ ᠦᠭᠡᠢ ᠪᠠᠶᠢᠪᠠᠯ᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠰᠢᠢᠳᠬᠡᠯ ᠤᠨ ᠬᠠᠤᠯᠢ 》 ᠶᠢᠨ ᠲᠠᠪᠢᠨ ᠨᠢᠭᠡᠳᠦᠭᠡᠷ ᠵᠦᠢᠯ ᠤᠨ ( ᠨᠢᠭᠡ ) ᠳ᠋ᠦ᠋ᠭᠡᠷ ᠵᠤᠷᠪᠤᠰ ᠤᠨ ᠲᠣᠭᠲᠠᠭᠠᠯ ᠢ | ᠦᠨᠳᠦᠰᠦᠯᠡᠨ᠂ ᠡᠳᠦᠷ ᠪᠦᠷᠢ ᠲᠣᠷᠭᠠᠭᠤᠯᠢ ᠶᠢᠨ ᠵᠣᠭᠤᠰ ᠤᠨ ᠲᠣᠭᠠᠨ ᠤ ᠵᠠᠭᠤᠨ ᠤ ᠭᠤᠷᠪᠠ ᠪᠠᠷ ᠲᠣᠷᠭᠠᠬᠤ | ᠪᠠᠷ ᠨᠡᠮᠡᠵᠦ ᠰᠢᠢᠳᠬᠡᠨ᠎ᠡ᠃ | ᠵᠣᠭᠤᠰ ᠬᠤᠷᠢᠶᠠᠬᠤ ᠪᠠᠩᠬᠢ᠄ ᠳᠤᠮᠳᠠᠳᠤ ᠤᠯᠤᠰ ᠤᠨ ᠪᠠᠩᠬᠢ ᠶᠢᠨ ᠶᠤᠸᠠᠨ ᠪᠤᠤ ᠱᠠᠨ ᠲᠣᠭᠤᠷᠢᠭ ᠤᠨ | ᠰᠠᠯᠪᠤᠷᠢ ᠪᠠᠩᠬᠢ | ᠡᠷᠦᠬᠡ ᠶᠢᠨ ᠨᠡᠷ᠎ᠡ᠄ ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠣᠷᠴᠢᠨ ᠲᠣᠭᠤᠷᠢᠨ | ᠤ ᠬᠠᠮᠠᠭᠠᠯᠠᠯᠲᠠ ᠶᠢᠨ ᠲᠣᠪᠴᠢᠶ᠎ᠠ | ᠳᠠᠩᠰᠠᠨ ᠨᠣᠮᠧᠷ᠄ 150800911581 | ᠲᠠᠨ ᠤ ᠨᠢᠭᠡᠴᠢ ᠬᠡᠷᠪᠡ ᠲᠤᠰ ᠰᠢᠢᠳᠬᠡᠯ ᠤᠨ ᠲᠣᠭᠲᠠᠭᠠᠯ ᠢ ᠵᠥᠪᠰᠢᠶᠡᠷᠡᠬᠦ ᠥᠬᠡᠶ ᠪᠣᠯ᠂ ᠲᠤᠰ | ᠰᠢᠢᠳᠬᠡᠯ ᠤᠨ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ | ᠶᠤᠸᠠᠨ ᠪᠤᠤ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠤᠯᠠᠭᠠᠨᠬᠠᠳᠠ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ | ᠪᠣᠯᠤᠨ᠎ᠠ᠂ ᠪᠠᠰᠠᠵᠢᠷᠭᠤᠭᠠᠨ ᠰᠠᠷ᠎ᠠ ᠶᠢᠨ ᠳᠣᠲᠣᠷ᠎ᠠ ᠶᠤᠸᠠᠨ ᠪᠤᠤ ᠱᠠᠨ ᠲᠣᠭᠤᠷᠢᠭ ᠤᠨ ᠠᠷᠠᠳ ᠤᠨ ᠰᠢᠭᠦᠬᠦ | ᠬᠤᠷᠢᠶ᠎ᠠ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠬᠤ ᠳᠤ ᠵᠠᠰᠠᠭ ᠵᠠᠬᠢᠷᠭᠠᠨ ᠤ ᠰᠢᠢᠳᠬᠡᠯ ᠤᠨ | ᠲᠣᠭᠲᠠᠭᠠᠯ ᠢ ᠬᠡᠷᠡᠭᠵᠢᠭᠦᠯᠬᠦ ᠶᠢ ᠵᠣᠭᠰᠣᠭᠠᠬᠤ ᠦᠭᠡᠢ᠃ | ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭᠠᠨ ᠤ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠭᠰᠠᠨ ᠦᠭᠡᠢ᠂ | ᠵᠠᠰᠠᠭ ᠵᠠᠬᠢᠷᠭᠠᠨ ᠤ ᠵᠠᠭᠠᠯᠳᠤᠯᠭ᠎ᠠ ᠬᠢᠭᠰᠡᠨ ᠦᠭᠡᠢ ᠪᠥᠭᠡᠳ ᠲᠤᠰ ᠰᠢᠢᠳᠬᠡᠯ ᠤᠨ ᠲᠣᠭᠲᠠᠭᠠᠯ ᠢ ᠴᠤ | ᠭᠦᠢᠴᠡᠳᠬᠡᠭᠰᠡᠨ ᠦᠭᠡᠢ ᠪᠠᠶᠢᠪᠠᠯᠯ᠂ ᠮᠠᠨ ᠤ ᠲᠣᠪᠴᠢᠶ᠎ᠠ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ | ᠭᠤᠶᠤᠴᠢᠯᠠᠯ ᠭᠠᠷᠭᠠᠵᠤ ᠠᠯᠪᠠᠳᠠᠨ ᠭᠦᠢᠴᠡᠳᠬᠡᠭᠦᠯᠦᠨ᠎ᠡ᠃ | | ᠤᠯᠠᠭᠠᠨᠬᠠᠳᠠ ᠬᠤᠲᠠ ᠶᠢᠨ ᠶᠤᠸᠠᠨ ᠪᠤᠣ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠲᠣᠪᠴᠢᠶ᠎ᠠ | 2019 ᠣᠨ 6 ᠳ᠋ᠤᠭᠠᠷ ᠰᠠᠷ᠎ᠠ 27 ᠤ ᠡᠳᠦᠷ | | |